ᠪᠦᠭᠦ ᠣᠷᠣᠨ ᠤ ᠰᠢᠭᠦᠬᠦ ᠬᠤᠷᠢᠶ᠎ᠠ ︽ᠬᠠᠤᠯᠢ ᠪᠠᠷᠢᠬᠤ ᠦᠨᠡᠨᠴᠢ ᠢᠲᠡᠭᠡᠮᠵᠢ ᠶᠢ ᠳᠡᠭᠡᠭᠰᠢᠯᠡᠭᠦᠯᠭᠦ ᠣᠨ︾ ᠤ ᠠᠵᠢᠯᠯᠠᠭ᠎ᠠ ᠶᠢ ᠭᠦᠨᠵᠡᠭᠡᠢ ᠲᠦᠯᠬᠢᠨ ᠠᠬᠢᠭᠤᠯᠪᠠ
ᠨᠡᠶᠢᠲᠡᠯᠡᠭᠰᠡᠨ ᠴᠠᠭ᠄
2024/12/9
     ᠰᠤᠷᠪᠤᠯᠵᠢᠯᠠᠬᠴᠢ ᠥᠪᠡᠷᠲᠡᠭᠡᠨ ᠵᠠᠰᠠᠬᠤ ᠣᠷᠣᠨ ᠤ ᠠᠷᠠᠳ ᠤᠨ ᠥᠨᠳᠥᠷ ᠵᠡᠷᠭᠡ ᠶᠢᠨ ᠰᠢᠭᠦᠬᠦ ᠬᠤᠷᠢᠶ᠎ᠠ ᠠᠴᠠ ᠣᠶᠢᠯᠠᠭᠠᠭᠰᠠᠨ ᠢᠶᠠᠷ᠂ ᠡᠨᠡ ᠵᠢᠯ ᠠᠴᠠ ᠨᠠᠭᠠᠰᠢ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠥᠨᠳᠥᠷ ᠵᠡᠷᠭᠡ ᠶᠢᠨ ᠰᠢᠭᠦᠬᠦ ᠬᠤᠷᠢᠶ᠎ᠠ ︽ᠬᠠᠤᠯᠢ ᠴᠠᠭᠠᠵᠠ ᠶᠢᠨ ᠤᠯᠠᠨ ᠨᠡᠶᠢᠲᠡ ᠶᠢᠨ ᠢᠲᠡᠭᠡᠮᠵᠢ ᠶᠢ ᠳᠡᠭᠡᠭᠰᠢᠯᠡᠭᠦᠯᠭᠦ ᠣᠨ︾ ᠤ ᠠᠵᠢᠯᠯᠠᠭ᠎ᠠ ᠶᠢ ᠭᠦᠨᠵᠡᠭᠡᠢ ᠠᠬᠢᠭᠤᠯᠵᠤ᠂  ᠳᠡᠭᠡᠭᠰᠢ ᠳᠣᠷᠣᠭᠰᠢ  ︽ᠨᠢᠭᠡ  ᠬᠥᠯᠭᠡ ᠰᠢᠲᠠᠷ᠎ᠠ︾ ᠶᠢᠨ ᠪᠠᠶᠢᠷᠢᠰᠢᠯ ᠢ ᠪᠦᠷᠢᠯᠳᠦᠭᠦᠯᠵᠦ  ᠪᠣᠳᠠᠲᠤ ᠦᠷ᠎ᠡ ᠪᠦᠲᠦᠮᠵᠢ ᠣᠯᠪᠠ᠃ ᠡᠨᠡ ᠵᠢᠯ ᠤᠨ ᠲᠦᠷᠦᠭᠦᠸ 10 ᠰᠠᠷ᠎ᠠ ᠳᠤ᠂ ᠪᠦᠭᠦ ᠣᠷᠣᠨ ᠤ ᠰᠢᠭᠦᠬᠦ ᠬᠤᠷᠢᠶ᠎ᠠ ᠨᠡᠶᠢᠲᠡ 82 ᠲᠦᠮᠡᠨ ᠬᠡᠷᠡᠭ ᠢ ᠭᠥᠯᠢᠶᠡᠨ ᠠᠪᠴᠤ ᠰᠢᠢᠳᠪᠦᠷᠢᠯᠡᠵᠦ᠂ 70.8 ᠲᠦᠮᠡᠨ ᠬᠡᠷᠡᠭ ᠢ ᠳᠠᠭᠤᠰᠬᠠᠵᠤ᠂ ᠰᠢᠭᠦᠨ ᠲᠠᠰᠤᠯᠤᠯᠲᠠ ᠶᠢᠨ ᠶᠠᠪᠤᠴᠠ ᠶᠢᠨ ᠮᠡᠳᠡᠭᠡ ᠵᠠᠩᠭᠢ ᠶᠢ ᠢᠯᠡ ᠪᠤᠯᠭᠠᠬᠰᠠᠨ ᠨᠣᠷᠮ᠎ᠠ 99.9% ᠳᠤ ᠭᠦᠷᠪᠡ᠃ ᠬᠠᠤᠯᠢ ᠴᠠᠭᠠᠵᠠ ᠶᠢᠨ ᠮᠡᠳᠡᠭᠡ ᠵᠠᠩᠭᠢ ᠶᠢ ᠢᠯᠡ ᠪᠤᠯᠭᠠᠬᠤ᠂ ᠪᠦᠭᠦᠨ ᠢ ᠢᠯᠡ ᠪᠤᠯᠭᠠᠬᠤ ᠶᠢ ᠦᠨᠳᠦᠰᠦᠨ ᠳᠡᠭᠡᠨ ᠪᠡᠶᠡᠯᠡᠭᠦᠯᠵᠦ᠂ ︽ᠢᠲᠡᠭᠡᠯ ᠨᠠᠶᠢᠳᠠᠪᠤᠷᠢᠲᠠᠢ ᠪᠠᠶᠢᠬᠤ ᠪᠣᠯ ᠢᠷᠠᠭᠤ ᠠᠯᠳᠠᠷ ᠲᠠᠢ᠂ ᠢᠲᠡᠭᠡᠯ ᠨᠠᠶᠢᠳᠠᠪᠤᠷᠢ ᠪᠠᠨ ᠠᠯᠳᠠᠬᠤ ᠨᠢ ᠢᠴᠢᠭᠦᠷᠢ ᠲᠠᠢ︾ ᠪᠠᠶᠢᠬᠤ ᠨᠡᠶᠢᠭᠡᠮ ᠤᠨ ᠶᠠᠷᠢᠶ᠎ᠠ ᠬᠡᠯᠡᠯᠴᠡᠭᠡᠨ ᠤ ᠠᠭᠤᠷ ᠠᠮᠢᠰᠬᠤᠯ ᠢ ᠪᠦᠭᠦ ᠲᠠᠯ᠎ᠠ ᠪᠠᠷ ᠪᠤᠢ ᠪᠣᠯᠭᠠᠪᠠ᠃     ᠣᠶᠢᠯᠠᠭᠠᠭᠰᠠᠨ ᠢᠶᠠᠷ᠂ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ ᠢ ᠬᠡᠷᠡᠭᠵᠢᠭᠦᠯᠦᠭᠰᠡᠨ ᠠᠴᠠ ᠨᠠᠭᠠᠰᠢ᠂ ᠪᠦᠭᠦ ᠣᠷᠣᠨ ᠤ ᠰᠢᠭᠦᠬᠦ ᠬᠤᠷᠢᠶ᠎ᠠ ᠰᠢᠭᠦᠨ ᠲᠠᠰᠤᠯᠤᠯᠲᠠ ᠶᠢᠨ ᠡᠭᠦᠷᠭᠡ ᠴᠢᠳᠠᠪᠬᠢ ᠪᠠᠨ ᠭᠦᠢᠴᠡᠳᠬᠡᠬᠦ ᠳᠤ ᠰᠠᠭᠤᠷᠢᠯᠠᠨ  ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠬᠠᠤᠯᠢ ᠶᠣᠰᠣᠭᠠᠷ ᠵᠠᠰᠠᠭ ᠶᠠᠪᠤᠭᠤᠯᠬᠤ ᠶᠢ ᠬᠦᠴᠦᠯᠡᠨ ᠲᠡᠮᠵᠢᠪᠡ᠃  ᠵᠠᠰᠠᠭ ᠤᠨ ᠣᠷᠳᠣᠨ ᠳᠤ ᠬᠤᠯᠪᠣᠭᠳᠠᠭᠰᠠᠨ ᠬᠡᠷᠡᠭ ᠢ 767 ᠬᠤᠪᠢ ᠭᠦᠢᠴᠡᠳᠬᠡᠨ ᠳᠠᠭᠤᠰᠬᠠᠵᠤ᠂ ᠬᠡᠷᠡᠭ ᠲᠤ ᠬᠤᠯᠪᠣᠭᠳᠠᠭᠰᠠᠨ ᠵᠣᠭᠤᠰ ᠤᠨ ᠲᠤᠭ᠎ᠠ ᠨᠢ 32.22 ᠳ᠋ᠦᠩᠰᠢᠭᠤᠷ ᠲᠥᠭᠦᠷᠢᠭ ᠲᠤ ᠬᠦᠷᠴᠦ᠂ ᠬᠡᠷᠡᠭ ᠢ ᠳᠠᠭᠤᠰᠬᠠᠭᠰᠠᠨ ᠨᠤᠷᠮ᠎ᠠ   ᠨᠢ 85. 5% ᠳᠤ  ᠬᠦᠷᠴᠦ᠂ ᠢᠯᠡᠳᠲᠡ ᠦᠷ᠎ᠡ ᠪᠦᠲᠦᠮᠵᠢ ᠣᠯᠪᠠ᠃ ︽ᠠᠵᠤ ᠠᠬᠤᠶᠢᠯᠠᠯ ᠳᠤ ᠬᠤᠯᠪᠣᠭᠳᠠᠬᠤ ᠵᠠᠰᠠᠭ ᠵᠠᠬᠢᠷᠭᠠᠨ ᠤ ᠦᠢᠯᠡ ᠠᠵᠢᠯᠯᠠᠭ᠎ᠠ ᠶᠢᠨ ᠬᠠᠤᠯᠢ ᠴᠠᠭᠠᠵᠠ ᠶᠢᠨ ᠠᠶᠤᠯ ᠲᠦᠭᠰᠢᠭᠦᠷᠢ ᠶᠢᠨ ᠰᠠᠨᠠᠭᠤᠯᠤᠮᠵᠢ ᠶᠢᠨ ᠪᠢᠴᠢᠭ︾ ᠢ ᠨᠠᠶᠢᠷᠠᠭᠤᠯᠤᠨ ᠲᠠᠷᠬᠠᠭᠠᠵᠤ᠂ ︽ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠬᠠᠷᠢᠭᠤᠴᠠᠯᠭᠠᠲᠠᠨ ᠤ ᠰᠢᠭᠦᠯᠲᠡ ᠳᠤ ᠣᠷᠣᠯᠴᠠᠵᠤ ᠵᠠᠷᠭᠤ ᠬᠦᠯᠢᠶᠡᠬᠦ ᠠᠵᠢᠯ ᠢ ᠲᠦᠯᠬᠢᠨ ᠠᠬᠢᠭᠤᠯᠬᠤ ᠲᠤᠬᠠᠢ ᠵᠢᠭᠠᠨ ᠵᠢᠯᠤᠭᠤᠳᠬᠤ ᠰᠠᠨᠠᠯ︾ ᠢ  ᠨᠠᠶᠢᠳᠠᠪᠤᠷᠢᠵᠢᠭᠤᠯᠬᠤ ᠶᠢ  ᠦᠷᠭᠦᠯᠵᠢᠯᠡᠨ ᠲᠦᠯᠬᠢᠨ ᠠᠬᠢᠭᠤᠯᠵᠤ᠂ ᠪᠦᠭᠦ ᠣᠷᠣᠨ ᠤ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠬᠠᠷᠢᠭᠤᠴᠠᠯᠭᠠᠲᠠᠨ ᠤ ᠰᠢᠭᠦᠯᠲᠡ ᠳᠤ ᠣᠷᠣᠯᠴᠠᠨ ᠵᠠᠷᠭᠤ ᠬᠦᠯᠢᠶᠡᠭᠰᠡᠨ ᠪᠠᠶᠢᠳᠠᠯ ᠢ ᠲᠣᠭᠲᠠᠮᠠᠯ ᠬᠤᠭᠤᠴᠠᠭ᠎ᠠ ᠲᠠᠢ ᠪᠠᠷ ᠮᠡᠳᠡᠭᠳᠡᠵᠦ᠂ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠬᠠᠷᠢᠭᠤᠴᠠᠯᠭᠠᠲᠠᠨ ᠤ ᠰᠢᠭᠦᠯᠲᠡ ᠳᠤ ᠣᠷᠣᠯᠴᠠᠨ ᠵᠠᠷᠭᠤ ᠬᠦᠯᠢᠶᠡᠬᠦ ᠶᠢ  ᠪᠠᠶᠢᠩᠭᠤᠵᠢᠭᠤᠯᠪᠠ᠃ ᠡᠨᠡ ᠵᠢᠯ ᠠᠴᠠ ᠨᠠᠭᠠᠰᠢ᠂ ᠪᠦᠭᠦ ᠣᠷᠣᠨ ᠤ ᠰᠢᠭᠦᠬᠦ ᠬᠤᠷᠢᠶ᠎ᠠ ᠶᠢᠨ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠰᠢᠭᠦᠯᠲᠡ ᠳᠤ ᠣᠷᠣᠯᠴᠠᠵᠤ ᠵᠠᠷᠭᠤ ᠬᠦᠯᠢᠶᠡᠭᠰᠡᠨ ᠨᠣᠷᠮ᠎ᠠ 99.75% ᠳᠤ ᠬᠦᠷᠴᠡᠢ᠃     ᠪᠦᠭᠦ ᠣᠷᠣᠨ ᠤ ᠰᠢᠭᠦᠬᠦ ᠬᠤᠷᠢᠶ᠎ᠠ ᠢᠲᠡᠭᠡᠯ ᠢᠶᠠᠨ ᠠᠯᠳᠠᠭᠰᠠᠨ ᠢ ᠲᠣᠷᠭᠠᠬᠤ ᠪᠠ ᠦᠨᠡᠨᠴᠢ ᠢᠲᠡᠭᠡᠮᠵᠢᠲᠡᠢ ᠪᠠᠷ ᠠᠰᠢᠭ ᠭᠦᠷᠳᠡᠭᠦ ᠶᠢ ᠵᠡᠷᠭᠡ ᠪᠠᠷ ᠴᠢᠬᠤᠯᠠᠴᠢᠯᠠᠬᠤ ᠶᠢ ᠪᠠᠷᠢᠮᠲᠠᠯᠠᠨ ᠢᠲᠡᠭᠡᠯ ᠢᠶᠠᠨ ᠠᠯᠳᠠᠭᠰᠠᠳ ᠢ ᠬᠠᠤᠯᠢ ᠲᠣᠭᠲᠠᠭᠠᠯ ᠶᠣᠰᠣᠭᠠᠷ  ᠵᠠᠯᠬᠠᠭᠠᠨ ᠴᠡᠭᠡᠷᠯᠡᠭᠦᠯᠵᠦ᠂ ᠢᠲᠡᠭᠡᠯ ᠢᠶᠠᠨ ᠠᠯᠳᠠᠭᠰᠠᠨ ᠭᠤᠣᠯ ᠴᠣᠭᠴᠠ ᠶᠢᠨ ᠢᠲᠡᠭᠡᠮᠵᠢ ᠶᠢ ᠰᠡᠷᠭᠦᠭᠡᠬᠦ ᠲᠣᠭᠲᠠᠴᠠ ᠶᠢ ᠲᠡᠭᠦᠯᠳᠡᠷᠵᠢᠭᠦᠯᠵᠦ᠂ ᠨᠡᠶᠢᠭᠡᠮ ᠤᠨ ᠢᠲᠡᠭᠡᠮᠵᠢ ᠶᠢᠨ ᠰᠢᠰᠲ᠋ᠧᠮ ᠤᠨ ᠪᠠᠶᠢᠭᠤᠯᠤᠯᠲᠠ ᠶᠢᠨ ᠬᠠᠤᠯᠢᠵᠢᠯ ᠤᠨ ᠬᠢᠷᠢ ᠲᠦᠪᠰᠢᠨ ᠢ ᠳᠡᠭᠡᠭᠰᠢᠯᠡᠭᠦᠯᠭᠦ ᠶᠢ ᠠᠬᠢᠭᠤᠯᠪᠠ᠃ ᠡᠨᠡ ᠵᠢᠯ ᠠᠴᠠ ᠨᠠᠭᠠᠰᠢ᠂ ᠪᠦᠭᠦ ᠣᠷᠣᠨ ᠤ ᠰᠢᠭᠦᠬᠦ ᠬᠤᠷᠢᠶ᠎ᠠ ᠨᠤᠭᠤᠳ ᠥᠨᠳᠥᠷ ᠬᠡᠷᠡᠭᠯᠡᠭᠡ ᠶᠢ 10.86 ᠲᠦᠮᠡᠨ ᠬᠥᠮᠥᠨ ᠤᠳᠠᠭ᠎ᠠ ᠬᠢᠵᠠᠭᠠᠷᠯᠠᠵᠤ᠂ ᠬᠢᠯᠢ ᠠᠴᠠ ᠭᠠᠷᠬᠤ ᠶᠢ 27 ᠲᠦᠮᠡᠨ ᠬᠥᠮᠥᠨ ᠤᠳᠠᠭ᠎ᠠ ᠬᠢᠵᠠᠭᠠᠷᠯᠠᠵᠤ᠂ ᠢᠲᠡᠭᠡᠯ ᠢᠶᠠᠨ ᠠᠯᠳᠠᠭᠰᠠᠨ ᠭᠦᠢᠴᠡᠳᠬᠡᠭᠳᠡᠭᠴᠢ ᠶᠢᠨ ᠨᠡᠷᠡᠰ ᠢ 1.9 ᠲᠦᠮᠡ ᠨᠡᠶᠢᠲᠡᠯᠡᠪᠡ᠃ ᠠᠵᠤ ᠠᠬᠤᠶᠢᠯᠠᠯ ᠳᠤ ᠬᠤᠯᠪᠣᠭᠳᠠᠬᠤ᠂ ᠠᠷᠠᠳ ᠤᠨ ᠠᠮᠢᠳᠤᠷᠠᠯ ᠳᠤ ᠬᠤᠯᠪᠣᠭᠳᠠᠬᠤ᠂  ᠮᠥᠩᠭᠦᠨ ᠭᠦᠢᠯᠭᠡᠭᠡᠨ ᠳᠤ ᠬᠤᠯᠪᠣᠭᠳᠠᠬᠤ ᠲᠤᠰᠬᠠᠢ ᠵᠦᠢᠯ ᠤᠨ ᠭᠦᠢᠴᠡᠳᠬᠡᠬᠦ ᠠᠵᠢᠯᠯᠠᠭ᠎ᠠ ᠶᠢ ᠥᠷᠨᠢᠭᠦᠯᠵᠦ᠂ ᠬᠠᠤᠯᠢ ᠶᠢ ᠵᠥᠷᠢᠴᠡᠭᠰᠡᠨ ᠶᠠᠯᠠᠲᠤ ᠠᠵᠢᠯᠯᠠᠭ᠎ᠠ ᠳᠤ ᠬᠠᠮᠲᠤ ᠬᠤᠯᠪᠤᠭᠠᠯᠠᠨ ᠴᠣᠬᠢᠯᠲᠠ ᠥᠭᠬᠦ ᠶᠢ ᠴᠢᠩᠭᠠᠳᠬᠠᠪᠠ; ᠪᠦᠭᠦ ᠣᠷᠣᠨ ᠤ ᠰᠢᠭᠦᠬᠦ ᠬᠤᠷᠢᠶ᠎ᠠ ᠨᠤᠭᠤᠳ ᠢᠲᠡᠭᠡᠯ ᠠᠯᠳᠠᠭᠰᠠᠨ ᠭᠦᠢᠴᠡᠳᠬᠡᠭᠳᠡᠭᠴᠢ ᠶᠢ ᠬᠠᠤᠯᠢ ᠶᠣᠰᠣᠭᠠᠷ 32 ᠬᠥᠮᠥᠨ ᠤᠳᠠᠭ᠎ᠠ ᠵᠣᠭᠤᠰ ᠢᠶᠠᠷ ᠲᠣᠷᠭᠠᠵᠤ᠂ 1927 ᠬᠥᠮᠥᠨ︵ᠤᠳᠠᠭ᠎ᠠ︶ ᠢ ᠲᠦᠷ ᠬᠤᠷᠢᠵᠤ᠂  ᠭᠦᠢᠴᠡᠳᠬᠡᠬᠦ ᠶᠢ ᠲᠡᠪᠴᠢᠭᠰᠡᠨ 127 ᠶᠠᠯ᠎ᠠ ᠶᠢᠨ ᠰᠦᠪᠡᠭᠴᠢ ᠶᠢ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠳᠤ ᠰᠢᠯᠵᠢᠭᠦᠯᠦᠨ ᠬᠦᠷᠭᠡᠵᠦ᠂ ᠭᠦᠢᠴᠡᠳᠬᠡᠬᠦ ᠶᠢ ᠲᠡᠪᠴᠢᠭᠰᠡᠨ ᠶᠠᠯᠠᠳᠠᠨ ᠢ 10 ᠬᠥᠮᠥᠨ ᠤᠳᠠᠭ᠎ᠠ ᠰᠢᠳᠭᠡᠪᠡ᠃ ᠡᠭᠦᠨ ᠤ ᠬᠠᠮᠲᠤ᠂ ᠢᠲᠡᠭᠡᠯ ᠠᠯᠳᠠᠭᠰᠠᠨ1.94 ᠲᠦᠮᠡᠨ ᠭᠦᠢᠴᠡᠳᠬᠡᠭᠳᠡᠭᠴᠢ ᠶᠢᠨ ᠮᠡᠳᠡᠭᠡ ᠵᠠᠩᠭᠢ ᠶᠢ  ᠬᠠᠰᠤᠵᠤ᠂ ᠥᠨᠳᠥᠷ ᠬᠡᠷᠡᠭᠯᠡᠭᠡ ᠶᠢᠨ ᠬᠢᠵᠠᠭᠠᠷᠯᠠᠯ ᠢ 5.07 ᠲᠦᠮᠡ ᠬᠦᠴᠦᠨ ᠦᠭᠡᠢ ᠪᠣᠯᠭᠠᠪᠠ᠃ ᠪᠦᠭᠦ ᠥᠭᠴᠡᠭᠡ ᠶᠢ ᠠᠶᠠᠨᠳᠠᠭᠠᠨ ᠭᠦᠢᠴᠡᠳᠬᠡᠬᠦ ᠲᠤᠬᠠᠢ ᠶᠢᠨ ᠬᠥᠮᠥᠨ ᠳᠤ ︽ᠭᠦᠢᠴᠡᠳᠬᠡᠵᠦ ᠳᠠᠭᠤᠰᠤᠭᠰᠠᠨ ᠭᠡᠷᠡᠴᠢ︾ ᠭᠠᠷᠭᠠᠵᠤ ᠥᠭᠬᠦ ᠵᠡᠷᠭᠡ ᠠᠷᠭ᠎ᠠ ᠬᠡᠮᠵᠢᠶ᠎ᠡ ᠶᠢ ᠬᠡᠷᠡᠭᠵᠢᠭᠦᠯᠵᠦ᠂ ᠨᠥᠬᠦᠴᠡᠯ ᠳᠤ ᠨᠡᠶᠢᠴᠡᠭᠰᠡᠨ ᠲᠤᠬᠠᠢ ᠶᠢᠨ ᠬᠥᠮᠥᠨ ᠳᠤ  ᠨᠡᠶᠢᠳᠡ1.9 ᠲᠦᠮᠡᠨ ᠬᠤᠪᠢ ᠭᠦᠢᠴᠡᠳᠬᠡᠵᠦ ᠳᠠᠭᠤᠰᠤᠭᠰᠠᠨ ᠭᠡᠷᠡᠴᠢ ᠪᠢᠴᠢᠭ ᠣᠯᠭᠤᠵᠤ᠂ ᠲᠤᠬᠠᠢ ᠶᠢᠨ ᠬᠥᠮᠥᠨ ᠢ ᠬᠠᠪᠰᠤᠷᠤᠨ ᠵᠣᠬᠢᠬᠤ ᠨᠡᠶᠢᠭᠡᠮ ᠤᠨ ᠢᠲᠡᠭᠡᠮᠵᠢ ᠶᠢᠨ ᠦᠨᠡᠯᠡᠯᠲᠡ ᠣᠯᠭᠤᠪᠠ᠃      ᠪᠦᠭᠦ ᠣᠷᠣᠨ ᠤ ᠰᠢᠭᠦᠬᠦ ᠬᠤᠷᠢᠶ᠎ᠠ ᠨᠤᠭᠤᠳ ᠬᠠᠤᠯᠢ ᠪᠠᠷᠢᠬᠤ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠬᠢᠭᠡᠳ ᠬᠡᠷᠡᠭ ᠰᠢᠭᠦᠬᠦ ᠮᠡᠳᠡᠭᠡ ᠵᠠᠩᠭᠢ ᠶᠢ ᠢᠯᠡ ᠪᠤᠯᠭᠠᠬᠤ ᠶᠢ ᠦᠷᠭᠦᠯᠵᠢᠯᠡᠨ ᠴᠢᠩᠭᠠᠳᠬᠠᠪᠠ᠃ ᠡᠨᠡ ᠵᠢᠯ ᠠᠴᠠ ᠨᠠᠭᠠᠰᠢ᠂  ᠪᠦᠭᠦ ᠣᠷᠣᠨ ᠤ ᠰᠢᠭᠦᠬᠦ ᠬᠤᠷᠢᠶ᠎ᠠ 33.5 ᠲᠦᠮᠡᠨ ᠬᠤᠪᠢ ᠲᠡᠰᠦᠯᠦᠨ ᠲᠣᠭᠲᠠᠭᠠᠯᠲᠠ ᠶᠢᠨ ᠪᠢᠴᠢᠭ ᠬᠠᠷ᠎ᠠ ᠶᠢ ᠢᠯᠡ ᠨᠡᠶᠢᠲᠡᠯᠡᠵᠦ᠂ 22.23 ᠲᠦᠮᠡᠨ ᠭᠦᠢᠴᠡᠳᠬᠡᠭᠳᠡᠭᠴᠢ ᠶᠢ ᠢᠯᠡ ᠨᠡᠶᠢᠲᠡᠯᠡᠵᠦ᠂ 3.22 ᠲᠦᠮᠡᠨ ᠬᠤᠪᠢ ᠰᠢᠢᠳᠪᠦᠷᠢᠯᠡᠵᠦ  ᠳᠠᠭᠤᠰᠬᠠᠭᠰᠠᠨ ᠬᠡᠷᠡᠭ ᠢ ᠢᠯᠡ ᠨᠡᠶᠢᠲᠡᠯᠡᠵᠦ᠂ 9.27 ᠲᠦᠮᠡᠨ ᠬᠤᠪᠢ ᠬᠠᠤᠯᠢ ᠴᠠᠭᠠᠵᠠ ᠶᠢᠨ ᠦᠨ᠎ᠡ ᠬᠠᠶᠠᠵᠤ ᠬᠤᠳᠠᠯᠳᠤᠬᠤ ᠶᠢ ᠢᠯᠡ ᠨᠡᠶᠢᠲᠡᠯᠡᠵᠦ᠂ ᠰᠢᠭᠦᠨ ᠲᠠᠰᠤᠯᠤᠯᠳᠠ ᠶᠢᠨ ᠪᠦᠭᠦ ᠶᠠᠪᠤᠴᠠ ᠶᠢᠨ  ᠮᠡᠳᠡᠭᠡ ᠵᠠᠩᠭᠢ ᠶᠢ ᠢᠯᠡ ᠪᠤᠯᠭᠠᠬᠤ ᠶᠢ ᠪᠦᠭᠦ ᠲᠠᠯ᠎ᠠ ᠪᠠᠷ ᠪᠡᠶᠡᠯᠡᠭᠦᠯᠪᠡ᠃ ᠲᠥᠯᠥᠭᠡᠯᠡᠭᠴᠢ ᠭᠡᠰᠢᠭᠦᠳ ᠲᠠᠢ ᠬᠠᠷᠢᠯᠴᠠᠬᠤ᠂ ᠰᠠᠨᠠᠯ ᠰᠠᠨᠠᠭᠤᠯᠭ᠎ᠠ ᠶᠢ ᠰᠢᠢᠳᠪᠦᠷᠢᠯᠡᠬᠦ ᠵᠡᠷᠭᠡ ᠠᠵᠢᠯ ᠤᠨ ᠳᠦᠷᠢᠮ ᠢ ᠨᠠᠩ ᠵᠢᠷᠤᠮᠵᠢᠭᠤᠯᠵᠤ ᠨᠡᠩ ᠣᠨᠣᠴᠠᠲᠠᠢ ᠪᠤᠯᠭᠠᠬᠤ ᠶᠢ ᠲᠦᠯᠬᠢᠨ ᠠᠬᠢᠭᠤᠯᠵᠤ᠂ ︽ᠲᠥᠯᠥᠭᠡᠯᠡᠭᠴᠢ ᠭᠡᠰᠢᠭᠦᠳ ᠤᠨ  ᠨᠡᠭᠡᠭᠡᠯᠲᠡ ᠶᠢᠨ ᠰᠠᠷ᠎ᠠ︾᠂ ︽ᠵᠠᠭᠤᠨ ᠲᠥᠯᠥᠭᠡᠯᠡᠭᠴᠢ ᠭᠡᠰᠢᠭᠦᠨ ᠵᠠᠭᠤᠨ ᠬᠡᠷᠡᠭ ᠢ ᠰᠣᠨᠣᠰᠬᠤ︾᠂ ᠲᠥᠯᠥᠭᠡᠯᠡᠭᠴᠢ ᠭᠡᠰᠢᠭᠦᠳ ᠲᠠᠢ ᠬᠠᠷᠢᠯᠴᠠᠬᠤ ︽ᠬᠡᠷᠡᠭ ᠵᠥᠪᠯᠡᠬᠦ ᠲᠢᠩᠬᠢᠮ︾ ᠵᠡᠷᠭᠡ ᠨᠢᠭᠡ ᠪᠦᠯᠦᠭ ᠣᠨᠴᠠᠯᠢᠭᠲᠤ ᠬᠤᠯᠪᠤᠭ᠎ᠠ ᠠᠪᠬᠤ ᠨᠠᠷᠠᠲᠤ ᠲᠥᠷᠥᠯ ᠲᠡᠮᠳᠡᠭᠲᠦ ᠶᠢᠨ ᠦᠷ᠎ᠡ ᠪᠦᠲᠦᠮᠵᠢ ᠢᠯᠡᠳᠲᠡ ᠪᠣᠯᠪᠠ᠃
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000611号-1号