ᠬᠤᠲᠣᠩ ᠠᠷᠠᠳ ᠶᠢᠨ ᠲᠣᠭᠤᠷᠢᠭ ᠤᠨ ᠪᠠᠶᠢᠭᠤᠯᠭ᠎ᠠ ᠶᠢᠨ ᠶᠠᠪᠤᠳᠠᠯ ᠤᠨ ᠦᠢᠯᠡᠴᠢᠯᠡᠭᠡᠨ ᠤ ᠲᠥᠪ ᠤᠨ ᠨᠠᠮ ᠤᠨ ᠡᠭᠦᠷ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠬᠤ ᠨᠠᠮ ᠤᠨ ᠬᠢᠴᠢᠶᠡᠯ ᠥᠷᠨᠢᠭᠦᠯᠪᠡ
ᠨᠡᠶᠢᠲᠡᠯᠡᠭᠰᠡᠨ ᠴᠠᠭ᠄
2024/12/9
    ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠬᠤ ᠶᠢᠨ ᠲᠥᠯᠥᠭᠡ᠂ ᠬᠤᠲᠣᠩ ᠠᠷᠠᠳ ᠤᠨ ᠲᠣᠭᠤᠷᠢᠭ ᠤᠨ ᠪᠠᠶᠢᠭᠤᠯᠭ᠎ᠠ ᠶᠢᠨ ᠶᠠᠪᠤᠳᠠᠯ ᠤᠨ ᠦᠢᠯᠡᠴᠢᠯᠡᠭᠡᠨ ᠤ ᠲᠥᠪ ᠤᠨ ᠨᠠᠮ ᠤᠨ ᠡᠭᠦᠷ 12 ᠰᠠᠷ᠎ᠠ ᠶᠢᠨ 6 ᠤ ᠡᠳᠦᠷ 2 ᠳ᠋ᠤᠭᠠᠷ ᠠᠰᠠᠷ ᠤᠨ 323 ᠬᠤᠷᠠᠯ ᠤᠨ ᠭᠡᠷ ᠲᠤ ᠨᠠᠮ ᠤᠨ ᠬᠢᠴᠢᠶᠡᠯ ᠢ ᠰᠤᠷᠤᠯᠴᠠᠬᠤ ᠠᠵᠢᠯᠯᠠᠭ᠎ᠠ ᠶᠢ ᠵᠣᠬᠢᠶᠠᠨ ᠪᠠᠶᠢᠭᠤᠯᠵᠤ ᠥᠷᠨᠢᠭᠦᠯᠪᠡ᠃ ᠨᠠᠮ ᠤᠨ ᠡᠭᠦᠷ ᠤᠨ ᠱᠦᠵᠢ ᠴᠠᠢ ᠯᠦ ᠶᠦᠩ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠬᠦᠳᠡ ᠬᠤᠷᠠᠯ ᠤᠨ ᠴᠢᠬᠤᠯᠠ ᠶᠡᠭᠡ ᠠᠴᠢ ᠬᠤᠯᠪᠣᠭᠳᠠᠯ ᠢ ᠭᠦᠨᠵᠡᠭᠡᠢ ᠲᠣᠳᠣᠷᠬᠠᠶᠢᠯᠠᠨ ᠥᠭᠦᠯᠡᠵᠦ᠂ ᠲᠡᠭᠦᠨ ᠢ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ ᠶᠢ ᠪᠦᠬᠦ ᠲᠠᠯ᠎ᠠ ᠪᠠᠷ ᠠᠬᠢᠭᠤᠯᠬᠤ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠦᠢᠯᠡᠰ ᠢ ᠪᠦᠬᠦ ᠲᠠᠯ᠎ᠠ ᠪᠠᠷ ᠠᠬᠢᠭᠤᠯᠬᠤ ᠵᠠᠩᠭᠢᠯᠠᠭ᠎ᠠ ᠶᠢᠨ ᠬᠤᠭᠤᠴᠠᠭᠠᠨ ᠳᠤ ᠬᠤᠷᠠᠯᠳᠤᠭᠤᠯᠤᠭᠰᠠᠨ ᠨᠢᠭᠡ ᠤᠳᠠᠭ᠎ᠠ ᠶᠢᠨ ᠲᠤᠶᠢᠯ ᠤᠨ ᠴᠢᠬᠤᠯᠠ ᠬᠤᠷᠠᠯ ᠪᠣᠯᠣᠨ᠎ᠠ᠂ ᠣᠳᠣᠬᠠᠨ ᠤ ᠪᠠ ᠬᠤᠶᠢᠰᠢᠳᠠ ᠶᠢᠨ ᠠᠵᠢᠯ ᠳᠤ ᠴᠢᠭᠯᠡᠯ ᠢ ᠲᠣᠳᠣᠷᠬᠠᠢ ᠵᠢᠭᠠᠵᠤ ᠥᠭᠭᠦᠭᠰᠡᠨ ᠪᠠᠶᠢᠨ᠎ᠠ ᠭᠡᠵᠡᠢ᠃
    ᠨᠠᠮ ᠤᠨ ᠬᠢᠴᠢᠶᠡᠯ ᠳᠤ᠂ ᠪᠥᠬᠦᠳᠡ ᠬᠤᠷᠠᠯ ᠠᠴᠠ ᠬᠢᠨᠠᠨ ᠵᠥᠪᠯᠡᠵᠦ ᠪᠠᠲᠤᠯᠠᠭᠰᠠᠨ ︽ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠬᠦ ᠲᠠᠯ᠎ᠠ ᠪᠠᠷ ᠭᠦᠨᠵᠡᠭᠡᠶᠢᠷᠡᠭᠦᠯᠬᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠲᠤᠬᠠᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠲᠣᠭᠲᠠᠭᠠᠯ︾ ᠳᠤ ᠨᠠᠷᠢᠨ ᠲᠠᠶᠢᠯᠤᠮᠵᠢ ᠬᠢᠵᠦ᠂ ᠪᠦᠬᠦ ᠨᠠᠮ ᠤᠨ ᠭᠡᠰᠢᠭᠦᠳ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠭᠤᠣᠯ ᠰᠡᠳᠦᠪ᠂ ᠵᠢᠯᠤᠭᠤᠳᠬᠤ ᠦᠵᠡᠯ ᠰᠠᠨᠠᠭ᠎ᠠ᠂ ᠬᠠᠷᠠᠯᠲᠠ ᠡᠭᠦᠷᠭᠡ ᠵᠡᠷᠭᠡ ᠠᠭᠤᠯᠭ᠎ᠠ ᠶᠢ ᠭᠦᠨᠵᠡᠭᠡᠢ ᠣᠶᠢᠯᠠᠭᠠᠵᠤ᠂ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠳᠡᠭᠡᠷ᠎ᠡ ᠦᠨᠡᠨ ᠬᠦ ᠨᠢᠭᠡᠳᠬᠡᠬᠦ ᠬᠡᠷᠡᠭᠲᠡᠢ ᠭᠡᠵᠦ ᠱᠠᠭᠠᠷᠳᠠᠪᠠ᠃     ᠨᠠᠮ ᠤᠨ ᠡᠭᠦᠷ ᠤᠨ ᠱᠦᠵᠢ᠂ ᠪᠠᠶᠢᠭᠤᠯᠭ᠎ᠠ ᠶᠢᠨ ᠶᠠᠪᠤᠳᠠᠯ ᠤᠨ ᠦᠢᠯᠡᠴᠢᠯᠡᠭᠡᠨ ᠤ ᠲᠥᠪ ᠤᠨ ᠨᠠᠮ ᠤᠨ ᠭᠡᠰᠢᠭᠦᠨ ᠺᠠᠳ᠋ᠷ ᠪᠣᠯᠤᠭᠰᠠᠨ ᠤ ᠬᠤᠪᠢ ᠳᠤ᠂ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠶᠢ ᠪᠣᠳᠠᠲᠠᠢ ᠠᠵᠢᠯ ᠲᠠᠢ ᠨᠢᠭᠲᠠ ᠤᠶᠠᠯᠳᠤᠭᠤᠯᠬᠤ ᠬᠡᠷᠡᠭᠲᠡᠢ᠃ ᠦᠢᠯᠡᠴᠢᠯᠡᠭᠡᠨ ᠤ ᠪᠠᠲᠤᠯᠠᠭ᠎ᠠ ᠶᠢᠨ ᠠᠵᠢᠯ ᠤᠨ ᠳᠤᠮᠳᠠ᠂ ᠲᠥᠪ ᠶᠣᠰᠣ ᠶᠢ ᠰᠠᠬᠢᠵᠤ ᠰᠢᠨ᠎ᠡ ᠶᠢ ᠡᠭᠦᠳᠬᠦ᠂ ᠪᠦᠬᠦ ᠲᠠᠯ᠎ᠠ ᠪᠠᠷ ᠴᠢᠩᠭ᠎ᠠ ᠠᠵᠢᠯᠯᠠᠬᠤ ᠣᠪᠣᠷ ᠢ ᠪᠠᠷᠢᠮᠲᠠᠯᠠᠵᠤ᠂ ᠳᠡᠭᠡᠳᠦ ᠬᠡᠮᠵᠢᠶᠡᠨ ᠤ ᠬᠠᠷᠢᠭᠤᠴᠠᠯᠭᠠᠲᠤ ᠰᠡᠳᠬᠢᠯᠭᠡ ᠪᠠ ᠡᠭᠦᠷᠭᠡᠲᠦ ᠰᠡᠳᠬᠢᠯᠭᠡ ᠪᠠᠷ ᠪᠠᠶᠢᠭᠤᠯᠭ᠎ᠠ ᠶᠢᠨ ᠡᠯ᠎ᠡ ᠵᠦᠢᠯ ᠤᠨ ᠠᠷᠤ ᠲᠠᠯ᠎ᠠ ᠶᠢᠨ ᠦᠢᠯᠡᠴᠢᠯᠡᠭᠡᠨ ᠤ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠪᠠᠶᠢᠭᠤᠯᠭ᠎ᠠ ᠶᠢᠨ ᠥᠨᠳᠥᠷ ᠪᠦᠲᠦᠮᠵᠢᠲᠡᠢ ᠠᠵᠢᠯᠯᠠᠭᠠᠨ ᠳᠤ ᠬᠦᠴᠦᠲᠡᠢ ᠳᠡᠮᠵᠢᠯᠭᠡ ᠬᠠᠩᠭᠠᠬᠤ ᠬᠡᠷᠡᠭᠲᠡᠢ︔ ᠲᠤᠰ ᠪᠡᠶ᠎ᠡ ᠶᠢᠨ ᠪᠠᠶᠢᠭᠤᠯᠤᠯᠲᠠ ᠶᠢᠨ ᠲᠠᠯ᠎ᠠ ᠪᠠᠷ᠂ ᠤᠯᠤᠰ ᠲᠦᠷᠦ ᠶᠢᠨ ᠬᠡᠪ ᠪᠣᠯᠪᠠᠰᠤᠷᠠᠯ ᠪᠠ ᠲᠤᠬᠠᠶᠢᠯᠠᠭᠰᠠᠨ ᠠᠵᠢᠯ ᠤᠨ ᠴᠢᠳᠠᠪᠤᠷᠢ ᠪᠠᠨ ᠲᠠᠰᠤᠷᠠᠯᠲᠠ ᠦᠭᠡᠢ ᠳᠡᠭᠡᠭᠰᠢᠯᠡᠭᠦᠯᠵᠦ᠂ ᠴᠢᠳᠠᠪᠤᠷᠢ ᠶᠢᠨ ᠭᠡᠯᠮᠡᠭᠳᠡᠯ ᠢ ᠢᠯᠠᠨ ᠳᠠᠪᠠᠵᠤ᠂ ᠰᠤᠷᠴᠤ ᠬᠡᠷᠡᠭᠯᠡᠬᠦ ᠶᠢ ᠤᠶᠠᠯᠳᠤᠭᠤᠯᠬᠤ ᠶᠢ ᠪᠠᠷᠢᠮᠲᠠᠯᠠᠨ᠂ ᠴᠠᠭᠠᠷᠠᠭᠰᠠᠨ ᠴᠢᠳᠠᠪᠤᠷᠢ ᠪᠠᠨ ᠴᠢᠷᠮᠠᠶᠢᠨ ᠪᠣᠯᠪᠠᠰᠤᠷᠠᠭᠤᠯᠵᠤ᠂ ᠰᠢᠨ᠎ᠡ ᠴᠠᠭ ᠦᠶ᠎ᠡ ᠶᠢᠨ ᠪᠠᠶᠢᠭᠤᠯᠭ᠎ᠠ ᠶᠢᠨ ᠶᠠᠪᠤᠳᠠᠯ ᠤᠨ ᠠᠵᠢᠯ ᠤᠨ ᠬᠥᠭᠵᠢᠯᠲᠡ ᠶᠢᠨ ᠱᠠᠭᠠᠷᠳᠠᠯᠭ᠎ᠠ ᠳᠤ ᠨᠠᠩ ᠰᠠᠶᠢᠲᠤᠷ ᠵᠣᠬᠢᠴᠠᠭᠤᠯᠬᠤ ᠬᠡᠷᠡᠭᠲᠡᠢ᠃     ᠡᠨᠡ ᠤᠳᠠᠭ᠎ᠠ ᠶᠢᠨ ᠨᠠᠮ ᠤᠨ ᠬᠢᠴᠢᠶᠡᠯ ᠤᠨ ᠰᠤᠷᠤᠯᠴᠠᠯᠭ᠎ᠠ ᠪᠠᠷ ᠲᠠᠮᠵᠢᠨ᠂ ᠬᠤᠲᠣᠩ ᠠᠷᠠᠳ ᠤᠨ ᠲᠣᠭᠤᠷᠢᠭ ᠤᠨ ᠪᠠᠶᠢᠭᠤᠯᠭ᠎ᠠ ᠶᠢᠨ ᠶᠠᠪᠤᠳᠠᠯ ᠤᠨ ᠦᠢᠯᠡᠴᠢᠯᠡᠭᠡᠨ ᠤ ᠲᠥᠪ ᠤᠨ ᠨᠠᠮ ᠤᠨ ᠡᠭᠦᠷ ᠤᠨ ᠭᠡᠰᠢᠭᠦᠳ ᠶᠡᠬᠡᠳᠡ ᠵᠣᠷᠢᠭᠵᠢᠵᠤ᠂ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠲᠤᠬᠠᠶᠢᠯᠠᠭᠰᠠᠨ ᠠᠵᠢᠯ ᠤᠨ ᠪᠠᠶᠢᠷᠢ ᠳᠠᠭᠠᠨ ᠰᠠᠭᠤᠷᠢᠯᠠᠵᠤ᠂ ᠨᠡᠩ ᠣᠷᠭᠢᠯᠤᠮ᠎ᠠ ᠬᠠᠯᠠᠭᠤᠨ ᠰᠡᠳᠬᠢᠯᠭᠡ᠂ ᠨᠡᠩ ᠯᠠᠪᠳᠠᠭᠤᠨ ᠪᠠᠲᠤᠲᠠᠢ ᠠᠵᠢᠯ ᠤᠨ ᠰᠤᠷᠲᠠᠯ ᠢᠶᠠᠷ ᠬᠤᠲᠣᠩ ᠠᠷᠠᠳ ᠤᠨ ᠲᠣᠭᠤᠷᠢᠭ ᠤᠨ ᠬᠥᠭᠵᠢᠯᠲᠡ ᠳᠤ ᠥᠪᠡᠷ ᠤᠨ ᠬᠦᠴᠦᠨ ᠴᠢᠳᠠᠯ ᠢᠶᠠᠨ ᠡᠷᠭᠦᠵᠦ᠂ ᠪᠠᠶᠢᠭᠤᠯᠭ᠎ᠠ ᠶᠢᠨ ᠶᠠᠪᠤᠳᠠᠯ ᠤᠨ ᠦᠢᠯᠡᠴᠢᠯᠡᠭᠡᠨ ᠤ ᠠᠵᠢᠯ ᠤᠨ ᠲᠠᠬᠢᠨ ᠰᠢᠨ᠎ᠡ ᠳᠡᠭᠲᠡᠷ ᠲᠤ ᠭᠠᠷᠬᠤ ᠶᠢ ᠠᠬᠢᠭᠤᠯᠤᠨ᠎ᠠ ᠭᠡᠵᠦ ᠢᠯᠡᠳᠬᠡᠵᠡᠭᠡᠪᠡ᠃
 
ᠢᠷᠡᠯᠲᠡ᠄ ᠬᠤᠲᠤᠩ ᠠᠷᠠᠳ ᠤᠨ ᠲᠣᠭᠤᠷᠢᠭ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000611号-1号