ᠬᠤᠲᠣᠩ ᠠᠷᠠᠳ ᠤᠨ ᠲᠣᠭᠤᠷᠢᠭ ᠤᠨ ᠬᠠᠶᠢᠰᠢ ᠵᠠᠮ ᠤᠨ ᠵᠡᠭᠡᠯᠢ ᠭᠤᠳᠤᠮᠵᠢ ᠶᠢᠨ ᠨᠠᠮ ᠤᠨ ᠠᠵᠢᠯᠯᠠᠬᠤ ᠬᠤᠷᠢᠶ᠎ᠠ ᠴᠠᠩ ᠱᠧᠩ ᠲᠠᠢ ᠪᠦᠯᠦᠭᠯᠡᠯ ᠤᠨ ᠨᠠᠮ ᠤᠨ ᠬᠤᠷᠢᠶ᠎ᠠ ᠲᠠᠢ ᠬᠠᠮᠲᠤᠷᠠᠨ ︽ᠬᠦᠴᠢᠷᠳᠡᠯ ᠳᠤ ᠡᠵᠢ  ᠲᠠᠪᠤᠨ ᠨᠠᠰᠤᠲᠠᠨ  ᠵᠡᠮᠳᠡᠭ ᠬᠡᠦᠬᠡᠳ︾ ᠢ ᠲᠣᠬᠤᠨᠢᠭᠤᠯᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/2/1
      ᠬᠠᠷᠢᠶᠠᠲᠤ ᠣᠷᠣᠨ ᠤ ᠬᠦᠴᠢᠷᠳᠡᠯ ᠲᠠᠢ ᠠᠵᠢᠯᠲᠠᠨ ᠠᠵᠢᠯᠴᠢᠨ ᠵᠢᠴᠢ ᠤᠯᠠᠨ ᠲᠦᠮᠡᠨ ᠤ ᠠᠮᠢᠳᠤᠷᠠᠯ ᠤᠨ ᠳᠤᠮᠳᠠᠬᠢ ᠪᠣᠳᠠᠲᠠᠢ ᠬᠦᠴᠢᠷᠳᠡᠯ ᠢ ᠦᠨᠡᠨ ᠬᠦ ᠰᠢᠢᠳᠪᠦᠷᠢᠯᠡᠬᠦ ᠶᠢᠨ ᠲᠥᠯᠥᠭᠡ᠂ ᠨᠠᠮ ᠤᠨ ᠵᠥᠩᠨᠡᠯ ᠪᠠ ᠬᠠᠯᠠᠮᠵᠢᠯᠠᠯ ᠢ ᠲᠦᠭ ᠲᠦᠮᠡᠨ ᠠᠶᠢᠯ ᠡᠷᠤᠭᠡ ᠳᠤ ᠬᠦᠷᠭᠡᠵᠡᠢ᠃ 1 ᠰᠠᠷ᠎ᠠ ᠶᠢᠨ 30 ᠤ ᠡᠳᠦᠷ ᠤᠨ ᠦᠳᠡ ᠶᠢᠨ ᠡᠮᠦᠨ᠎ᠡ᠂ ᠬᠠᠶᠢᠰᠢ ᠵᠠᠮ ᠤᠨ ᠵᠡᠭᠡᠯᠢ ᠭᠤᠳᠤᠮᠵᠢ ᠶᠢᠨ ᠨᠠᠮ ᠤᠨ ᠠᠵᠢᠯᠯᠠᠬᠤ ᠬᠤᠷᠢᠶ᠎ᠠ ᠴᠠᠩ ᠱᠧᠩ ᠲᠠᠢ ᠪᠦᠯᠦᠭᠯᠡᠯ ᠤᠨ ᠨᠠᠮ ᠤᠨ ᠬᠤᠷᠢᠶ᠎ᠠ ᠲᠠᠢ ᠬᠠᠮᠲᠤᠷᠠᠨ ︽ᠬᠦᠴᠢᠷᠳᠡᠯ ᠳᠤ ᠡᠵᠢ  ᠲᠠᠪᠤᠨ ᠨᠠᠰᠤᠲᠠᠨ  ᠵᠡᠮᠳᠡᠭ ᠬᠡᠦᠬᠡᠳ︾ ᠢ ᠲᠣᠬᠤᠨᠢᠭᠤᠯᠬᠤ ᠠᠵᠢᠯᠯᠠᠭ᠎ᠠ ᠥᠷᠨᠢᠭᠦᠯᠦᠭᠰᠡᠨ ᠪᠥᠭᠡᠳ ᠤᠷᠠᠨ ᠰᠠᠶᠢᠬᠠᠨ ᠤ ᠲᠣᠭᠯᠠᠯᠲᠠ ᠶᠢᠨ ᠬᠡᠯᠪᠡᠷᠢ ᠪᠠᠷ ᠤᠯᠠᠨ ᠲᠠᠢ ᠤᠷᠢᠳᠴᠢᠯᠠᠨ ᠪᠠᠶᠠᠷ ᠤᠨ ᠡᠳᠦᠷ ᠢ ᠬᠠᠮᠲᠤ ᠪᠠᠷ ᠥᠩᠭᠡᠷᠡᠭᠦᠯᠵᠡᠢ᠃
     ᠴᠠᠭᠠᠨ ᠰᠠᠷ᠎ᠠ ᠶᠢᠨ ᠤᠷᠠᠨ ᠰᠠᠶᠢᠬᠠᠨ ᠤ ᠲᠣᠭᠯᠠᠯᠲᠠ ᠶᠢᠨ ᠲᠤᠬᠠᠢ ᠶᠢᠨ ᠲᠠᠯᠠᠪᠠᠢ ᠳᠤ᠂ ᠢᠷᠠᠭᠤ ᠰᠠᠶᠢᠬᠠᠨ ᠮᠣᠷᠢᠨ ᠬᠤᠭᠤᠷ ᠤᠨ ᠨᠠᠶᠢᠷᠠᠯ ᠬᠥᠭᠵᠢᠮ᠂ ᠪᠠᠶᠠᠷ ᠪᠠᠶᠠᠰᠬᠤᠯᠠᠩ ᠲᠠᠢ ᠳᠠᠭᠤᠤ᠂ ᠬᠠᠯᠠᠭᠤᠨ ᠰᠡᠳᠬᠢᠯᠭᠡ ᠲᠠᠢ ᠪᠥᠵᠢᠭ  ᠨᠢ ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠶᠢᠨ ᠠᠭᠤᠷ ᠠᠮᠢᠰᠬᠤᠯ ᠢ ᠢᠳᠡᠭ ᠢᠳᠡᠭ ᠢᠶᠠᠷ ᠬᠥᠭᠵᠢᠭᠡᠵᠦ᠂ ᠭᠤᠶᠢᠳᠠ ᠰᠠᠶᠢᠬᠠᠨ ᠲᠣᠭᠯᠠᠯᠲᠠ ᠨᠢ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ ᠠᠯᠠᠭ᠎ᠠ ᠲᠡᠰᠢᠯᠲᠡ ᠶᠢ ᠤᠭᠲᠤᠨ ᠠᠪᠴᠢᠷᠠᠵᠤ᠂ ᠲᠤᠬᠠᠢ ᠶᠢᠨ ᠲᠠᠯᠠᠪᠠᠢ ᠶᠢᠨ ᠠᠭᠤᠷ ᠠᠮᠢᠰᠬᠤᠯ ᠪᠠᠶᠠᠷ ᠪᠠᠶᠠᠰᠬᠤᠯᠠᠩ ᠲᠠᠢ ᠪᠥᠭᠡᠳ ᠬᠦᠷ ᠬᠥᠭᠵᠢᠶᠡᠨ  ᠲᠠᠢ ᠪᠠᠶᠢᠯ᠎ᠠ᠃      ᠭᠤᠶᠢᠳᠠ ᠰᠠᠶᠢᠬᠠᠨ ᠲᠣᠭᠯᠠᠯᠲᠠ ᠥᠩᠭᠡᠷᠡᠭᠰᠡᠨ ᠤ ᠳᠠᠷᠠᠭ᠎ᠠ᠂ ᠠᠵᠢᠯᠲᠠᠳ ᠲᠤᠬᠠᠢ ᠶᠢᠨ ᠲᠠᠯᠠᠪᠠᠢ ᠶᠢᠨ 20 ᠡᠷᠦᠬᠡ ᠰᠠᠭᠤᠭᠠᠯᠢ ᠠᠷᠠᠳ ᠤᠨ ᠲᠥᠯᠥᠭᠡᠯᠡᠭᠴᠢᠳ ᠲᠤ ᠠᠮᠤ ᠪᠤᠳᠠᠭ᠎ᠠ᠂ ᠭᠤᠯᠢᠷ᠂ ᠲᠣᠰᠣ ᠵᠡᠷᠭᠡ ᠲᠣᠬᠤᠨᠢᠭᠤᠯᠬᠤ ᠡᠳ᠋ ᠪᠣᠳᠠᠰ ᠪᠣᠯᠣᠨ ᠲᠣᠬᠤᠨᠢᠭᠤᠯᠬᠤ ᠮᠥᠩᠭᠦ ᠬᠦᠷᠭᠡᠵᠦ᠂ ᠲᠡᠳᠡᠨ ᠢ ᠪᠡᠶ᠎ᠡ ᠪᠠᠨ ᠬᠢᠴᠢᠶᠡᠵᠦ᠂ ᠪᠠᠶᠠᠰᠤᠩᠭᠤᠢ ᠰᠡᠳᠬᠢᠯᠭᠡ ᠲᠠᠢ ᠪᠠᠶᠢᠬᠤ ᠬᠡᠷᠡᠭᠲᠡᠢ ᠭᠡᠵᠦ ᠵᠠᠬᠢᠭᠰᠠᠨ ᠪᠥᠭᠡᠳ ᠲᠡᠳᠡᠨ ᠳᠤ ᠴᠠᠭᠠᠨ ᠰᠠᠷ᠎ᠠ ᠶᠢᠨ ᠪᠠᠶᠠᠷ ᠬᠦᠷᠭᠡᠬᠦ ᠶᠢ ᠤᠷᠢᠳᠴᠢᠯᠠᠨ ᠵᠥᠩᠨᠡᠪᠡ᠃
     ᠲᠣᠰ ᠤᠳᠠᠭᠠᠨ ᠤ ᠲᠣᠬᠤᠨᠢᠭᠤᠯᠬᠤ ᠠᠵᠢᠯᠯᠠᠭ᠎ᠠ ᠨᠢ ᠣᠯᠠᠨ ᠲᠦᠮᠡᠨ ᠳᠤ ᠨᠠᠮ ᠪᠠ ᠵᠠᠰᠠᠭ ᠤᠨ ᠣᠷᠳᠣᠨ ᠤ ᠬᠠᠯᠠᠮᠵᠢᠯᠠᠯ ᠪᠠ ᠬᠠᠶᠢᠷ᠎ᠠ ᠬᠠᠯᠠᠮᠵᠢ ᠶᠢ ᠬᠦᠷᠭᠡᠭᠰᠡᠨ ᠢᠶᠠᠷ ᠪᠠᠷᠠᠬᠤ ᠦᠭᠡᠢ᠂ ᠨᠠᠩ ᠴᠤ ᠲᠡᠳᠡᠨ ᠳᠤ ᠣᠶᠤᠨ ᠰᠠᠨᠠᠭᠠᠨ ᠤ ᠵᠣᠷᠢᠭᠵᠢᠭᠤᠯᠤᠯ ᠥᠭᠴᠦ᠂ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ ᠬᠦᠷᠲᠡᠮᠵᠢ ᠶᠢᠨ ᠲᠥᠷᠥᠭᠳᠡᠯ᠂ ᠵᠣᠯ ᠵᠢᠷᠭᠠᠯᠲᠤ ᠲᠥᠷᠥᠭᠳᠡᠯ ᠪᠠ ᠠᠮᠤᠷ ᠲᠦᠪᠰᠢᠨ ᠤ ᠲᠥᠷᠥᠭᠳᠡᠯ ᠢ ᠤᠯᠠᠮ ᠨᠢᠭᠡ ᠠᠯᠬᠤᠮ ᠨᠡᠮᠡᠭᠳᠡᠭᠦᠯᠦᠭᠰᠡᠨ ᠪᠠᠶᠢᠨ᠎ᠠ᠃      ᠢᠷᠡᠯᠲᠡ᠄ ᠬᠤᠲᠣᠩ ᠠᠷᠠᠳ ᠤᠨ ᠲᠣᠭᠤᠷᠢᠭ ᠤᠨ ᠵᠠᠰᠠᠭ ᠤᠨ ᠣᠷᠳᠣᠨ ᠤ ᠠᠯᠪᠠᠨ ᠰᠦᠯᠵᠢᠶ᠎ᠡ
 
ᠢᠷᠡᠯᠲᠡ᠄ ᠬᠤᠲᠤᠩ ᠠᠷᠠᠳ ᠤᠨ ᠲᠣᠭᠤᠷᠢᠭ ᠤᠨ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000611号-1号