ᠭᠤᠣᠯ ᠤᠳᠤᠷᠢᠳᠤᠯᠭ᠎ᠠ ᠴᠠᠭᠠᠨ ᠰᠠᠷ᠎ᠠ ᠠᠴᠠ ᠡᠮᠦᠨᠡᠬᠢ ᠲᠣᠬᠤᠨᠢᠭᠤᠯᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/2/1
      1 ᠰᠠᠷ᠎ᠠ ᠶᠢᠨ 29 ᠤ ᠡᠳᠦᠷ ᠤᠨ ᠦᠳᠡ ᠶᠢᠨ ᠡᠮᠦᠨ᠎ᠡ᠂ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠵᠣᠣ ᠶᠠᠨ ᠷᠦ ᠲᠣᠭᠤᠷᠢᠭ ᠤᠨ ᠳᠦᠷᠪᠡᠨ ᠶᠡᠭᠡ ᠪᠠᠭ ᠤᠨ ᠤᠳᠤᠷᠢᠳᠤᠯᠭ᠎ᠠ ᠶᠢ ᠳᠠᠭᠠᠭᠤᠯᠤᠨ ᠴᠠᠭᠠᠨ ᠰᠠᠷ᠎ᠠ ᠠᠴᠠ ᠡᠮᠦᠨᠡᠬᠢ ᠲᠣᠬᠤᠨᠢᠭᠤᠯᠬᠤ ᠠᠵᠢᠯᠯᠠᠭ᠎ᠠ ᠥᠷᠨᠢᠭᠦᠯᠪᠡ᠃ ᠲᠣᠬᠤᠨᠢᠭᠤᠯᠬᠤ ᠳᠤᠭᠤᠶᠢᠯᠠᠩ ᠤᠨ ᠬᠢᠨ ᠤᠷᠢᠳ ᠬᠤᠵᠢᠳ ᠬᠤᠲᠣᠩ ᠠᠷᠠᠳ ᠤᠨ ᠲᠣᠭᠤᠷᠢᠭ ᠤᠨ ᠵᠡᠪᠰᠡᠭᠲᠦ ᠬᠦᠴᠦᠨ ᠤ ᠬᠡᠯᠲᠡᠰ᠂ ᠬᠤᠲᠣᠩ ᠠᠷᠠᠳ ᠤᠨ ᠲᠣᠭᠤᠷᠢᠭ ᠤᠨ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ ᠳᠤ ᠬᠦᠷᠴᠦ ᠴᠡᠷᠢᠭ ᠠᠩᠭᠢ ᠶᠢᠨ ᠳᠠᠷᠤᠭ᠎ᠠ ᠪᠠᠶᠢᠯᠳᠤᠭᠴᠢᠳ᠂ ᠭᠠᠯ ᠤᠨᠲᠠᠷᠠᠭᠠᠵᠤ ᠠᠪᠤᠷᠠᠨ ᠲᠤᠰᠠᠯᠠᠬᠤ ᠶᠡᠭᠡ ᠠᠩᠭᠢ ᠶᠢᠨ ᠵᠢᠯᠣᠭᠤᠳᠤᠭᠴᠢ ᠪᠠᠶᠢᠯᠳᠤᠭᠴᠢᠳ ᠢ ᠲᠣᠬᠤᠨᠢᠭᠤᠯᠵᠤ᠂ ᠳᠡᠳᠡᠨ ᠳᠤ ᠨᠠᠮ ᠪᠣᠯᠣᠨ ᠵᠠᠰᠠᠭ ᠤᠨ ᠣᠷᠳᠣᠨ ᠤ ᠬᠠᠯᠠᠮᠵᠢᠯᠠᠯ ᠢ ᠬᠦᠷᠭᠡᠬᠦ ᠶᠢᠨ ᠬᠠᠮᠲᠤ ᠳᠡᠳᠡᠨ ᠳᠤ ᠴᠠᠭᠠᠨ ᠰᠠᠷ᠎ᠠ ᠶᠢᠨ ᠮᠡᠨᠳᠦᠴᠢᠯᠡᠯ ᠬᠦᠷᠭᠡᠬᠦ ᠶᠢᠨ ᠬᠠᠮᠲᠤ ᠲᠣᠬᠤᠨᠢᠭᠤᠯᠬᠤ ᠪᠣᠳᠠᠰ ᠬᠦᠷᠭᠡᠪᠡ᠃      ᠬᠤᠲᠣᠩ ᠠᠷᠠᠳ ᠤᠨ ᠲᠣᠭᠤᠷᠢᠭ ᠤᠨ ᠵᠡᠪᠰᠡᠭᠲᠦ ᠬᠦᠴᠦᠨ ᠤ ᠬᠡᠯᠲᠡᠰ ᠲᠤ᠂ ᠲᠣᠬᠤᠨᠢᠭᠤᠯᠬᠤ ᠳᠤᠭᠤᠶᠢᠯᠠᠩ ᠤᠨ ᠬᠢᠨ ᠴᠡᠷᠢᠭ ᠠᠩᠭᠢ ᠶᠢᠨ ᠳᠠᠷᠤᠭ᠎ᠠ ᠪᠠᠶᠢᠯᠳᠤᠭᠴᠢᠳ ᠤᠨ ᠠᠵᠢᠯ᠂ ᠠᠮᠢᠳᠤᠷᠠᠯ ᠤᠨ ᠪᠠᠶᠢᠳᠠᠯ ᠢ ᠨᠠᠷᠢᠨ ᠣᠶᠢᠯᠠᠭᠠᠬᠤ ᠶᠢᠨ ᠬᠠᠮᠲᠤ ᠵᠡᠪᠰᠡᠭᠲᠦ ᠬᠦᠴᠦᠨ ᠤ ᠬᠡᠯᠲᠡᠰ ᠤᠨ ᠬᠢᠨ ᠣᠷᠣᠨ ᠨᠤᠲᠤᠭ ᠤᠨ ᠠᠵᠤ ᠠᠬᠤᠢ ᠨᠡᠶᠢᠭᠡᠮ ᠤᠨ ᠪᠠᠶᠢᠭᠤᠯᠤᠯᠲᠠ ᠶᠢ ᠢᠳᠡᠪᠬᠢᠲᠡᠢ ᠳᠡᠮᠵᠢᠵᠦ᠂ ᠣᠷᠣᠨ ᠨᠤᠲᠤᠭ ᠤᠨ ᠠᠵᠤ ᠠᠬᠤᠢ ᠶᠢᠨ ᠬᠥᠭᠵᠢᠯᠲᠡ᠂ ᠨᠡᠶᠢᠭᠡᠮ ᠤᠨ ᠡᠶ᠎ᠡ ᠵᠣᠬᠢᠴᠠᠩᠭᠤᠢ ᠲᠣᠭᠲᠠᠭᠤᠨ ᠳᠤ ᠢᠳᠡᠪᠬᠢᠲᠡᠢ ᠬᠤᠪᠢ ᠨᠡᠮᠡᠷᠢ ᠦᠵᠡᠭᠦᠯᠵᠡᠢ ᠭᠡᠵᠦ ᠢᠯᠡᠳᠬᠡᠪᠡ᠃ ᠬᠤᠲᠣᠩ ᠠᠷᠠᠳ ᠤᠨ ᠲᠣᠭᠤᠷᠢᠭ ᠤᠨ ᠨᠠᠮ ᠤᠨ ᠬᠤᠷᠢᠶ᠎ᠠ᠂ ᠲᠣᠭᠤᠷᠢᠭ ᠤᠨ ᠵᠠᠰᠠᠭ ᠤᠨ ᠣᠷᠳᠣᠨ ᠥᠩᠭᠡᠷᠡᠭᠰᠡᠨ ᠲᠠᠢ ᠪᠠᠨ ᠠᠳᠠᠯᠢ ᠪᠠᠷ ᠴᠡᠷᠢᠭ ᠠᠩᠭᠢ ᠶᠢᠨ ᠬᠥᠭᠵᠢᠯᠲᠡ ᠪᠠ ᠪᠦᠲᠦᠭᠡᠨ ᠪᠠᠶᠢᠭᠤᠯᠤᠯᠲᠠ ᠶᠢ ᠳᠡᠮᠵᠢᠵᠦ᠂ ᠴᠡᠷᠢᠭ ᠠᠩᠭᠢ ᠶᠢ ᠬᠠᠪᠰᠤᠷᠤᠨ ᠪᠣᠳᠠᠲᠠᠢ ᠬᠦᠴᠢᠷᠳᠡᠯ ᠢ ᠨᠢ ᠰᠢᠢᠳᠪᠦᠷᠢᠯᠡᠵᠦ᠂ ᠡᠯ᠎ᠡ ᠵᠦᠢᠯ ᠤᠨ ᠦᠢᠯᠡᠴᠢᠯᠡᠭᠡ ᠪᠠᠲᠤᠯᠠᠭ᠎ᠠ ᠶᠢᠨ ᠠᠵᠢᠯ ᠢ ᠢᠳᠡᠪᠬᠢᠲᠡᠢ ᠰᠠᠶᠢᠲᠤᠷ ᠬᠢᠵᠦ᠂ ᠴᠡᠷᠢᠭ ᠠᠷᠠᠳ ᠤᠨ ᠬᠡᠷᠡᠭᠯᠡᠭᠡ ᠶᠢ ᠠᠭᠤᠰᠤᠯᠴᠠᠭᠤᠯᠤᠨ ᠬᠥᠭᠵᠢᠭᠦᠯᠬᠦ ᠰᠠᠶᠢᠨ ᠰᠠᠶᠢᠬᠠᠨ ᠪᠠᠶᠢᠳᠠᠯ ᠢ ᠳᠠᠰᠤᠷᠠᠯᠳᠠ ᠦᠭᠡᠢ ᠪᠠᠬᠢᠵᠢᠭᠦᠯᠵᠦ᠂ ᠬᠤᠲᠣᠩ ᠠᠷᠠᠳ ᠤᠨ ᠲᠣᠭᠤᠷᠢᠭ ᠤᠨ ᠬᠥᠭᠵᠢᠯᠲᠡ ᠶᠢᠨ ᠰᠢᠨ᠎ᠡ ᠬᠠᠭᠤᠳᠠᠰᠤ ᠶᠢ ᠬᠠᠮᠲᠤᠪᠠᠷ ᠪᠢᠴᠢᠭᠯᠡᠨ᠎ᠡ᠃      ᠬᠤᠲᠣᠩ ᠠᠷᠠᠳ ᠤᠨ ᠲᠣᠭᠤᠷᠢᠭ ᠤᠨ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ ᠳᠤ᠂ ᠲᠣᠬᠤᠨᠢᠭᠤᠯᠬᠤ ᠳᠤᠭᠤᠶᠢᠯᠠᠩ ᠤᠨ ᠬᠢᠨ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ ᠶᠢᠨ ᠵᠢᠯᠣᠭᠤᠳᠤᠭᠴᠢ ᠪᠠᠶᠢᠯᠳᠤᠭᠴᠢᠳ ᠤᠨ ᠨᠢᠭᠡ ᠵᠢᠯ ᠤᠨ ᠲᠤᠷᠰᠢ ᠪᠦᠬᠦ ᠲᠣᠭᠤᠷᠢᠭ ᠤᠨ ᠠᠮᠤᠷ ᠲᠠᠶᠢᠪᠤᠩ ᠲᠣᠭᠲᠠᠭᠤᠨ ᠳᠤ ᠦᠵᠡᠭᠦᠯᠦᠭᠰᠡᠨ ᠬᠤᠪᠢ ᠨᠡᠮᠡᠷᠢ ᠳᠤ ᠲᠠᠯᠠᠷᠬᠠᠵᠤ ᠪᠠᠶᠢᠬᠤ ᠪᠠᠨ ᠢᠯᠡᠳᠬᠡᠪᠡ᠃ ᠭᠠᠯ ᠤᠨᠲᠠᠷᠠᠭᠠᠵᠤ ᠠᠪᠤᠷᠠᠨ ᠲᠤᠰᠠᠯᠠᠬᠤ ᠶᠡᠭᠡ ᠠᠩᠭᠢ ᠶᠢᠨ ᠪᠦᠬᠦ ᠵᠢᠯᠣᠭᠤᠳᠤᠭᠴᠢ ᠪᠠᠶᠢᠯᠳᠤᠭᠴᠢᠳ ᠨᠡᠶᠢᠭᠡᠮ ‍ᠤᠨ‌ᠠᠮᠤᠷ ᠲᠦᠪᠰᠢᠨ ᠢ ᠬᠠᠮᠠᠭᠠᠯᠠᠬᠤ ᠪᠠ ᠡᠯ᠎ᠡ ᠵᠦᠢᠯ ᠤᠨ ᠭᠠᠮᠰᠢᠭ ᠤᠨ ᠠᠳᠡᠯ ᠤᠨ ᠠᠶᠤᠯ ᠠᠴᠠ ᠠᠪᠤᠷᠠᠨ ᠲᠤᠰᠠᠯᠠᠬᠤ ᠪᠠᠶᠢᠯᠳᠤᠭᠠᠨ ᠤ ᠳᠤᠮᠳᠠ᠂ ᠠᠶᠤᠯ ᠲᠦᠭᠰᠢᠭᠦᠷᠢ ᠠᠴᠠ ᠠᠶᠤᠬᠤ ᠦᠭᠡᠢ ᠪᠠᠷ ᠡᠮᠦᠨ᠎ᠡ ᠨᠢ ᠭᠠᠪᠰᠢᠭᠠᠶᠢᠯᠠᠨ᠂ ᠦᠷᠡᠭᠳᠡᠯ ᠰᠦᠢᠳᠦᠯ ᠠᠴᠠ ᠠᠶᠤᠬᠤ ᠦᠭᠡᠢ ᠪᠠᠷ ᠭᠤᠶᠠᠴᠢ ᠦᠭᠡᠢ ᠪᠠᠷ ᠵᠢᠳᠬᠦᠵᠦ᠂ ᠪᠥᠬᠦ ᠣᠷᠣᠨ ᠤ ᠠᠵᠤ ᠠᠬᠤᠢ ᠶᠢᠨ ᠪᠦᠲᠦᠭᠡᠨ ᠪᠠᠶᠢᠭᠤᠯᠤᠯᠲᠠ ᠪᠣᠯᠣᠨ ᠨᠡᠶᠢᠭᠡᠮ ᠤᠨ ᠬᠥᠭᠵᠢᠯᠲᠡ ᠳᠤ ᠭᠠᠯ ᠤᠨᠲᠠᠷᠠᠭᠠᠵᠤ ᠠᠶᠤᠯ ᠠᠴᠠ ᠬᠠᠮᠠᠭᠠᠯᠠᠬᠤ ᠰᠠᠶᠢᠨ ᠰᠠᠶᠢᠬᠠᠨ ᠣᠷᠴᠢᠨ ᠲᠣᠭᠤᠷᠢᠨ ᠢ ᠪᠤᠢ ᠪᠣᠯᠭᠠᠭᠰᠠᠨ ᠪᠠᠶᠢᠨ᠎ᠠ᠃ ᠴᠠᠭᠠᠨ ᠰᠠᠷ᠎ᠠ ᠶᠢᠨ ᠬᠤᠭᠤᠴᠠᠭᠠᠨ ᠳᠤ ᠭᠠᠮᠰᠢᠭ ᠤᠨ ᠬᠦᠴᠦᠨ ᠵᠦᠢᠯ ᠣᠯᠠᠨ᠂ ᠭᠠᠯ ᠤᠨ ᠭᠠᠮᠰᠢᠭ ᠤᠨ ᠠᠶᠤᠯ ᠲᠦᠭᠰᠢᠭᠦᠷᠢ ᠶᠡᠭᠡ᠂ ᠠᠮᠤᠷ ᠢ ᠬᠠᠮᠠᠭᠠᠯᠠᠬᠤ ᠡᠭᠦᠷᠭᠡ ᠬᠦᠨᠳᠦ᠂ ᠭᠠᠯ ᠤᠨᠲᠠᠷᠠᠭᠠᠬᠤ ᠠᠵᠢᠯ ᠤᠨ ᠬᠠᠷᠢᠭᠤᠴᠠᠯᠭ᠎ᠠ ᠬᠦᠨᠳᠦ ᠶᠡᠭᠡ᠂ ᠡᠭᠦᠷᠭᠡ ᠬᠠᠲᠠᠭᠤ ᠪᠡᠷᠬᠡ ᠪᠣᠯᠬᠤᠷ ᠭᠠᠯ ᠤᠨᠲᠠᠷᠠᠭᠠᠵᠤ ᠠᠪᠤᠷᠠᠨ ᠲᠤᠰᠠᠯᠠᠬᠤ ᠵᠢᠯᠣᠭᠤᠳᠤᠭᠴᠢ ᠪᠠᠶᠢᠯᠳᠤᠭᠴᠢᠳ ᠠᠵᠢᠯ ᠤᠨ ᠪᠠᠶᠢᠷᠢ ᠪᠠᠨ ᠪᠠᠲᠤ ᠰᠠᠬᠢᠵᠤ᠂ ᠵᠢᠵᠢᠭᠦᠷᠯᠡᠵᠦ ᠵᠢᠵᠢᠭᠦᠷᠯᠡᠬᠦ ᠪᠠᠨ ᠴᠢᠩᠭᠠᠳᠬᠠᠨ᠂ ᠭᠠᠯ ᠤᠨ ᠠᠶᠤᠯ ᠢ ᠰᠡᠷᠭᠡᠶᠢᠯᠡᠨ ᠡᠵᠡᠮᠳᠡᠬᠦ ᠪᠠᠨ ᠴᠢᠩᠭᠠᠷᠠᠭᠤᠯᠵᠤ᠂ ᠭᠠᠯ ᠤᠨᠲᠠᠷᠠᠭᠠᠬᠤ ᠤᠬᠠᠭᠤᠯᠭ᠎ᠠ ᠬᠥᠮᠦᠵᠢᠯ ᠤᠨ ᠡᠷᠴᠢᠮ ᠢᠶᠠᠨ ᠨᠡᠮᠡᠭᠳᠡᠭᠦᠯᠦᠨ᠂ ᠭᠠᠯ ᠤᠨᠲᠠᠷᠠᠭᠠᠬᠤ ᠠᠮᠤᠷ ᠲᠦᠪᠰᠢᠨ ᠤ ᠬᠠᠮᠠᠭᠠᠯᠠᠯᠲᠠ ᠶᠢ ᠪᠥᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠡᠯ᠎ᠡ ᠲᠠᠯ᠎ᠠ ᠶᠢᠨ ᠠᠵᠢᠯ ᠢ ᠦᠨᠡᠨᠬᠦ ᠨᠡᠩ ᠰᠠᠶᠢᠨ ᠨᠡᠩ ᠨᠠᠷᠢᠯᠢᠭ ᠨᠡᠩ ᠪᠣᠳᠠᠲᠠᠢ ᠬᠢᠵᠦ᠂ ᠤᠯᠠᠨ ᠲᠦᠮᠡᠨ ᠤ ᠠᠮᠤᠷ ᠲᠦᠪᠰᠢᠨ᠂ ᠨᠡᠶᠢᠭᠡᠮ ᠤᠨ ᠠᠮᠤᠷ ᠲᠣᠭᠲᠠᠭᠤᠨ ᠢ ᠪᠠᠲᠤᠯᠠᠬᠤ ᠳᠤ ᠨᠡᠩ ᠶᠡᠭᠡ ᠬᠤᠪᠢ ᠨᠡᠮᠡᠷᠢ ᠦᠵᠡᠭᠦᠯᠬᠦ ᠶᠢ ᠬᠦᠰᠡᠵᠦ ᠪᠠᠶᠢᠨ᠎ᠠ᠃      ᠢᠷᠡᠯᠲᠡ᠄ ᠬᠤᠲᠣᠩ ᠠᠷᠠᠳ ᠤᠨ ᠲᠣᠭᠤᠷᠢᠭ ᠤᠨ ᠵᠠᠰᠠᠭ ᠤᠨ ᠣᠷᠳᠣᠨ ᠤ ᠠᠯᠪᠠᠨ ᠰᠦᠯᠵᠢᠶ᠎ᠡ
 
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000611号-1号