2023 ᠣᠨ ᠳᠤ ᠬᠤᠳᠤᠩ ᠠᠷᠠᠳ ᠤᠨ ᠲᠣᠭᠤᠷᠢᠭ ᠤᠨ ᠰᠢᠨ᠎ᠡ ᠪᠠᠷ ᠮᠡᠳᠡᠭᠦᠯᠦᠭᠰᠡᠨ ᠵᠠᠯᠠᠭᠤᠴᠤᠳ ᠤᠨ ᠳᠠᠳᠤᠯᠭ᠎ᠠ᠂ ᠴᠢᠳᠠᠪᠤᠷᠢᠲᠠᠨ ᠤ ᠨᠥᠭᠡᠴᠡ ᠶᠢᠨ ᠰᠠᠭᠤᠷᠢᠨ ᠭᠠᠵᠠᠷ ᠤᠨ ᠠᠵᠤ ᠠᠬᠤᠶᠢᠯᠠᠯ ᠤᠨ ᠵᠠᠷᠯᠠᠯ ᠢ ᠨᠡᠶᠢᠲᠡᠯᠡᠪᠡ
ᠨᠡᠶᠢᠲᠡᠯᠡᠭᠰᠡᠨ ᠴᠠᠭ᠄
2024/2/1
      ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠭᠤᠨ ᠲᠦᠮᠡᠨ ᠠᠵᠢᠯ ᠣᠯᠭᠤᠯᠲᠠ ᠶᠢᠨ ᠳᠠᠳᠤᠯᠭ᠎ᠠ ᠶᠢᠨ ᠠᠵᠢᠯ ᠤᠨ ᠪᠠᠶᠢᠷᠢ ᠶᠢ ᠤᠯᠠᠮ ᠨᠢᠭᠡ ᠠᠯᠬᠤᠮ ᠠᠬᠢᠭᠤᠯᠤᠨ ᠬᠡᠷᠡᠭᠵᠢᠭᠦᠯᠬᠦ ᠲᠥᠯᠥᠪᠯᠡᠭᠡ ᠶᠢᠨ ᠠᠵᠢᠯ ᠤᠨ ᠲᠥᠰᠥᠯ︾ ᠢ ᠳᠠᠷᠤᠮᠠᠯᠯᠠᠨ ᠶᠠᠪᠤᠭᠤᠯᠬᠤ ᠲᠤᠬᠠᠢ ᠮᠡᠳᠡᠭᠳᠡᠯ ︵ᠥᠪᠥᠷ ᠮᠣᠩᠭᠤᠯ ᠤᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠠᠯᠪᠠᠨ ᠲᠠᠷᠬᠠᠭᠠᠭᠰᠠᠨ ﹇2023﹈ 118 ᠳ᠋ᠤᠭᠠᠷ ᠲᠣᠭᠠᠲᠤ︶ ᠪᠠ ︽ᠳᠡᠭᠡᠳᠦ ᠰᠤᠷᠭᠠᠭᠤᠯᠢ ᠲᠡᠭᠦᠰᠦᠭᠰᠡᠳ ᠤᠨ ᠳᠤᠮᠳᠠ ᠵᠢᠵᠢᠭ ᠠᠵᠤ ᠠᠬᠤᠶᠢᠯᠠᠯ ᠤᠨ ᠴᠢᠳᠠᠪᠤᠷᠢᠲᠠᠨ ᠨᠥᠭᠡᠴᠡᠯᠡᠬᠦ ᠠᠵᠢᠯ ᠢ ᠤᠯᠠᠮ ᠨᠢᠭᠡ ᠠᠯᠬᠤᠮ ᠴᠢᠩᠭᠠᠳᠬᠠᠬᠤ ᠲᠤᠬᠠᠢ ᠮᠡᠳᠡᠭᠳᠡᠯ︾ ︵ᠥᠪᠥᠷ ᠮᠣᠩᠭᠤᠯ ᠤᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠲᠠᠷᠬᠠᠭᠠᠭᠰᠠᠨ ﹇2014﹈ 134 ᠳ᠋ᠦ᠋ᠭᠡᠷ ᠲᠣᠭᠠᠲᠤ︶ ᠤᠨ ᠱᠠᠭᠠᠷᠳᠠᠯᠭ᠎ᠠ ᠶᠣᠰᠣᠭᠠᠷ᠂ ᠬᠤᠳᠤᠩ ᠠᠷᠠᠳ ᠤᠨ ᠲᠣᠭᠤᠷᠢᠭ ᠤᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠠᠴᠠ ᠵᠠᠯᠠᠭᠤᠴᠤᠳ ᠤᠨ ᠳᠠᠳᠤᠯᠭ᠎ᠠ ᠶᠢᠨ ᠰᠠᠭᠤᠷᠢᠨ ᠭᠠᠵᠠᠷ᠂ ᠴᠢᠳᠠᠪᠤᠷᠢᠲᠠᠨ ᠨᠥᠭᠡᠴᠡᠯᠡᠬᠦ ᠰᠠᠭᠤᠷᠢᠨ ᠭᠠᠵᠠᠷ ᠢᠶᠠᠷ ᠰᠢᠨ᠎ᠡ ᠪᠠᠷ ᠮᠡᠳᠡᠭᠦᠯᠦᠭᠰᠡᠨ ᠨᠢᠭᠡᠴᠢ ᠳᠤ ᠲᠤᠬᠠᠢ ᠶᠢᠨ ᠭᠠᠵᠠᠷ ᠤᠨ ᠬᠢᠨᠠᠨ ᠰᠢᠯᠭᠠᠯᠲᠠ ᠪᠠ ᠦᠨᠡᠯᠡᠨ ᠵᠢᠱᠢᠯᠲᠡ ᠬᠢᠬᠦ ᠪᠠᠷ ᠳᠡᠮᠵᠢᠨ᠂ ᠣᠲᠣ ᠳᠣᠣᠷᠠᠬᠢ ᠨᠥᠬᠦᠴᠡᠯ ᠳᠤ ᠨᠡᠶᠢᠴᠡᠬᠦ ᠠᠵᠤ ᠠᠬᠤᠶᠢᠯᠠᠯ ᠢ ᠵᠠᠷᠯᠠᠨ ᠨᠡᠶᠢᠲᠡᠯᠡᠶ᠎ᠡ᠄      ᠵᠠᠯᠠᠭᠤᠴᠤᠳ ᠤᠨ ᠳᠠᠳᠤᠯᠭ᠎ᠠ ᠶᠢᠨ ᠰᠠᠭᠤᠷᠢᠨ ᠭᠠᠵᠠᠷ᠄      1. ᠥᠪᠥᠷ ᠮᠣᠩᠭᠤᠯ ᠤᠨ ᠮᠦ ᠶᠢᠨ ᠤ ᠬᠠᠤᠯᠢᠴᠢ ᠶᠢᠨ ᠬᠡᠷᠡᠭ ᠡᠷᠬᠢᠯᠡᠬᠦ ᠭᠠᠵᠠᠷ      2. ᠬᠥᠬᠡᠬᠤᠲᠠ ᠶᠢᠨ ᠰᠡᠷᠭᠡᠶᠢᠯᠡᠨ ᠵᠠᠰᠠᠬᠤ ᠡᠮᠨᠡᠯᠭᠡ ᠶᠢᠨ ᠬᠤᠷᠢᠶ᠎ᠠ ᠶᠢᠨ ᠬᠢᠵᠠᠭᠠᠷᠲᠤ ᠺᠣᠮᠫᠠᠨᠢ      3. ᠥᠪᠥᠷ ᠮᠣᠩᠭᠤᠯ ᠤᠨ ᠵᠥᠩ ᠶᠢᠩ ᠬᠤᠸᠠ ᠱᠧᠩ ᠺᠢᠨᠣ᠋ ᠶᠢᠨ ᠬᠢᠵᠠᠭᠠᠷᠲᠤ ᠺᠣᠮᠫᠠᠨᠢ      4. ᠶᠢᠨ ᠪᠢ ᠠᠳᠠᠯ ᠠᠬᠤᠢ ᠶᠢᠨ ᠬᠢᠵᠠᠭᠠᠷᠲᠤ ᠺᠣᠮᠫᠠᠨᠢ ᠶᠢᠨ ᠬᠥᠬᠡᠬᠤᠲᠠ ᠶᠢᠨ ᠬᠤᠪᠢᠶᠠᠷᠢ ᠺᠣᠮᠫᠠᠨᠢ      5. ᠥᠪᠥᠷ ᠮᠣᠩᠭᠤᠯ ᠤᠨ ᠶᠢᠨ ᠼᠠᠨ ᠰᠣᠶᠣᠯ ᠵᠠᠭᠤᠴᠢᠯᠠᠭᠤᠷ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ      6. ᠬᠥᠬᠡᠬᠤᠲᠠ ᠶᠢᠨ ᠬᠤᠳᠤᠩ ᠠᠷᠠᠳ ᠤᠨ ᠤ ᠲᠣᠭᠤᠷᠢᠭ ᠤᠨ ᠰᠢ ᠬᠤᠸᠠ ᠲᠢᠩ ᠤᠨ ᠶᠢᠨ ᠪᠧᠢ ᠪᠧᠢ ᠬᠡᠦᠬᠡᠳ ᠤᠨ ᠴᠡᠴᠡᠷᠯᠢᠭ      7. ᠬᠥᠬᠡᠬᠤᠲᠠ ᠶᠢᠨ ᠬᠤᠲᠣᠩ ᠠᠷᠠᠳ ᠤᠨ ᠲᠣᠭᠤᠷᠢᠭ ᠤᠨ ᠰᠢᠨ ᠬᠤᠸᠠ ᠪᠠᠷᠠᠭᠤᠨ ᠵᠡᠭᠡᠯᠢ ᠶᠢᠨ ᠮᠢᠩ ᠽᠧ ᠲᠠᠯᠠᠪᠠᠶ   ᠶᠢᠨ ᠳᠠᠯᠠᠶ ᠳᠡᠯᠡᠬᠡᠢ ᠶᠢᠨ ᠭᠤᠣᠯ ᠰᠡᠳᠦᠪᠲᠦ ᠳᠠᠶᠢᠯᠠᠯᠭ᠎ᠠ ᠶᠢᠨ ᠪᠠᠭᠤᠳᠠᠯ      8. ᠥᠪᠥᠷ ᠮᠣᠩᠭᠤᠯ ᠤᠨ ᠨᠠᠰᠤᠨ ᠳᠤ ᠬᠦᠷᠦᠭᠰᠡᠳ ᠤᠨ ᠦᠷᠭᠦᠯᠵᠢᠯᠡᠭᠰᠡᠨ ᠰᠤᠷᠭᠠᠨ ᠬᠥᠮᠦᠵᠢᠯ ᠤᠨ ᠵᠥᠪᠯᠡᠯᠭᠡ ᠥᠭᠬᠦ ᠬᠢᠵᠠᠭᠠᠷᠲᠤ ᠺᠣᠮᠫᠠᠨᠢ      9. ᠥᠪᠥᠷ ᠮᠣᠩᠭᠤᠯ ᠤᠨ ᠾᠥᠸᠧ ᠰᠢᠶᠠᠨ ᠰᠤᠷᠭᠠᠨ ᠬᠥᠮᠦᠵᠢᠯ ᠤᠨ ᠵᠥᠪᠯᠡᠯᠭᠡ ᠥᠭᠬᠦ ᠬᠢᠵᠠᠭᠠᠷᠲᠤ ᠺᠣᠮᠫᠠᠨᠢ      10. ᠥᠪᠥᠷ ᠮᠣᠩᠭᠤᠯ ᠤᠨ ᠱᠢ ᠵᠢᠢ ᠡᠮᠨᠡᠯᠭᠡ ᠶᠢᠨ ᠬᠢᠵᠠᠭᠠᠷᠲᠤ ᠺᠣᠮᠫᠠᠨᠢ      11. ᠥᠪᠥᠷ ᠮᠣᠩᠭᠤᠯ ᠤᠨ ᠵᠥᠩ ᠠᠨ ᠤ ᠲᠥᠷᠥᠯ ᠤᠨ ᠬᠡᠷᠡᠬᠦ ᠴᠢᠨᠠᠷᠲᠠᠢ ᠶᠠᠰᠤ ᠦᠶᠡᠰ ᠤᠨ ᠡᠪᠡᠳᠴᠢᠨ ᠤ ᠲᠤᠰᠬᠠᠢ ᠡᠮᠨᠡᠯᠭᠡ ᠶᠢᠨ ᠬᠤᠷᠢᠶ᠎ᠠ      12. ᠬᠥᠬᠡᠬᠤᠲᠠ ᠶᠢᠨ ᠬᠤᠲᠣᠩ ᠠᠷᠠᠳ ᠤᠨ ᠲᠣᠭᠤᠷᠢᠭ ᠤᠨ ᠲᠦᠩ ᠳ᠋ᠣᠣ ᠵᠡᠭᠡᠯᠢ ᠶᠢᠨ ᠬᠡᠷᠡᠭ ᠡᠷᠬᠢᠯᠡᠬᠦ ᠭᠠᠵᠠᠷ ᠤᠨ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ      13. ᠬᠥᠬᠡᠬᠤᠲᠠ ᠶᠢᠨ ᠬᠤᠲᠣᠩ ᠠᠷᠠᠳ ᠤᠨ ᠲᠣᠭᠤᠷᠢᠭ ᠤᠨ ᠬᠠᠶᠢᠰᠢ ᠵᠠᠮ ᠤᠨ ᠬᠡᠷᠡᠭ ᠡᠷᠬᠢᠯᠡᠬᠦ ᠭᠠᠵᠠᠷ ᠤᠨ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ      ᠴᠢᠳᠠᠪᠤᠷᠢᠲᠠᠨ ᠨᠥᠭᠡᠴᠡᠯᠡᠬᠦ ᠰᠠᠭᠤᠷᠢᠨ ᠭᠠᠵᠠᠷ᠄      1. ᠬᠥᠬᠡᠬᠤᠲᠠ ᠶᠢᠨ ᠰᠡᠷᠭᠡᠶᠢᠯᠡᠨ ᠵᠠᠰᠠᠬᠤ ᠡᠮᠨᠡᠯᠭᠡ ᠶᠢᠨ ᠬᠤᠷᠢᠶ᠎ᠠ ᠶᠢᠨ ᠬᠢᠵᠠᠭᠠᠷᠲᠤ ᠺᠣᠮᠫᠠᠨᠢ      2. ᠬᠥᠬᠡᠬᠤᠲᠠ ᠶᠢᠨ ᠵᠥᠩ  ᠷᠠᠨ ᠬᠤᠲᠠ ᠶᠢᠨ ᠰᠢᠳᠡᠭᠴᠢ ᠬᠡᠢ ᠶᠢᠨ ᠬᠥᠭᠵᠢᠭᠦᠯᠦᠯᠲᠡ ᠶᠢᠨ ᠬᠢᠵᠠᠭᠠᠷᠲᠤ ᠺᠣᠮᠫᠠᠨᠢ      3. ᠥᠪᠥᠷ ᠮᠣᠩᠭᠤᠯ ᠤᠨ ᠪᠧᠢ ᠲᠧ ᠴᠢᠮᠡᠭᠡ ᠬᠤᠯᠪᠣᠭᠠᠨ ᠤ ᠬᠢᠵᠠᠭᠠᠷᠲᠤ ᠬᠠᠷᠢᠭᠤᠴᠠᠯᠭᠠᠲᠤ ᠺᠣᠮᠫᠠᠨᠢ      4. ᠥᠪᠥᠷ ᠮᠣᠩᠭᠤᠯ ᠤᠨ ᠵᠧᠨ ᠬᠤᠸᠠ ᠪᠠᠷᠢᠯᠭ᠎ᠠ ᠶᠢᠨ ᠦᠢᠯᠡᠰ ᠤᠨ ᠬᠢᠵᠠᠭᠠᠷᠲᠤ ᠺᠣᠮᠫᠠᠨᠢ ᠶᠢᠨ ᠵᠧᠨ ᠬᠤᠸᠠ ᠬᠤᠳᠠᠯᠳᠤᠭᠠᠨ ᠤ ᠲᠠᠯᠠᠪᠠᠶ      5. ᠬᠥᠬᠡᠬᠤᠲᠠ ᠶᠢᠨ ᠪᠠᠢ ᠼᠤᠤ ᠾᠦᠢ ᠴᠦᠨ ᠬᠢᠲᠠᠳ ᠡᠮᠨᠡᠯᠭᠡ ᠶᠢᠨ ᠬᠤᠷᠢᠶᠠᠨ ᠤ ᠬᠢᠵᠠᠭᠠᠷᠲᠤ ᠺᠣᠮᠫᠠᠨᠢ      6. ᠬᠥᠬᠡᠬᠤᠲᠠ ᠶᠢᠨ ᠬᠤᠲᠣᠩ ᠠᠷᠠᠳ ᠤᠨ ᠲᠣᠭᠤᠷᠢᠭ ᠤᠨ ᠰᠢᠶᠣᠣ ᠯᠦ ᠫᠧᠢ ᠶᠢᠦ ᠬᠡᠦᠬᠡᠳ ᠤᠨ ᠴᠡᠴᠡᠷᠯᠢᠭ      7. ᠬᠥᠬᠡᠬᠤᠲᠠ ᠶᠢᠨ ᠰᠢᠨ᠎ᠡ ᠲᠤ ᠵᠢᠩ ᠤᠨ ᠪᠣᠯᠪᠠᠰᠤᠷᠠᠭᠤᠯᠤᠯ ᠤᠨ ᠦᠢᠯᠡᠴᠢᠯᠡᠭᠡᠨ ᠤ ᠬᠢᠵᠠᠭᠠᠷᠲᠤ ᠺᠣᠮᠫᠠᠨᠢ      8. ᠬᠥᠬᠡᠬᠤᠲᠠ ᠶᠢᠨ ᠵᠥᠩ ᠠᠨ ᠡᠮᠨᠡᠯᠭᠡ ᠶᠢᠨ ᠬᠤᠷᠢᠶᠠᠨ ᠤ ᠬᠢᠵᠠᠭᠠᠷᠲᠤ ᠬᠠᠷᠢᠭᠤᠴᠠᠯᠭᠠᠲᠤ ᠺᠣᠮᠫᠠᠨᠢ      9. ᠥᠪᠥᠷ ᠮᠣᠩᠭᠤᠯ ᠤᠨ ᠵᠥᠩ ᠠᠨ ᠤ ᠲᠥᠷᠥᠯ ᠤᠨ ᠬᠡᠷᠡᠬᠦ ᠴᠢᠨᠠᠷᠲᠠᠢ ᠶᠠᠰᠤ ᠦᠶᠡᠰ ᠤᠨ ᠡᠪᠡᠳᠴᠢᠨ ᠤ ᠲᠤᠰᠬᠠᠢ ᠡᠮᠨᠡᠯᠭᠡ ᠶᠢᠨ ᠬᠤᠷᠢᠶ᠎ᠠ      ᠵᠠᠷᠯᠠᠨ ᠨᠡᠶᠢᠲᠡᠯᠡᠭᠰᠡᠨ ᠴᠠᠭ᠄ 2024 ᠣᠨ ᠤ 1 ᠰᠠᠷ᠎ᠠ ᠶᠢᠨ 31 ᠤ ᠡᠳᠦᠷ ︱ 2024 ᠣᠨ ᠤ 2 ᠰᠠᠷ᠎ᠠ ᠶᠢᠨ 6 ᠤ ᠡᠳᠦᠷ ︵5 ᠠᠵᠢᠯᠯᠠᠬᠤ ᠡᠳᠦᠷ︶      ᠠᠯᠢᠪᠠ ᠨᠢᠭᠡᠴᠢ ᠪᠤᠶᠤ ᠬᠤᠪᠢ ᠬᠥᠮᠥᠨ ᠨᠡᠶᠢᠲᠡᠯᠡᠬᠦ ᠨᠢᠭᠡᠴᠢ ᠳᠤ ᠣᠨᠳᠣᠣ ᠰᠠᠨᠠᠯ ᠲᠠᠢ ᠪᠠᠶᠢᠪᠠᠯ᠂ ᠤᠲᠠᠰᠤ ᠪᠠᠷ ᠰᠤᠷᠪᠤᠯᠵᠢᠯᠠᠬᠤ ᠪᠠᠷ ᠵᠠᠬᠢᠳᠠᠯ ᠢᠷᠡᠭᠦᠯᠬᠦ ᠵᠡᠷᠭᠡ ᠠᠷᠭ᠎ᠠ ᠮᠠᠶ᠋ᠢᠭ ᠢᠶᠠᠷ ᠳᠡᠭᠡᠷ᠎ᠡ ᠳᠤᠷᠠᠳᠤᠭᠰᠠᠨ ᠨᠡᠶᠢᠲᠡᠯᠡᠬᠦ ᠡᠲᠡᠭᠡᠳ ᠤᠨ ᠬᠤᠯᠪᠣᠭᠳᠠᠯ ᠪᠦᠬᠦᠢ ᠪᠠᠶᠢᠳᠠᠯ ᠪᠤᠶᠤ ᠠᠰᠠᠭᠤᠳᠠᠯ ᠢ ᠲᠤᠰᠬᠠᠵᠤ ᠪᠣᠯᠣᠨ᠎ᠠ᠃      ᠬᠢᠨᠠᠯᠲᠠ ᠲᠠᠯᠪᠢᠬᠤ ᠤᠲᠠᠰᠤ᠄ 0471-3821097                  ᠬᠤᠲᠣᠩ ᠠᠷᠠᠳ ᠤᠨ ᠲᠣᠭᠤᠷᠢᠭ ᠤᠨ ᠬᠥᠮᠥᠨ ᠤ ᠬᠦᠴᠦᠨ ᠤ ᠡᠬᠢ ᠪᠠᠶᠠᠯᠢᠭ ᠪᠠ                             ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ                            2024 ᠣᠨ ᠤ 1 ᠰᠠᠷ᠎ᠠ ᠶᠢᠨ 31 ᠤ ᠡᠳᠦᠷ      ᠢᠷᠡᠯᠲᠡ᠄ ᠬᠤᠳᠤᠩ ᠠᠷᠠᠳ ᠤᠨ ᠲᠤᠭᠤᠷᠢᠭ ᠤᠨ ᠵᠠᠰᠠᠭ ᠤᠨ ᠣᠷᠳᠣᠨ ᠤ ᠠᠯᠪᠠᠨ ᠰᠦᠯᠵᠢᠶ᠎ᠡ
 
ᠢᠷᠡᠯᠲᠡ᠄ ᠬᠤᠲᠤᠩ ᠠᠷᠠᠳ ᠤᠨ ᠲᠣᠭᠤᠷᠢᠭ ᠤᠨ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000611号-1号