ᠡᠨᠡ ᠵᠢᠯ ᠪᠦᠬᠦ ᠬᠤᠲᠠ ᠶᠢᠨ ᠡᠯ᠎ᠡ ᠱᠠᠲᠤᠨ ᠤ ᠭᠤᠣᠯ ᠮᠥᠷᠡᠨ ᠨᠠᠭᠤᠷ ᠴᠥᠭᠦᠷᠥᠮ ᠤᠨ ᠳᠠᠷᠤᠭ᠎ᠠ ᠨᠡᠶᠢᠲᠡ 3.83 ᠲᠦᠮᠡᠨ ᠬᠥᠮᠥᠨ ᠤᠳᠠᠭ᠎ᠠ ᠲᠣᠭᠤᠷᠢᠨ ᠴᠠᠭᠳᠠᠪᠠ
ᠨᠡᠶᠢᠲᠡᠯᠡᠭᠰᠡᠨ ᠴᠠᠭ᠄
2024/12/5
     ︵ᠰᠤᠷᠪᠤᠯᠵᠢᠯᠠᠭᠴᠢ ᠰᠦᠩ ᠰᠢᠶᠠᠩ ᠬᠤᠸᠠ︶ ᠡᠨᠡ ᠵᠢᠯ ᠠᠴᠠ ᠨᠠᠭᠠᠰᠢ᠂ ᠬᠥᠬᠡᠬᠤᠲᠠ ᠭᠤᠣᠯ ᠮᠥᠷᠡᠨ ᠨᠠᠭᠤᠷ ᠴᠥᠭᠦᠷᠥᠮ ᠤᠨ ᠳᠠᠷᠤᠭ᠎ᠠ ᠶᠢᠨ ᠳᠦᠷᠢᠮ ᠤᠨ ᠠᠵᠢᠯ ᠢ ᠦᠷᠭᠦᠯᠵᠢᠯᠡᠨ ᠴᠢᠩᠭᠠᠳᠬᠠᠵᠤ᠂ ᠤᠰᠤᠨ ᠤ ᠡᠬᠢ ᠪᠠᠶᠠᠯᠢᠭ᠂ ᠤᠰᠤᠨ ᠤ ᠣᠷᠴᠢᠨ ᠲᠣᠭᠤᠷᠢᠨ᠂ ᠤᠰᠤᠨ ᠤ ᠠᠮᠢ ᠠᠬᠤᠢ ᠶᠢ ᠨᠢᠭᠡᠳᠦᠯᠲᠡᠢ ᠲᠥᠯᠥᠪᠯᠡᠵᠦ᠂ ᠠᠭᠤᠯᠠ ᠤᠰᠤ ᠣᠢ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ ᠶᠢ ᠨᠢᠭᠡ ᠴᠣᠭᠴᠠᠵᠢᠭᠤᠯᠤᠨ ᠬᠠᠮᠠᠭᠠᠯᠠᠬᠤ ᠪᠠ ᠰᠢᠰᠲ᠋ᠧᠮ ᠲᠠᠢ ᠵᠠᠰᠠᠬᠤ ᠶᠢ ᠪᠠᠷᠢᠮᠲᠠᠯᠠᠵᠤ᠂ ᠠᠷᠠᠳ ᠲᠦᠮᠡᠨ ᠳᠤ ᠪᠤᠶᠠᠨ ᠦᠢᠯᠡᠳᠬᠦ ᠪᠠᠷ ᠴᠢᠷᠮᠠᠶᠢᠨ ᠪᠦᠲᠦᠭᠡᠨ ᠪᠠᠶᠢᠭᠤᠯᠵᠤ᠂ ᠣᠳᠣ ᠪᠣᠯᠲᠠᠯ᠎ᠠ ᠪᠦᠬᠦ ᠬᠤᠲᠠ ᠶᠢᠨ ᠡᠯ᠎ᠡ ᠱᠠᠲᠤᠨ ᠤ  ᠭᠤᠣᠯ ᠮᠥᠷᠡᠨ ᠨᠠᠭᠤᠷ  ᠴᠥᠭᠦᠷᠥᠮ ᠤᠨ ᠳᠠᠷᠤᠭ᠎ᠠ ᠨᠡᠶᠢᠲᠡ 3.83 ᠲᠦᠮᠡᠨ  ᠬᠥᠮᠥᠨ ᠤᠳᠠᠭ᠎ᠠ ᠲᠣᠭᠤᠷᠢᠨ ᠴᠠᠭᠳᠠᠵᠤ᠂ ᠨᠡᠶᠢᠲᠡ 7.15  ᠲᠦᠮᠡᠨ ᠺᠢᠯᠣᠮᠧᠲᠷ  ᠠᠶᠠᠯᠠᠪᠠ᠃           ᠭᠤᠣᠯ ᠮᠥᠷᠡᠨ ᠨᠠᠭᠤᠷ ᠴᠥᠭᠦᠷᠥᠮ ᠤᠨ ᠳᠠᠷᠤᠭ᠎ᠠ ᠶᠢᠨ ᠳᠦᠷᠢᠮ ᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠭᠤᠣᠯ ᠮᠥᠷᠡᠨ ᠨᠠᠭᠤᠷ ᠴᠥᠭᠦᠷᠥᠮ ᠤᠨ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠬᠤ ᠶᠢᠨ ᠲᠥᠯᠥᠭᠡ᠂ ᠡᠨᠡ ᠵᠢᠯ᠂ ᠬᠤᠲᠠ᠂ ᠰᠢᠶᠠᠨ ᠬᠤᠶᠠᠷ ᠱᠠᠲᠤᠨ ᠤ ᠬᠢᠨ ᠶᠡᠷᠦᠩᠬᠡᠢ ᠭᠤᠣᠯ ᠮᠥᠷᠡᠨ ᠨᠠᠭᠤᠷ ᠴᠥᠭᠦᠷᠥᠮ ᠤᠨ ᠳᠠᠷᠤᠭ᠎ᠠ ᠶᠢᠨ ᠬᠤᠷᠠᠯ᠂ ᠭᠤᠣᠯ ᠮᠥᠷᠡᠨ ᠨᠠᠭᠤᠷ ᠴᠥᠭᠦᠷᠥᠮ ᠤᠨ ᠳᠠᠷᠤᠭ᠎ᠠ ᠶᠢᠨ ᠳᠦᠷᠢᠮ ᠤᠨ ᠲᠤᠰᠬᠠᠢ ᠰᠡᠳᠦᠪᠲᠦ ᠬᠤᠷᠠᠯ ᠢ ᠤᠯᠠᠨ ᠤᠳᠠᠭ᠎ᠠ ᠬᠤᠷᠠᠯᠳᠤᠭᠤᠯᠵᠤ᠂ ᠭᠤᠣᠯ ᠮᠥᠷᠡᠨ ᠨᠠᠭᠤᠷ ᠴᠥᠭᠦᠷᠥᠮ ᠤᠨ ᠳᠠᠷᠤᠭ᠎ᠠ ᠶᠢᠨ ᠳᠦᠷᠢᠮ ᠤᠨ ᠬᠠᠮᠢᠶ᠎ᠠ ᠪᠦᠬᠦᠢ ᠠᠵᠢᠯ ᠢ ᠨᠢᠭᠡᠳᠦᠯᠲᠡᠢ ᠲᠥᠯᠥᠪᠵᠢᠭᠦᠯᠦᠨ ᠪᠠᠶᠢᠷᠢᠯᠠᠭᠤᠯᠵᠤ᠂ ᠰᠢᠶᠠᠩ᠂ ᠲᠣᠰᠬᠤᠨ ᠤ ᠱᠠᠲᠤᠨ ᠤ ᠭᠤᠣᠯ ᠮᠥᠷᠡᠨ ᠨᠠᠭᠤᠷ ᠴᠥᠭᠦᠷᠥᠮ ᠤᠨ ᠳᠠᠷᠤᠭ᠎ᠠ ᠶᠢᠨ ᠴᠠᠭᠳᠠᠬᠤ ᠤᠳᠠᠭ᠎ᠠ ᠶᠢ ᠰᠢᠯᠢᠳᠡᠭᠵᠢᠭᠦᠯᠦᠨ ᠲᠣᠬᠢᠷᠠᠭᠤᠯᠪᠠ᠃ ᠡᠨᠡ ᠬᠤᠭᠤᠴᠠᠭᠠᠨ ᠳᠤ᠂ ᠬᠥᠬᠡᠬᠤᠲᠠ ᠬᠢᠭᠡᠳ ᠱᠥᠸᠧ ᠵᠧᠦ ᠬᠤᠳᠠ᠂ ᠰᠢᠨᠵᠸᠦ ᠬᠤᠳᠠ ᠶᠢᠨ ᠭᠤᠣᠯ ᠮᠥᠷᠡᠨ ᠤ ᠳᠠᠷᠤᠭ᠎ᠠ ᠶᠢᠨ ᠠᠯᠪᠠᠨ ᠭᠡᠷ ᠯᠤᠭ᠎ᠠ ᠲᠤᠰ ᠲᠤᠰ ᠤᠯᠠᠭᠠᠨᠮᠥ᠋ᠷᠡᠨ᠂ ᠬᠠᠳᠤᠨ ᠭᠤᠣᠯ ᠵᠡᠷᠭᠡ ᠮᠤᠵᠢ ᠠᠯᠤᠰᠯᠠᠭᠰᠠᠨ ᠭᠤᠣᠯ ᠮᠥᠷᠡᠨ ᠨᠠᠭᠤᠷ ᠴᠥᠭᠦᠷᠥᠮ ᠢ ᠬᠤᠯᠪᠤᠭᠠᠯᠠᠨ ᠰᠡᠷᠭᠡᠶᠢᠯᠡᠵᠦ ᠡᠵᠡᠮᠳᠡᠨ ᠵᠠᠰᠠᠬᠤ ᠲᠣᠭᠲᠠᠴᠠ ᠶᠢ ᠪᠠᠶᠢᠭᠤᠯᠵᠤ᠂ ᠪᠤᠭᠤᠲᠤ ᠶᠢᠨ ᠬᠤᠳᠠ ᠰᠢᠶᠠᠨ ᠬᠤᠶᠠᠷ ᠱᠠᠲᠤᠨ ᠤ ᠭᠤᠣᠯ ᠮᠥᠷᠡᠨ ᠤ ᠳᠠᠷᠤᠭ᠎ᠠ ᠶᠢᠨ ᠠᠯᠪᠠᠨ ᠭᠡᠷ᠂ ᠪᠠᠶᠢᠴᠠᠭᠠᠬᠤ ᠬᠤᠷᠢᠶ᠎ᠠ ᠯᠤᠭ᠎ᠠ ᠬᠠᠳᠤᠨ ᠭᠤᠣᠯ ᠤᠨ ᠣᠷᠣᠨ ᠪᠦᠰᠡ ᠠᠯᠤᠰᠯᠠᠨ ᠬᠤᠯᠪᠤᠭᠠᠯᠠᠨ ᠰᠡᠷᠭᠡᠶᠢᠯᠡᠵᠦ ᠡᠵᠡᠮᠳᠡᠨ ᠪᠠᠶᠢᠴᠠᠭᠠᠬᠤ ᠠᠵᠢᠯᠯᠠᠭ᠎ᠠ ᠥᠷᠨᠢᠭᠦᠯᠪᠡ᠃ ︽ᠭᠤᠣᠯ ᠮᠥᠷᠡᠨ ᠨᠠᠭᠤᠷ ᠴᠥᠭᠦᠷᠥᠮ ᠤᠨ ᠳᠠᠷᠤᠭ᠎ᠠ+ᠪᠠᠶᠢᠴᠠᠭᠠᠬᠤ ᠳᠠᠷᠤᠭ᠎ᠠ+ ᠴᠠᠭᠳᠠᠭᠠᠨ ᠳᠠᠷᠤᠭ᠎ᠠ︾ ᠶᠢᠨ ᠲᠣᠭᠲᠠᠴᠠ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠬᠥᠬᠡᠬᠤᠲᠠ ᠶᠢᠨ ᠭᠤᠣᠯ ᠮᠥᠷᠡᠨ ᠤ ᠳᠠᠷᠤᠭ᠎ᠠ ᠶᠢᠨ ᠠᠯᠪᠠᠨ ᠭᠡᠷ᠂ ᠪᠠᠶᠢᠴᠠᠭᠠᠬᠤ ᠬᠤᠷᠢᠶ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠬᠠᠮᠲᠤ ᠪᠠᠷ ᠭᠤᠣᠯ ᠮᠥᠷᠡᠨ ᠨᠠᠭᠤᠷ ᠴᠥᠭᠦᠷᠥᠮ ᠢ ᠬᠠᠮᠢᠶᠠᠷᠤᠨ ᠬᠠᠮᠠᠭᠠᠯᠠᠵᠤ᠂  ︽ᠬᠠᠪᠤᠷ ᠤᠨ ᠤᠯᠠᠷᠢᠯ︾᠂ ︽ᠨᠠᠮᠤᠷ ᠤᠨ ᠤᠯᠠᠷᠢᠯ︾᠂ ᠬᠠᠤᠯᠢ ᠪᠤᠰᠤ ᠪᠠᠷ ᠡᠯᠡᠰᠦ ᠮᠠᠯᠲᠠᠬᠤ ᠶᠢ ᠲᠤᠰᠬᠠᠢ ᠴᠡᠭᠴᠡᠯᠡᠨ ᠵᠠᠰᠠᠬᠤ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠭᠤᠣᠯ ᠮᠥᠷᠡᠨ ᠢ ᠲᠣᠭᠤᠷᠢᠨ ᠪᠠᠶᠢᠴᠠᠭᠠᠵᠤ ᠭᠤᠣᠯ ᠮᠥᠷᠡᠨ ᠢ ᠬᠠᠮᠠᠭᠠᠯᠠᠬᠤ ᠠᠵᠢᠯᠯᠠᠭ᠎ᠠ ᠶᠢ ᠬᠠᠮᠲᠤᠷᠠᠨ ᠥᠷᠨᠢᠭᠦᠯᠵᠦ᠂ ᠬᠠᠮᠲᠤ ᠪᠠᠷ ᠵᠠᠰᠠᠵᠤ ᠬᠠᠮᠲᠤ ᠪᠠᠷ ᠪᠠᠶᠢᠭᠤᠯᠬᠤ ᠪᠠᠷ ᠳᠠᠮᠵᠢᠭᠤᠯᠤᠨ᠂ ᠭᠤᠣᠯ ᠮᠥᠷᠡᠨ ᠨᠠᠭᠤᠷ ᠴᠥᠭᠦᠷᠥᠮ ᠢ ᠬᠠᠮᠢᠶᠠᠷᠤᠨ ᠬᠠᠮᠠᠭᠠᠯᠠᠬᠤ ᠬᠠᠤᠯᠢ ᠴᠠᠭᠠᠵᠠ ᠶᠢᠨ ᠬᠢᠨᠠᠯᠲᠠ ᠶᠢ ᠴᠢᠩᠭᠠᠳᠬᠠᠪᠠ᠃ ᠨᠢᠭᠡ ᠵᠢᠯ ᠤᠨ ᠲᠤᠷᠰᠢ᠂ ᠪᠥᠬᠦ ᠬᠤᠲᠠ ᠭᠤᠣᠯ ᠮᠥᠷᠡᠨ ᠨᠠᠭᠤᠷ ᠴᠥᠭᠦᠷᠥᠮ ᠢ ᠬᠠᠮᠠᠭᠠᠯᠠᠬᠤ ᠳᠠᠷᠤᠭ᠎ᠠ ᠶᠢᠨ ᠢᠯᠡ ᠨᠡᠶᠢᠲᠡᠯᠡᠬᠦ ᠫᠠᠶᠢᠰᠠ ᠨᠡᠶᠢᠲᠡ 290 ᠰᠣᠯᠢᠵᠤ᠂ 245 ᠭᠤᠣᠯ ᠤᠨ ᠵᠠᠮ ᠤᠨ ᠰᠡᠷᠡᠮᠵᠢ ᠶᠢᠨ ᠫᠠᠶᠢᠰᠠ ᠶᠢ ᠨᠡᠮᠡᠨ ᠪᠠᠶᠢᠭᠤᠯᠵᠤ᠂ ᠴᠢᠬᠤᠯᠠ ᠭᠤᠣᠯ ᠮᠥᠷᠡᠨ ᠤ ᠬᠡᠰᠡᠭ ᠲᠤ ᠭᠤᠣᠯ ᠮᠥᠷᠡᠨ ᠢ ᠴᠠᠭᠳᠠᠨ ᠪᠠᠶᠢᠴᠠᠭᠠᠬᠤ 395 ᠴᠡᠪᠡᠷᠯᠡᠭᠴᠢ ᠲᠣᠬᠢᠷᠠᠭᠤᠯᠵᠤ᠂ ᠭᠤᠣᠯ ᠮᠥᠷᠡᠨ ᠨᠠᠭᠤᠷ ᠴᠥᠭᠦᠷᠥᠮ ᠢ ᠬᠠᠮᠢᠶᠠᠷᠤᠨ ᠬᠠᠮᠠᠭᠠᠯᠠᠬᠤ ︽ᠡᠴᠦᠰ ᠤᠨ ᠨᠢᠭᠡ ᠺᠢᠯᠣᠮᠧᠲᠷ︾ ᠢ ᠲᠠᠰᠤᠷᠠᠯᠲᠠ ᠦᠭᠡᠢ ᠴᠢᠩᠭᠠᠳᠬᠠᠪᠠ᠃
 
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000611号-1号