ᠠᠷᠪᠠᠨ ᠳᠥᠷᠪᠡᠳᠦᠭᠡᠷ ᠬᠤᠭᠤᠴᠠᠭᠠᠨ ᠤ ᠪᠦᠭᠦ ᠤᠯᠤᠰ ᠤᠨ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠡᠬᠢᠯᠡᠯ᠎ᠡ
ᠨᠡᠶᠢᠲᠡᠯᠡᠭᠰᠡᠨ ᠴᠠᠭ᠄
2024/2/19
      ᠠᠷᠪᠠᠨ ᠳᠥᠷᠪᠡᠳᠦᠭᠡᠷ ᠬᠤᠭᠤᠴᠠᠭᠠᠨ ᠤ ᠪᠦᠭᠦ ᠤᠯᠤᠰ ᠤᠨ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠤ ᠡᠭᠢᠯᠡᠯᠲᠡ ᠶᠢᠨ ᠶᠣᠰᠣᠯᠠᠯ 2 ᠰᠠᠷ᠎ᠠ ᠶᠢᠨ 17 ᠤ ᠣᠷᠣᠢ ᠬᠥᠯᠥᠨ ᠪᠤᠶᠢᠷ ᠬᠤᠲᠠ ᠳᠤ ᠶᠠᠪᠤᠭᠳᠠᠯ᠎ᠠ᠃ ᠠᠬᠤᠢ ᠲᠠᠯᠠᠪᠠᠢ ᠳᠤ ᠲᠤᠰ ᠬᠤᠭᠤᠴᠠᠭᠠᠨ ᠤ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠡᠬᠢᠯᠡᠭᠰᠡᠨ ᠢ ᠨᠡᠶᠢᠲᠡᠯᠡᠪᠡ᠃
     ᠠᠷᠪᠠᠨ ᠳᠥᠷᠪᠡᠳᠦᠭᠡᠷ ᠬᠤᠭᠤᠴᠠᠭᠠᠨ ᠤ ᠪᠦᠭᠦ ᠤᠯᠤᠰ ᠤᠨ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠪᠣᠯ ᠪᠡᠭᠡᠵᠢᠩ ᠤᠨ ᠡᠪᠦᠯ ᠤᠨ ᠤᠯᠠᠷᠢᠯ ᠤᠨ ᠣᠯᠢᠮᠫᠢᠺ ᠤᠨ ᠲᠠᠮᠢᠷ ᠤᠨ ᠴᠤᠭᠯᠠᠭᠠᠨ ᠢ ᠡᠷᠭᠢᠯᠡᠭᠰᠡᠨ ᠠᠴᠠ ᠨᠠᠭᠠᠰᠢᠬᠢ ᠠᠩᠬᠠᠳᠠᠭᠴᠢ ᠪᠦᠭᠦ ᠤᠯᠤᠰ ᠤᠨ ᠡᠪᠦᠯ ᠤᠨ ᠤᠯᠠᠷᠢᠯ ᠤᠨ ᠲᠥᠷᠥᠯ ᠵᠦᠢᠯ ᠤᠨ ᠲᠣᠮᠣ ᠭᠡᠯᠪᠡᠷᠢ ᠶᠢᠨ ᠪᠡᠶ᠎ᠡ ᠶᠢᠨ ᠲᠠᠮᠢᠷ ᠤᠨ ᠤᠷᠤᠯᠳᠤᠭᠠᠨ ᠪᠤᠯᠬᠤ ᠪᠥᠭᠡᠳ ᠮᠠᠨ ᠤ ᠣᠷᠣᠨ ᠤ ᠠᠩᠬ᠎ᠠ ᠤᠳᠠᠭ᠎ᠠ ᠳᠠᠭᠠᠭᠠᠴᠢᠯᠠᠨ ᠡᠷᠭᠢᠯᠡᠭᠰᠡᠨ ᠪᠦᠭᠦ ᠤᠯᠤᠰ ᠤᠨ ᠲᠣᠮᠣ ᠭᠡᠯᠪᠡᠷᠢ ᠶᠢᠨ ᠶᠡᠷᠦᠩᠬᠡᠶᠢᠯᠡᠭᠰᠡᠨ ᠴᠢᠨᠠᠷᠲᠠᠢ ᠪᠡᠶ᠎ᠡ ᠶᠢᠨ ᠲᠠᠮᠢᠷ ᠤᠨ ᠴᠤᠭᠯᠠᠭᠠᠨ ᠪᠣᠯᠣᠨ᠎ᠠ᠃ ᠣᠶᠢᠯᠠᠭᠠᠭᠰᠠᠨ ᠢᠶᠠᠷ᠂ ᠠᠷᠪᠠᠨ ᠳᠥᠷᠪᠡᠳᠦᠭᠡᠷ ᠬᠤᠭᠤᠴᠠᠭᠠᠨ ᠤ ᠪᠦᠭᠦ ᠤᠯᠤᠰ ᠤᠨ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠳᠤ ᠨᠡᠶᠢᠲᠡ 8 ᠶᠡᠭᠡ ᠲᠥᠷᠥᠯ 180 ᠪᠠᠭ᠎ᠠ ᠲᠥᠷᠥᠯ ᠲᠣᠬᠢᠷᠠᠭᠤᠯᠵᠤ᠂ ᠡᠭᠦᠨ ᠳᠤ ᠥᠷᠢᠰᠦᠯᠳᠦᠭᠡᠨᠲᠦ ᠤᠷᠤᠯᠳᠤᠭᠠᠨ ᠳᠤ 8 ᠶᠡᠭᠡ ᠲᠥᠷᠥᠯ 176 ᠪᠠᠭ᠎ᠠ ᠲᠥᠷᠥᠯ ᠲᠣᠬᠢᠷᠠᠭᠤᠯᠵᠤ᠂ ᠣᠯᠠᠨ ᠲᠦᠮᠡᠨ ᠤ ᠤᠷᠤᠯᠳᠤᠭᠠᠨ ᠳᠤ 4 ᠪᠠᠭ᠎ᠠ ᠲᠥᠷᠥᠯ ᠲᠣᠬᠢᠷᠠᠭᠤᠯᠵᠤ᠂ 3000 ᠭᠠᠷᠤᠢ ᠲᠠᠮᠢᠷᠴᠢᠨ ᠤᠷᠤᠯᠳᠤᠭᠠᠨ ᠳᠤ ᠣᠷᠣᠯᠴᠠᠵᠤ᠂ 1300 ᠭᠠᠷᠤᠢ ᠮᠡᠷᠭᠡᠵᠢᠯ ᠤᠨ ᠲᠤᠰᠢᠶᠠᠯᠲᠠᠨ ᠲᠠᠰᠤᠯᠤᠯᠲᠠ ᠶᠢ ᠭᠦᠢᠴᠡᠳᠬᠡᠬᠦ ᠳᠤ ᠣᠷᠤᠯᠴᠠᠬᠤ ᠪᠣᠯᠣᠨ᠎ᠠ᠃
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000611号-1号