ᠬᠤᠲᠣᠩ ᠠᠷᠠᠳ ᠤᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠭᠤᠣᠯᠳᠠᠯᠭ᠎ᠠ ᠲᠠᠢ ᠠᠵᠢᠯ᠂ ᠭᠤᠣᠯᠳᠠᠯᠭ᠎ᠠ ᠲᠠᠢ ᠢᠨᠵᠧᠨᠧᠷᠢᠩ ᠤᠨ ᠲᠣᠬᠢᠷᠠᠭᠤᠯᠤᠯᠲᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/2/21
      2 ᠰᠠᠷ᠎ᠠ ᠶᠢᠨ 18 ᠤ ᠡᠳᠦᠷ᠂ ᠬᠤᠲᠣᠩ ᠠᠷᠠᠳ ᠤᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠭᠤᠣᠯᠳᠠᠯᠭ᠎ᠠ ᠲᠠᠢ ᠠᠵᠢᠯ᠂ ᠭᠤᠣᠯᠳᠠᠯᠭ᠎ᠠ ᠲᠠᠢ ᠢᠨᠵᠧᠨᠧᠷᠢᠩ ᠤᠨ ᠲᠣᠬᠢᠷᠠᠭᠤᠯᠤᠯᠲᠠ ᠶᠢᠨ ᠬᠤᠷᠠᠯ ᠬᠤᠷᠠᠯᠳᠤᠭᠤᠯᠵᠤ᠂ ᠬᠠᠯᠠᠭᠤᠨ ᠳᠤᠯᠠᠭᠠᠨ ᠤ ᠢᠨᠵᠧᠨᠧᠷᠢᠩ᠂ ᠬᠠᠭᠤᠴᠢᠨ ᠬᠤᠷᠢᠶᠠᠯᠠᠯ ᠢ ᠥᠭᠡᠷᠡᠴᠢᠯᠡᠬᠦ ᠵᠡᠷᠭᠡ ᠭᠤᠣᠯᠳᠠᠯᠭ᠎ᠠ ᠲᠠᠢ ᠲᠥᠷᠥᠯ ᠵᠦᠢᠯ ᠢ ᠲᠦᠯᠬᠢᠨ ᠠᠬᠢᠭᠤᠯᠬᠤ ᠤᠴᠢᠷ ᠶᠠᠪᠤᠳᠠᠯ ᠢ ᠲᠤᠰᠬᠠᠢ ᠰᠡᠳᠦᠪ ᠢᠶᠠᠷ ᠰᠤᠳᠤᠯᠵᠤ᠂ ᠲᠣᠭᠤᠷᠢᠭ ᠤᠨ ᠨᠠᠮ ᠤᠨ ᠬᠤᠷᠢᠶ᠎ᠠ ᠶᠢᠨ ᠳᠡᠳ᠋ ᠱᠦᠵᠢ᠂ ᠲᠣᠭᠤᠷᠢᠭ ᠤᠨ ᠳᠠᠷᠤᠭ᠎ᠠ ᠴᠢᠶᠣᠤ ᠸᠧᠨ ᠵᠢᠶᠧ ᠬᠤᠷᠠᠯ ᠢ ᠡᠷᠭᠢᠯᠡᠪᠡ᠃      ᠬᠤᠷᠠᠯ ᠠᠴᠠ ᠵᠢᠭᠠᠵᠤ ᠭᠠᠷᠭᠠᠭᠰᠠᠨ ᠨᠢ᠂ ᠪᠦᠬᠦ ᠲᠤᠭᠤᠷᠢᠭ ᠢᠶᠠᠷ ᠢᠶᠠᠨ ᠬᠠᠯᠠᠭᠤᠨ ᠳᠤᠯᠠᠭᠠᠨ ᠢᠨᠵᠧᠨᠧᠷᠢᠩ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠡᠯ᠎ᠡ ᠭᠠᠵᠠᠷ ᠤᠨ ᠱᠠᠲᠤᠨ ᠤ ᠤᠳᠤᠷᠢᠳᠤᠯᠭ᠎ᠠ ᠠᠴᠠ ᠳᠠᠭᠠᠭᠠᠴᠢᠯᠠᠨ ᠠᠪᠴᠤ᠂ ᠡᠯ᠎ᠡ ᠪᠠᠯᠭᠠᠰᠤᠨ ᠤ ᠠᠯᠪᠠᠨ ᠭᠡᠷ ᠤᠨ ᠲᠥᠪ ᠪᠣᠯᠣᠨ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠢᠨ ᠪᠦᠬᠦ ᠬᠦᠴᠦᠨ ᠢᠶᠠᠷ ᠠᠬᠢᠭᠤᠯᠵᠤ᠂ ᠠᠷᠠᠳ ᠤᠯᠠᠨ ᠤ ᠬᠦᠰᠡᠯ ᠰᠠᠨᠠᠭ᠎ᠠ ᠶᠢ ᠥᠷᠭᠡᠨ ᠢᠶᠠᠷ ᠬᠤᠷᠢᠶᠠᠵᠤ᠂ ᠤᠨᠢᠨ ᠳᠡᠭᠡᠷ᠎ᠡ ᠨᠢ ᠣᠶᠢᠯᠠᠭᠠᠨ ᠵᠢᠭᠰᠠᠭᠠᠵᠤ᠂ ᠲᠥᠰᠥᠯ ᠢᠶᠠᠨ ᠲᠡᠭᠦᠯᠳᠡᠷᠵᠢᠭᠦᠯᠵᠦ᠂ ᠵᠢᠷᠤᠭ ᠡᠯᠭᠦᠨ ᠪᠠᠶᠢᠯᠳᠤᠵᠤ᠂ ᠴᠠᠭ ᠤᠨ ᠳᠠᠷᠠᠭᠠᠯᠠᠯ ᠢᠶᠠᠷ ᠠᠬᠢᠭᠤᠯᠵᠤ᠂ ᠬᠠᠯᠠᠭᠤᠨ ᠳᠤᠯᠠᠭᠠᠨ ᠪ᠊ ᠢᠨᠵᠧᠨᠧᠷᠢᠩ᠂ ᠬᠠᠭᠤᠴᠢᠨ ᠬᠤᠷᠢᠶᠠᠯᠠᠯ ᠤᠨ ᠲᠣᠭᠤᠷᠢᠭ ᠢ ᠥᠭᠡᠷᠡᠴᠢᠯᠡᠨ ᠰᠢᠨᠡᠳᠬᠡᠬᠦ᠂ ᠵᠠᠮ ᠤᠨ ᠲᠣᠣᠷ ᠢ ᠰᠢᠨᠡᠳᠬᠡᠨ ᠥᠭᠡᠷᠡᠴᠢᠯᠡᠬᠦ ᠵᠡᠷᠭᠡ ᠡᠯ᠎ᠡ ᠵᠦᠢᠯ ᠤᠨ ᠢᠨᠵᠧᠨᠧᠷᠢᠩ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠬᠡᠷᠡᠭᠵᠢᠭᠦᠯᠵᠦ᠂ ᠰᠢᠲᠠᠭᠠᠯᠭ᠎ᠠ ᠶᠢᠨ ᠢᠯᠴᠢ ᠶᠢᠨ ᠺᠣᠮᠫᠠᠨᠢ ᠶᠢᠨ ᠤᠷᠢᠳᠴᠢᠯᠠᠨ ᠭᠠᠷ ᠭᠦᠢᠴᠡᠳᠬᠡᠯ ᠬᠢᠬᠦ᠂ ᠤᠷᠢᠳᠴᠢᠯᠠᠨ ᠠᠵᠢᠯ ᠡᠬᠢᠯᠡᠭᠦᠯᠦᠨ ᠪᠦᠲᠦᠭᠡᠨ ᠪᠠᠶᠢᠭᠤᠯᠬᠤ ᠳᠤ ᠬᠠᠮᠵᠢᠯᠴᠠᠵᠤ᠂ ᠪᠠᠷᠢᠯᠭ᠎ᠠ ᠶᠢᠨ ᠠᠬᠢᠴᠠ ᠪᠣᠯᠣᠨ ᠪᠠᠷᠢᠯᠭ᠎ᠠ ᠶᠢᠨ ᠶᠠᠰᠤ ᠴᠢᠨᠠᠷ ᠢ ᠴᠢᠩᠭ᠎ᠠ ᠠᠩᠬᠠᠷᠴᠤ᠂ 9 ᠰᠠᠷ᠎ᠠ ᠶᠢᠨ 15  ᠤ ᠡᠳᠦᠷ ᠠᠴᠠ ᠡᠮᠦᠨ᠎ᠡ ᠪᠦᠬᠦᠨ ᠢ ᠪᠠᠷᠢᠯᠭ᠎ᠠ ᠳᠠᠭᠤᠰᠬᠠᠬᠤ ᠶᠢ ᠪᠠᠲᠤᠯᠠᠨ᠎ᠠ᠃      ᠬᠤᠷᠠᠯ ᠠᠴᠠ ᠪᠠᠰᠠ ᠭᠠᠵᠠᠷ ᠰᠢᠷᠣᠢ ᠶᠢ ᠡᠮᠬᠢᠯᠡᠨ ᠲᠢᠭᠯᠡᠵᠦ ᠰᠢᠯᠵᠢᠭᠦᠯᠦᠨ ᠥᠭᠬᠦ ᠵᠡᠷᠭᠡ ᠵᠦᠢᠯᠡᠰ ᠢ ᠰᠤᠳᠤᠯᠵᠠᠢ᠃      ᠢᠷᠡᠯᠲᠡ᠄ ᠬᠤᠲᠣᠩ ᠠᠷᠠᠳ ᠤᠨ ᠲᠣᠭᠤᠷᠢᠭ ᠤᠨ ᠵᠠᠰᠠᠭ ᠤᠨ ᠣᠷᠳᠣᠨ ᠤ ᠠᠯᠪᠠᠨ ᠰᠦᠯᠵᠢᠶ᠎ᠡ
 
ᠢᠷᠡᠯᠲᠡ᠄ ᠬᠤᠲᠤᠩ ᠠᠷᠠᠳ ᠤᠨ ᠲᠣᠭᠤᠷᠢᠭ ᠤᠨ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000611号-1号