ᠬᠤᠲᠣᠩ ᠠᠷᠠᠳ ᠤᠨ ᠲᠣᠭᠤᠷᠢᠭ ᠤᠨ ᠬᠢᠨ ᠰᠢᠨᠵᠢᠯᠡᠬᠦ ᠤᠬᠠᠭᠠᠨ ᠮᠡᠷᠭᠡᠵᠢᠯ ᠤᠨ ︽ᠪᠦᠰᠡᠯᠡᠯᠲᠡ ᠰᠢᠪᠲᠤᠯᠬᠤ︾ ᠢᠨᠵᠧᠨᠧᠷᠢᠩ ᠢ ᠨᠠᠶᠢᠳᠠᠪᠤᠷᠢᠵᠢᠭᠤᠯᠬᠤ ᠶᠢ ᠠᠬᠢᠭᠤᠯᠬᠤ ᠬᠤᠷᠠᠯ ᠢ ᠵᠣᠬᠢᠶᠠᠨ ᠪᠠᠶᠢᠭᠤᠯᠵᠤ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/2/20
      2 ᠰᠠᠷ᠎ᠠ ᠶᠢᠨ 18 ᠤ ᠡᠳᠦᠷ᠂ ᠲᠣᠭᠤᠷᠢᠭ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠸᠠᠩ ᠶᠠ ᠨᠠ ᠬᠤᠲᠣᠩ ᠠᠷᠠᠳ ᠤᠨ ᠲᠣᠭᠤᠷᠢᠭ ᠤᠨ ︽ᠬᠥᠬᠡᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ︿ᠪᠦᠰᠡᠯᠡᠯᠲᠡ ᠰᠢᠪᠲᠤᠯᠬᠤ﹀ ᠢᠨᠵᠧᠨᠧᠷᠢᠩ ᠢ ᠲᠦᠯᠬᠢᠨ ᠠᠬᠢᠭᠤᠯᠬᠤ ᠬᠡᠷᠡᠭᠵᠢᠭᠦᠯᠬᠦ ᠲᠥᠰᠥᠯ︾ ᠢ ᠨᠠᠶᠢᠳᠠᠪᠤᠷᠢᠵᠢᠭᠤᠯᠬᠤ ᠡᠭᠦᠷᠭᠡ ᠶᠢᠨ ᠨᠠᠷᠢᠨ ᠲᠠᠩᠰᠠ ᠶᠢ ᠲᠦᠯᠬᠢᠨ ᠠᠬᠢᠭᠤᠯᠬᠤ ᠬᠤᠷᠠᠯ ᠢ ᠡᠷᠭᠢᠯᠡᠨ ᠬᠤᠷᠠᠯᠳᠤᠭᠤᠯᠪᠠ᠃ ᠲᠣᠭᠤᠷᠢᠭ ᠤᠨ ᠨᠠᠮ ᠤᠨ ᠬᠤᠷᠢᠶ᠎ᠠ ᠶᠢᠨ ᠵᠣᠬᠢᠶᠠᠨ ᠪᠠᠶᠢᠭᠤᠯᠬᠤ ᠬᠡᠯᠲᠡᠰ᠂ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠠᠵᠤ ᠦᠢᠯᠡᠳᠪᠦᠷᠢ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠣᠷᠣᠨ ᠪᠦᠰᠡ ᠶᠢᠨ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ᠂ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠵᠡᠷᠭᠡ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠤᠳᠤᠷᠢᠳᠤᠯᠭ᠎ᠠ ᠬᠤᠷᠠᠯ ᠳᠤ ᠣᠷᠣᠯᠴᠠᠪᠠ᠃ ᠬᠤᠷᠠᠯ ᠳᠡᠭᠡᠷ᠎ᠡ᠂ ᠲᠣᠭᠤᠷᠢᠭ ᠤᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠠᠴᠠ ︽ᠡᠭᠦᠷᠭᠡ ᠶᠢᠨ ᠨᠠᠷᠢᠨ ᠲᠠᠩᠰᠠ︾ ᠶᠢ ᠲᠠᠨᠢᠯᠴᠠᠭᠤᠯᠤᠭᠰᠠᠨ ᠪᠠ ᠡᠮᠬᠢᠯᠡᠵᠦ ᠵᠠᠳᠠᠯᠤᠭᠰᠠᠨ ᠪᠠᠶᠢᠨ᠎ᠠ᠃ ᠲᠥᠰᠥᠯ ᠳᠤ ︽ᠳᠥᠷᠪᠡᠨ ᠶᠡᠭᠡ ᠬᠦᠷᠢᠶ᠎ᠡ︾ ᠠᠴᠠ ᠣᠨ ᠤ ᠬᠠᠷᠠᠯᠲᠠ᠂ ᠪᠣᠳᠠᠲᠠᠢ ᠡᠭᠦᠷᠭᠡ ᠵᠡᠷᠭᠡ ᠶᠢ ᠲᠣᠰ ᠲᠣᠰ ᠲᠣᠭᠲᠠᠭᠠᠭᠰᠠᠨ ᠪᠥᠭᠡᠳ ᠲᠦᠷᠦᠭᠦᠯᠡᠨ ᠬᠢᠬᠦ ᠨᠢᠭᠡᠴᠢ ᠪᠠ ᠬᠠᠷᠢᠭᠤᠴᠠᠯᠭᠠᠲᠤ ᠰᠠᠯᠠᠭ᠎ᠠ ᠮᠥᠴᠢᠷ ᠢ ᠲᠣᠳᠣᠷᠬᠠᠢ ᠲᠣᠭᠲᠠᠭᠠᠵᠠᠢ᠃ ᠳᠠᠷᠠᠭ᠎ᠠ ᠪᠠᠷ ᠨᠢ ᠡᠯ᠎ᠡ ᠨᠢᠭᠡᠴᠢ ᠶᠢᠨ ᠬᠢᠨ ᠥᠪᠡᠷ ᠤᠨ ᠪᠣᠳᠠᠲᠤ ᠪᠠᠶᠢᠳᠠᠯ ᠢᠶᠠᠨ ᠦᠨᠳᠦᠰᠦᠯᠡᠨ ᠵᠠᠰᠠᠪᠤᠷᠢ ᠣᠷᠣᠭᠤᠯᠬᠤ ᠰᠠᠨᠠᠯ ᠢᠶᠠᠨ ᠳᠤᠷᠠᠳᠴᠠᠢ᠃      ᠳᠡᠳ᠋ ᠲᠣᠭᠤᠷᠢᠭ ᠤᠨ ᠳᠠᠷᠤᠭ᠎ᠠ ᠸᠠᠩ ᠶᠠ ᠨᠠ ᠮᠠᠨ ᠤ ᠲᠣᠭᠤᠷᠢᠭ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠡᠯ᠎ᠡ ᠨᠢᠭᠡᠴᠢ ᠶᠢᠨ ᠳᠤᠷᠠᠳᠤᠭᠰᠠᠨ ᠰᠠᠨᠠᠯ ᠵᠢᠴᠢ ᠲᠥᠰᠥᠯ ᠳᠤ ᠳ᠋ᠦᠩᠨᠡᠯᠲᠡ ᠬᠢᠭᠰᠡᠨ ᠪᠥᠭᠡᠳ ᠲᠣᠭᠤᠷᠢᠭ ᠤᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠲᠦᠷᠦᠭᠦᠯᠡᠨ ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠪᠣᠯᠣᠨ ᠲᠣᠭᠤᠷᠢᠭ ᠤᠨ ᠬᠠᠮᠢᠶ᠎ᠠ ᠪᠦᠬᠦᠢ ᠭᠠᠵᠠᠷ ᠣᠷᠣᠨ᠂ ᠰᠠᠯᠠᠭ᠎ᠠ ᠮᠥᠴᠢᠷ ᠲᠠᠢ ᠵᠣᠯᠭᠠᠭᠤᠯᠵᠤ᠂ ᠲᠥᠰᠥᠯ ᠳᠤ ᠵᠠᠰᠠᠪᠤᠷᠢ ᠣᠷᠣᠭᠤᠯᠤᠨ ᠲᠡᠭᠦᠯᠳᠡᠷᠵᠢᠭᠦᠯᠬᠦ ᠬᠡᠷᠡᠭᠲᠡᠢ ᠭᠡᠵᠦ ᠱᠠᠭᠠᠷᠳᠠᠪᠠ᠃      ᠳᠠᠷᠠᠭᠠᠴᠢ ᠶᠢᠨ ᠠᠯᠬᠤᠮ ᠳᠤ᠂ ᠬᠤᠲᠣᠩ ᠠᠷᠠᠳ ᠤᠨ ᠲᠣᠭᠤᠷᠢᠭ ᠤᠨ ᠬᠢᠨ ᠠᠵᠤ ᠦᠢᠯᠡᠰ ᠤᠨ ᠬᠥᠭᠵᠢᠯᠲᠡ ᠶᠢᠨ ᠴᠢᠭᠯᠡᠯ ᠪᠠ ᠬᠡᠷᠡᠭᠴᠡᠭᠡ ᠳᠤ ᠰᠠᠭᠤᠷᠢᠯᠠᠵᠤ᠂ ᠰᠢᠨᠵᠢᠯᠡᠬᠦ ᠤᠬᠠᠭᠠᠨ ᠮᠡᠷᠭᠡᠵᠢᠯ ᠤᠨ ︽ᠪᠦᠰᠡᠯᠡᠯᠲᠡ ᠰᠢᠪᠲᠤᠯᠬᠤ︾ ᠢᠨᠵᠧᠨᠧᠷᠢᠩ ᠢ ᠭᠦᠨᠵᠡᠭᠡᠢ ᠬᠡᠷᠡᠭᠵᠢᠭᠦᠯᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠪᠠᠷ ᠠᠵᠤ ᠦᠢᠯᠡᠰ ᠤᠨ ᠰᠢᠨ᠎ᠡ ᠶᠢ ᠡᠭᠦᠳᠬᠦ ᠶᠢ ᠬᠥᠲᠥᠯᠥᠨ ᠳᠠᠭᠠᠭᠤᠯᠵᠤ ᠣᠨᠣᠪᠴᠢᠲᠠᠶ ᠴᠢᠭ᠋ ᠡᠷᠢᠵᠦ᠂ ᠪᠦᠯᠬᠦᠮ ᠨᠡᠶᠢᠲᠡ ᠶᠢ ᠰᠠᠶᠢᠲᠤᠷ ᠡᠷᠢᠵᠦ᠂ ᠵᠠᠭᠪᠤᠷ ᠢ ᠵᠥᠪ ᠡᠷᠢᠵᠦ᠂ ᠰᠢᠨ᠎ᠡ ᠶᠢ ᠡᠭᠦᠳᠬᠦ ᠲᠠᠪᠴᠠᠩ ᠢ ᠪᠣᠶᠢᠵᠢᠭᠤᠯᠤᠨ᠂ ᠵᠠᠩᠭᠢᠯᠠᠭ᠎ᠠ ᠶᠢᠨ ᠭᠤᠣᠯᠯᠠᠬᠤ ᠮᠡᠷᠭᠡᠵᠢᠯ ᠢ ᠰᠢᠪᠲᠤᠯᠵᠤ᠂ ᠲᠡᠷᠢᠭᠦᠨ ᠤ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠬᠤᠪᠢᠷᠠᠭᠤᠯᠤᠨ᠂ ᠰᠢᠨᠵᠢᠯᠡᠬᠦ ᠤᠬᠠᠭᠠᠨ ᠮᠡᠷᠭᠡᠵᠢᠯ ᠤᠨ ᠳᠠᠭᠠᠭᠤᠯᠤᠭᠴᠢ ᠠᠵᠤ ᠠᠬᠤᠶᠢᠯᠠᠯ ᠢ ᠪᠣᠶᠢᠵᠢᠭᠤᠯᠤᠨ᠂ ᠮᠠᠨ ᠤ ᠲᠣᠭᠤᠷᠢᠭ ᠤᠨ ᠠᠵᠤ ᠦᠢᠯᠡᠰ ᠤᠨ ᠰᠢᠨ᠎ᠡ ᠴᠢᠨᠠᠷ ᠴᠢᠨᠰᠠᠭ᠎ᠠ ᠶᠢᠨ ᠦᠢᠯᠡᠳᠪᠦᠷᠢᠯᠡᠯ ᠤᠨ ᠬᠦᠴᠦᠨ ᠢ ᠪᠣᠶ ᠪᠣᠯᠭᠠᠬᠤ ᠶᠢ ᠠᠬᠢᠭᠤᠯᠵᠤ᠂ ᠠᠵᠤ ᠦᠢᠯᠡᠰ ᠤᠨ ᠬᠥᠭᠵᠢᠯᠲᠡ ᠶᠢᠨ ᠰᠢᠨ᠎ᠡ ᠬᠥᠳᠡᠯᠭᠡᠬᠦ ᠬᠦᠴᠦᠨ ᠢ ᠴᠢᠩᠭᠠᠷᠠᠭᠤᠯᠤᠨ᠎ᠠ᠃
     ᠢᠷᠡᠯᠲᠡ᠄ ᠬᠤᠲᠣᠩ ᠠᠷᠠᠳ ᠤᠨ ᠲᠣᠭᠤᠷᠢᠭ ᠤᠨ ᠵᠠᠰᠠᠭ ᠤᠨ ᠣᠷᠳᠣᠨ ᠤ ᠠᠯᠪᠠᠨ ᠰᠦᠯᠵᠢᠶ᠎ᠡ
 
ᠢᠷᠡᠯᠲᠡ᠄ ᠬᠤᠲᠤᠩ ᠠᠷᠠᠳ ᠤᠨ ᠲᠣᠭᠤᠷᠢᠭ ᠤᠨ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000611号-1号