ᠬᠤᠲᠣᠩ ᠠᠷᠠᠳ ᠤᠨ ᠲᠣᠭᠤᠷᠢᠭ ᠤᠨ ᠡᠮ ᠡᠮᠨᠡᠯᠭᠡ ᠶᠢᠨ ᠪᠠᠲᠤᠯᠠᠪᠤᠷᠢ ᠶᠢᠨ ᠲᠣᠪᠴᠢᠶ᠎ᠠ ᠴᠠᠭᠠᠨ ᠰᠠᠷ᠎ᠠ ᠠᠴᠠ ᠡᠮᠦᠨ᠎ᠡ ᠰᠤᠷᠲᠠᠯ ᠢ ᠲᠥᠪ ᠪᠣᠯᠭᠠᠨ ᠰᠠᠬᠢᠯᠭ᠎ᠠ ᠪᠠᠲᠤ ᠶᠢ ᠴᠢᠩᠳᠠᠯᠠᠬᠤ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/2/20
     2024 ᠣᠨ ᠤ ᠴᠠᠭᠠᠨ ᠰᠠᠷ᠎ᠠ ᠪᠣᠯᠬᠤ ᠦᠶ᠎ᠡ ᠳᠤ᠂ ᠲᠥᠪ ᠤᠨ ᠨᠠᠢᠮᠠᠨ ᠵᠦᠢᠯ ᠤᠨ ᠲᠣᠭᠲᠠᠭᠠᠯ ᠵᠢᠴᠢ ᠬᠡᠷᠡᠭᠵᠢᠭᠦᠯᠬᠦ ᠨᠠᠷᠢᠨ ᠳᠦᠷᠢᠮ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠰᠠᠬᠢᠯᠭ᠎ᠠ ᠪᠠᠲᠤ ᠣᠪᠣᠷ ᠰᠤᠷᠲᠠᠯ ᠢ ᠤᠯᠠᠮ ᠨᠢᠭᠡ ᠠᠯᠬᠤᠮ ᠴᠢᠩᠳᠠᠯᠠᠵᠤ᠂ ᠠᠷᠢᠭᠤᠨ ᠴᠢᠬᠡᠴᠢ ᠪᠣᠯᠪᠠᠰᠤᠨ᠂ ᠠᠮᠤᠷ ᠲᠦᠪᠰᠢᠨ ᠥᠯᠵᠡᠢ ᠪᠡᠯᠭᠡ ᠲᠠᠢ ᠪᠠᠶᠠᠷ ᠳᠤᠷᠠᠰᠬᠠᠯ ᠤᠨ ᠡᠳᠦᠷ ᠤᠨ ᠠᠭᠤᠷ ᠠᠮᠢᠰᠬᠤᠯ ᠢ ᠪᠣᠶ ᠪᠣᠯᠭᠠᠬᠤ ᠶᠢᠨ ᠲᠥᠯᠥᠭᠡ᠂ 2 ᠰᠠᠷ᠎ᠠ ᠶᠢᠨ 6 ᠤ ᠡᠳᠦᠷ ᠤᠨ ᠦᠳᠡ ᠶᠢᠨ ᠡᠮᠦᠨ᠎ᠡ᠂ ᠬᠤᠲᠣᠩ ᠠᠷᠠᠳ ᠤᠨ ᠲᠣᠭᠤᠷᠢᠭ ᠤᠨ ᠡᠮ ᠡᠮᠨᠡᠯᠭᠡ ᠶᠢᠨ ᠪᠠᠲᠤᠯᠠᠭ᠎ᠠ ᠶᠢᠨ ᠲᠣᠪᠴᠢᠶ᠎ᠠ ᠴᠠᠭᠠᠨ ᠰᠠᠷ᠎ᠠ ᠠᠴᠠ ᠡᠮᠦᠨᠡᠬᠢ ᠰᠤᠷᠲᠠᠯ ᠢ ᠲᠥᠪ ᠪᠣᠯᠭᠠᠵᠤ ᠰᠠᠬᠢᠯᠭ᠎ᠠ ᠪᠠᠲᠤ ᠶᠢ ᠴᠢᠩᠳᠠᠯᠠᠬᠤ ᠶᠡᠭᠡ ᠬᠤᠷᠠᠯ ᠬᠤᠷᠠᠯᠳᠤᠪᠠ᠃ ᠬᠤᠷᠠᠯ ᠢ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ᠂ ᠳᠡᠳ᠋ ᠲᠣᠪᠴᠢᠶᠠᠨ ᠳᠠᠷᠤᠭ᠎ᠠ ᠵᠣ ᠮᠧᠶ ᠲᠤᠸ ᠡᠷᠭᠢᠯᠡᠵᠦ᠂ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ᠂ ᠳᠡᠳ᠋ ᠲᠣᠪᠴᠢᠶᠠᠨ ᠳᠠᠷᠤᠭ᠎ᠠ ᠶᠣᠣ ᠸᠠᠩ ᠬᠤᠷᠠᠯ ᠳᠤ ᠣᠷᠣᠯᠴᠠᠭᠰᠠᠨ ᠪᠥᠭᠡᠳ ᠶᠠᠷᠢᠶ᠎ᠠ ᠲᠠᠯᠪᠢᠵᠤ᠂ ᠬᠤᠲᠣᠩ ᠠᠷᠠᠳ ᠤᠨ ᠲᠣᠭᠤᠷᠢᠭ ᠤᠨ ᠡᠮ ᠡᠮᠨᠡᠯᠭᠡ ᠶᠢᠨ ᠪᠠᠲᠤᠯᠠᠭ᠎ᠠ ᠶᠢᠨ ᠲᠣᠪᠴᠢᠶᠠᠨ ᠤ ᠪᠥᠬᠦ ᠺᠠᠳ᠋ᠷᠴᠤᠳ ᠬᠤᠷᠠᠯ ᠳᠤ ᠣᠷᠣᠯᠴᠠᠵᠠᠢ᠃      ᠬᠤᠷᠠᠯ ᠳᠡᠭᠡᠷ᠎ᠡ᠂ ᠳᠡᠳ᠋ ᠲᠣᠪᠴᠢᠶᠠᠨ ᠳᠠᠷᠤᠭ᠎ᠠ ᠵᠣ ᠮᠧᠶ ᠲᠤᠤ ︽ᠲᠥᠪ ᠬᠤᠷᠢᠶᠠᠨ ᠤ ᠨᠠᠢᠮᠠᠨ ᠵᠦᠢᠯ ᠤᠨ ᠲᠣᠭᠲᠠᠭᠠᠯ ᠤᠨ ᠵᠣᠷᠢᠭ ᠰᠠᠨᠠᠭ᠎ᠠ︾ ᠶᠢ ᠵᠥᠷᠢᠴᠡᠭᠰᠡᠨ ᠨᠡᠶᠢᠲᠡᠯᠢᠭ ᠬᠡᠷᠡᠭ ᠤᠨ ᠵᠢᠱᠢᠶ᠎ᠡ ᠶᠢ ᠨᠡᠶᠢᠲᠡᠯᠡᠨ ᠮᠡᠳᠡᠭᠳᠡᠭᠰᠡᠨ ᠪᠥᠭᠡᠳ ᠳᠣᠣᠷᠠᠬᠢ ᠮᠡᠲᠦ ᠱᠠᠭᠠᠷᠳᠠᠯᠭ᠎ᠠ ᠳᠤᠷᠠᠳᠴᠠᠢ᠄ ᠴᠠᠭᠠᠨ ᠰᠠᠷ᠎ᠠ ᠪᠣᠯᠬᠤ ᠭᠡᠵᠦ ᠪᠠᠶᠢᠭ᠎ᠠ ᠪᠣᠯᠬᠤᠷ ᠠᠷᠢᠭᠤᠨ ᠴᠢᠬᠡᠴᠢ ᠪᠠᠷ ᠵᠠᠰᠠᠭ ᠪᠠᠷᠢᠬᠤ ᠬᠥᠪᠴᠢ ᠶᠢ ᠴᠢᠩᠭᠠᠯᠠᠵᠤ᠂ ᠠᠮᠤᠷ ᠲᠦᠪᠰᠢᠨ ᠤ ᠪᠣᠭᠤᠮᠲᠠ ᠶᠢ ᠪᠠᠲᠤ ᠰᠠᠬᠢᠵᠤ᠂ ᠠᠷᠢᠭᠤᠨ ᠴᠢᠬᠡᠴᠢ ᠬᠡᠪ ᠰᠤᠷᠲᠠᠯ ᠲᠥᠪ᠂ ᠡᠶ᠎ᠡ ᠵᠣᠬᠢᠴᠠᠯ ᠲᠠᠢ ᠰᠠᠶᠢᠨ ᠰᠠᠶᠢᠬᠠᠨ ᠪᠠᠶᠠᠷ ᠤᠨ ᠡᠳᠦᠷ ᠤᠨ ᠠᠭᠤᠷ ᠠᠮᠢᠰᠬᠤᠯ ᠢ ᠬᠠᠮᠲᠤ ᠪᠠᠷ ᠪᠤᠶ ᠪᠣᠯᠭᠠᠬᠤ ᠬᠡᠷᠡᠭᠲᠡᠢ᠃ ᠨᠢᠭᠡ ᠳᠤ᠂ ᠠᠷᠢᠭᠤᠨ ᠴᠢᠬᠡᠴᠢ ᠪᠠᠷ ᠪᠠᠶᠠᠷ ᠤᠨ ᠡᠳᠦᠷ ᠢᠶᠠᠨ ᠥᠩᠭᠡᠷᠡᠭᠦᠯᠬᠦ ᠬᠡᠷᠡᠭᠲᠡᠢ᠃ ᠠᠷᠢᠭᠤᠨ ᠴᠢᠬᠡᠴᠢ ᠪᠠᠷ ᠡᠷᠬᠡ ᠪᠠᠨ ᠬᠡᠷᠡᠭᠯᠡᠬᠦ᠂ ᠠᠷᠢᠭᠤᠨ ᠴᠢᠬᠡᠴᠢ ᠪᠠᠷ ᠬᠢᠨᠠᠨ ᠬᠠᠮᠢᠶᠠᠷᠬᠤ ᠶᠢ ᠪᠠᠷᠢᠮᠲᠠᠯᠠᠵᠤ᠂ ᠡᠷᠬᠡ ᠪᠠᠨ ᠬᠡᠷᠡᠭᠵᠢᠭᠦᠯᠬᠦ ᠵᠥᠪ ᠴᠢᠭᠯᠡᠯ ᠢ ᠢᠮᠠᠭᠲᠠ ᠰᠠᠶᠢᠲᠤᠷ ᠡᠵᠡᠮᠳᠡᠵᠦ᠂ ᠠᠯᠪᠠᠨ ᠤ ᠪᠠ ᠬᠤᠪᠢ ᠶᠢᠨ ᠬᠢ ᠶᠢ ᠲᠣᠳᠣᠷᠬᠠᠢ ᠢᠯᠭᠠᠵᠤ᠂ ᠥᠪᠡᠷ ᠤᠨ ᠪᠡᠶ᠎ᠡ ᠪᠠᠨ ᠳᠠᠭᠠᠭᠠᠵᠤ ᠠᠯᠪᠠᠨ ᠤ ᠲᠥᠯᠥᠭᠡ ᠵᠢᠳᠬᠦᠬᠦ ᠶᠢ ᠤᠬᠠᠮᠰᠠᠷ ᠠᠴᠠ ᠪᠠᠨ ᠪᠡᠶᠡᠯᠡᠭᠦᠯᠦᠨ᠎ᠡ᠃ ᠲᠣᠭᠲᠠᠭᠠᠯ ᠠᠴᠠ ᠵᠥᠷᠢᠴᠡᠨ ᠢᠳᠡᠵᠦ ᠤᠤᠭᠤᠬᠤ᠂ ᠲᠣᠭᠲᠠᠭᠠᠯ  ᠠᠴᠠ ᠵᠥᠷᠢᠴᠡᠨ ᠪᠡᠯᠡᠭ ᠰᠡᠯᠲᠡ ᠬᠤᠷᠢᠶᠠᠬᠤ᠂ ᠠᠯᠪᠠᠨ ᠤ ᠲᠡᠷᠭᠡ ᠶᠢ ᠬᠤᠪᠢᠨ ᠳᠠᠭᠠᠨ ᠬᠡᠷᠡᠭᠯᠡᠬᠦ ᠵᠡᠷᠭᠡ ︽ᠪᠠᠶᠠᠷ ᠤᠨ ᠡᠳᠦᠷ ᠤᠨ ᠠᠷᠬᠠᠭ︾   ᠢ ᠲᠠᠰᠤ ᠵᠣᠭᠰᠤᠭᠠᠬᠤ ᠬᠡᠷᠡᠭᠲᠡᠢ᠃ ᠬᠤᠶᠠᠷ ᠲᠤ᠂ ᠵᠢᠵᠢᠭᠦᠷᠯᠡᠵᠦ ᠵᠢᠵᠢᠭᠦᠷᠯᠡᠨ ᠰᠠᠬᠢᠬᠤ ᠶᠢ ᠴᠢᠩᠭᠠᠳᠬᠠᠨ᠎ᠠ᠃ ᠤᠳᠤᠷᠢᠳᠬᠤ ᠺᠠᠳ᠋ᠷ ᠤᠨ ᠠᠵᠢᠯ ᠤᠨ ᠪᠠᠶᠢᠷᠢ ᠳᠠᠭᠠᠭᠤᠯᠵᠤ ᠡᠭᠡᠯᠵᠢ ᠳᠠᠭᠠᠭᠤᠯᠬᠤ ᠪᠠ ᠵᠠᠩᠭᠢᠯᠠᠭ᠎ᠠ ᠶᠢᠨ ᠠᠵᠢᠯ ᠤᠨ ᠪᠠᠶᠢᠷᠢ ᠳᠤ 24 ᠴᠠᠭ ᠢᠶᠠᠷ ᠵᠢᠵᠢᠭᠦᠷᠯᠡᠬᠦ ᠵᠡᠷᠭᠡ ᠳᠦᠷᠢᠮ ᠢ ᠴᠢᠩᠭ᠎ᠠ ᠬᠡᠷᠡᠭᠵᠢᠭᠦᠯᠵᠦ᠂ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠪᠡᠯᠡᠳᠬᠡᠯ ᠢ ᠰᠠᠶᠢᠲᠤᠷ ᠬᠢᠵᠦ᠂ ᠬᠤᠷᠴᠠ ᠰᠡᠷᠭᠡᠭ ᠲᠤᠰᠬᠠᠯ ᠲᠠᠢ᠂ ᠥᠨᠳᠥᠷ ᠪᠦᠲᠦᠮᠵᠢᠲᠡᠶ ᠠᠵᠢᠯᠯᠠᠬᠤ ᠶᠢ ᠪᠡᠶᠡᠯᠡᠭᠦᠯᠦᠨ᠎ᠡ᠃      ᠬᠤᠷᠠᠯ ᠠᠴᠠ ᠴᠢᠬᠤᠯᠠᠴᠢᠯᠠᠭᠰᠠᠨ ᠨᠢ᠂ ᠡᠮ ᠡᠮᠨᠡᠯᠭᠡ ᠶᠢᠨ ᠳᠠᠭᠠᠳᠬᠠᠯ ᠤᠨ ᠲᠣᠪᠴᠢᠶ᠎ᠠ ᠶᠢᠨ ᠪᠦᠬᠦ ᠺᠠᠳ᠋ᠷᠴᠤᠳ ᠤᠯᠤᠰ ᠲᠦᠷᠦ ᠶᠢᠨ ᠤᠬᠠᠮᠰᠠᠷ ᠢ ᠪᠦᠬᠦ ᠲᠠᠯ᠎ᠠ ᠪᠠᠷ ᠪᠠᠲᠤᠳᠬᠠᠬᠤ ᠶᠢ ᠪᠠᠷᠢᠮᠲᠠᠯᠠᠵᠤ᠂ ᠰᠠᠬᠢᠯᠭ᠎ᠠ ᠪᠠᠲᠤ ᠶᠢ ᠲᠡᠷᠢᠭᠦᠨ ᠳᠤ ᠲᠠᠯᠪᠢᠵᠤ᠂ ᠬᠢᠨᠠᠯᠲᠠ ᠬᠠᠮᠢᠶᠠᠷᠤᠯᠲᠠ ᠶᠢ ᠲᠠᠰᠤᠷᠠᠯᠲᠠ ᠦᠭᠡᠢ ᠭᠦᠨᠵᠡᠭᠡᠶᠢᠷᠡᠭᠦᠯᠬᠦ ᠬᠡᠷᠡᠭᠲᠡᠢ︔ ᠤᠯᠠᠨ ᠲᠦᠮᠡᠨ ᠤ ᠵᠣᠭᠰᠣᠯᠲᠠ ᠳᠤ ᠪᠠᠲᠤ ᠵᠣᠭᠰᠣᠬᠤ ᠶᠢ ᠪᠠᠷᠢᠮᠲᠠᠯᠠᠵᠤ᠂ ᠡᠷᠬᠡ ᠪᠠᠨ ᠠᠷᠠᠳ ᠤᠨ ᠲᠥᠯᠥᠭᠡ ᠬᠡᠷᠡᠭᠯᠡᠬᠦ ᠶᠢ ᠢᠮᠠᠭᠲᠠ ᠪᠡᠶᠡᠯᠡᠭᠦᠯᠬᠦ ᠬᠡᠷᠡᠭᠲᠡᠢ︔ ᠰᠤᠷᠲᠠᠯ ᠤᠨ ᠪᠠᠶᠢᠭᠤᠯᠤᠯᠲᠠ ᠶᠢ ᠭᠤᠶᠢᠪᠢᠰᠢ ᠦᠭᠡᠢ ᠪᠠᠷᠢᠮᠲᠠᠯᠠᠵᠤ᠂ ᠠᠷᠢᠭᠤᠨ ᠴᠢᠬᠡᠴᠢ ᠰᠤᠷᠲᠠᠯ ᠲᠥᠪ ᠰᠤᠷᠲᠠᠯ ᠢ ᠦᠷᠭᠦᠯᠵᠢᠯᠡᠨ ᠬᠥᠭᠵᠢᠭᠡᠬᠦ ᠬᠡᠷᠡᠭᠲᠡᠢ᠃
     ᠢᠷᠡᠯᠲᠡ᠄ ᠬᠤᠲᠣᠩ ᠠᠷᠠᠳ ᠤᠨ ᠲᠣᠭᠤᠷᠢᠭ ᠤᠨ ᠵᠠᠰᠠᠭ ᠤᠨ ᠣᠷᠳᠣᠨ ᠤ ᠠᠯᠪᠠᠨ ᠰᠦᠯᠵᠢᠶ᠎ᠡ  
 
ᠢᠷᠡᠯᠲᠡ᠄ ᠬᠤᠲᠤᠩ ᠠᠷᠠᠳ ᠤᠨ ᠲᠣᠭᠤᠷᠢᠭ ᠤᠨ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000611号-1号