ᠵᠢᠯ ᠪᠦᠷᠢ 2 ᠲᠦᠮᠡᠨ ᠠᠵᠢᠯ ᠠᠴᠠ ᠪᠠᠨ ᠠᠮᠠᠷᠠᠭᠰᠠᠨ ᠪᠠᠭᠰᠢ ᠶᠢ ᠰᠣᠩᠭᠤᠵᠤ ᠰᠤᠷᠭᠠᠨ ᠬᠥᠮᠦᠵᠢᠯ ᠢ ᠳᠡᠮᠵᠢᠭᠦᠯᠦᠨ᠎ᠡ
ᠨᠡᠶᠢᠲᠡᠯᠡᠭᠰᠡᠨ ᠴᠠᠭ᠄
2024/2/21
      ᠰᠤᠷᠭᠠᠨ ᠬᠥᠮᠦᠵᠢᠯ ᠤᠨ ᠶᠠᠮᠤᠨ ᠤ ᠠᠯᠪᠠᠨ ᠲᠢᠩᠬᠢᠮ ᠲᠦᠷᠦᠭᠦᠬᠡᠨ ᠮᠡᠳᠡᠭᠳᠡᠯ ᠪᠠᠭᠤᠯᠭᠠᠵᠤ᠂ ᠠᠵᠢᠯ ᠠᠴᠠ  ᠪᠠᠨ ᠠᠮᠠᠷᠠᠭᠰᠠᠨ ᠪᠠᠭᠰᠢ ᠶᠢᠨ ᠠᠷᠠᠳ ᠠᠴᠠ ᠡᠷᠭᠢᠯᠡᠭᠰᠡᠨ ᠰᠤᠷᠭᠠᠨ ᠬᠥᠮᠦᠵᠢᠯ ᠢ ᠳᠡᠮᠵᠢᠬᠦ ᠠᠵᠢᠯᠯᠠᠭ᠎ᠠ ᠶᠢ ᠬᠡᠷᠡᠭᠵᠢᠭᠦᠯᠬᠦ ᠬᠤᠯᠪᠣᠭᠳᠠᠯ ᠪᠦᠬᠦᠢ ᠠᠵᠢᠯ ᠤᠨ ᠲᠤᠬᠠᠢ ᠪᠠᠶᠢᠷᠢᠯᠠᠭᠤᠯᠤᠯᠲᠠ ᠬᠢᠪᠡ᠃ ᠨᠢᠭᠡ ᠪᠦᠯᠦᠭ ᠠᠵᠢᠯ   ᠠᠴᠠ ᠪᠠᠨ ᠠᠮᠠᠷᠠᠭᠰᠠᠨ ᠰᠢᠯᠢᠳᠡᠭ ᠪᠠᠭᠰᠢ ᠶᠢ ᠵᠣᠬᠢᠶᠠᠨ ᠪᠠᠶᠢᠭᠤᠯᠤᠨ ᠰᠢᠯᠢᠨ ᠰᠣᠩᠭᠤᠵᠤ᠂ ᠡᠯ᠎ᠡ ᠱᠠᠲᠤᠨ ᠤ ᠡᠯ᠎ᠡ ᠲᠥᠷᠥᠯ ᠤᠨ ᠠᠷᠠᠳ ᠠᠴᠠ ᠡᠷᠭᠢᠯᠡᠭᠰᠡᠨ ᠰᠤᠷᠭᠠᠭᠤᠯᠢ᠂ ᠢᠯᠠᠩᠭᠤᠶ᠎ᠠ ᠠᠷᠠᠳ   ᠠᠴᠠ ᠡᠷᠭᠢᠯᠡᠭᠰᠡᠨ ᠳᠡᠭᠡᠳᠦ ᠰᠤᠷᠭᠠᠭᠤᠯᠢ ᠳᠤ ᠬᠠᠨᠳᠤᠭᠤᠯᠤᠨ ᠰᠤᠷᠭᠠᠨ ᠬᠥᠮᠦᠵᠢᠯ ᠢ ᠳᠡᠮᠵᠢᠬᠦ᠂ ᠰᠤᠳᠤᠯᠭᠠᠨ ᠢ ᠳᠡᠮᠵᠢᠬᠦ ᠠᠵᠢᠯ ᠥᠷᠨᠢᠭᠦᠯᠦᠨ᠎ᠡ᠂ ᠵᠢᠯ ᠪᠦᠷᠢ ᠪᠠᠷᠤᠭ 2 ᠲᠦᠮᠡᠨ ᠬᠥᠮᠥᠨ ᠢ ᠰᠣᠩᠭᠤᠨ ᠲᠣᠮᠢᠯᠠᠬᠤ ᠪᠠᠷ ᠲᠥᠯᠥᠪᠯᠡᠵᠦ ᠪᠠᠶᠢᠨ᠎ᠠ ᠭᠡᠵᠦ ᠲᠣᠳᠣᠷᠬᠠᠶᠢᠯᠠᠵᠠᠢ᠃      ᠰᠦᠯᠵᠢᠶᠡᠨ ᠤ ᠪᠤᠰᠤ ᠭᠡᠯᠪᠡᠷᠢ ᠪᠠᠷ ᠰᠤᠷᠭᠠᠨ ᠬᠥᠮᠦᠵᠢᠯ ᠢ ᠳᠡᠮᠵᠢᠨ ᠰᠤᠳᠤᠯᠭᠠᠨ ᠥᠷᠨᠢᠭᠦᠯᠬᠦ ᠪᠠᠷ ᠭᠤᠶᠤᠴᠢᠯᠠᠭᠰᠠᠨ ᠠᠵᠢᠯ ᠠᠴᠠ ᠪᠠᠨ ᠠᠮᠠᠷᠠᠭᠰᠠᠨ ᠪᠠᠭᠰᠢ ᠶᠢᠨ ᠨᠠᠰᠤ ᠨᠢ ᠡᠩ ᠤᠨ ᠪᠠᠶᠢᠳᠠᠯ ᠳᠤ 75 ︵ᠪᠠᠭᠲᠠᠨ᠎ᠠ︶ ᠨᠠᠰᠤᠨ   ᠠᠴᠠ ᠳᠣᠷᠣᠭᠰᠢ ᠪᠠᠶᠢᠵᠤ᠂ ᠰᠠᠭᠤᠷᠢ ᠰᠤᠷᠭᠠᠨ ᠬᠥᠮᠦᠵᠢᠯ ᠤᠨ ᠬᠦᠷᠢᠶᠡᠨ ᠳᠤ ᠣᠷᠤᠯᠴᠠᠬᠤ ᠪᠠᠷ ᠭᠤᠶᠤᠴᠢᠯᠠᠭᠰᠠᠳ ᠤᠨ ᠨᠠᠰᠤ ᠨᠢ ᠡᠩ ᠤᠨ ᠪᠠᠶᠢᠳᠠᠯ ᠳᠤ 70 ︵ᠪᠠᠭᠲᠠᠨ᠎ᠠ︶ ᠨᠠᠰᠤᠨ ᠠᠴᠠ ᠳᠣᠷᠣᠭᠰᠢ ᠪᠠᠶᠢᠬᠤ ᠬᠡᠷᠡᠭᠲᠡᠢ᠃      ᠮᠡᠳᠡᠭᠳᠡᠯ ᠳᠤ᠂ ᠠᠵᠢᠯ ᠠᠴᠠ ᠪᠠᠨ ᠠᠮᠠᠷᠠᠭᠰᠠᠨ ᠪᠠᠭᠰᠢ ᠶᠢᠨ ᠪᠠᠷᠠᠭᠤᠨ ᠣᠷᠣᠨ᠂ ᠦᠨᠳᠦᠰᠦᠲᠡᠨ ᠤ ᠭᠠᠵᠠᠷ ᠣᠷᠣᠨ ᠤ ᠠᠷᠠᠳ ᠠᠴᠠ ᠡᠷᠭᠢᠯᠡᠭᠰᠡᠨ ᠰᠤᠷᠭᠠᠭᠤᠯᠢ ᠳᠤ ᠣᠷᠤᠯᠴᠠᠬᠤ ᠶᠢ ᠵᠣᠷᠢᠭᠵᠢᠭᠤᠯᠵᠤ᠂ ᠠᠵᠢᠯ ᠲᠥᠷᠥᠯ᠂ ᠠᠵᠤ ᠦᠢᠯᠡᠰ᠂ ᠠᠵᠤ ᠠᠬᠤᠶᠢᠯᠠᠯ ᠤᠨ ᠲᠤᠲᠠᠭᠳᠠᠵᠤ ᠪᠠᠶᠢᠭ᠎ᠠ ᠪᠠᠴᠢᠮ ᠬᠡᠷᠡᠭᠴᠡᠭᠡ ᠲᠠᠢ ᠲᠤᠰᠬᠠᠢ ᠮᠡᠷᠭᠡᠵᠢᠯ ᠳᠤ ᠣᠷᠤᠯᠴᠠᠬᠤ ᠶᠢ ᠵᠣᠷᠢᠭᠵᠢᠭᠤᠯᠵᠤ᠂ ᠠᠷᠠᠳ ᠠᠴᠠ ᠡᠷᠭᠢᠯᠡᠭᠰᠡᠨ ᠰᠤᠷᠭᠠᠭᠤᠯᠢ ᠶᠢ ᠬᠠᠪᠰᠤᠷᠤᠨ ᠳᠤᠲᠠᠭᠤᠳᠠᠯ ᠢ ᠨᠢ ᠨᠥᠬᠦᠪᠦᠷᠢᠯᠡᠵᠦ᠂ ᠪᠠᠭᠤᠷᠠᠢ ᠶᠢ ᠨᠢ ᠴᠢᠩᠭᠠᠳᠬᠠᠨ᠂ ᠶᠠᠰᠤ ᠴᠢᠨᠠᠷ ᠢ ᠨᠢ ᠳᠡᠭᠡᠭᠰᠢᠯᠡᠭᠦᠯᠭᠦ ᠳᠤ ᠬᠠᠮᠵᠢᠭᠤᠯᠤᠨ᠎ᠠ᠃ ᠠᠷᠠᠳ ᠠᠴᠠ ᠡᠷᠭᠢᠯᠡᠭᠰᠡᠨ ᠰᠤᠷᠭᠠᠭᠤᠯᠢ ᠶᠢᠨ ︽ᠵᠢᠯᠣᠭᠤᠳᠤᠭᠴᠢ ᠪᠠᠭᠰᠢ ᠶᠢᠨ ᠳᠦᠷᠢᠮ︾ ᠢ ᠰᠦᠪᠡᠭᠴᠢᠯᠡᠨ ᠬᠡᠷᠡᠭᠵᠢᠭᠦᠯᠬᠦ ᠶᠢ ᠵᠣᠷᠢᠭᠵᠢᠭᠤᠯᠵᠤ᠂ ᠥᠨᠳᠥᠷ ᠬᠡᠪ ᠪᠣᠯᠪᠠᠰᠤᠷᠠᠯ ᠲᠠᠢ ᠠᠵᠢᠯ ᠠᠴᠠ ᠪᠠᠨ ᠠᠮᠠᠷᠠᠭᠰᠠᠨ ᠪᠠᠭᠰᠢ ᠪᠠᠷ ᠵᠠᠯᠠᠭᠤ ᠪᠠᠭᠰᠢ ᠶᠢᠨ ᠵᠢᠯᠣᠭᠤᠳᠤᠭᠴᠢ ᠪᠠᠭᠰᠢ ᠪᠤᠯᠭᠠᠵᠤ᠂ ᠪᠠᠭᠰᠢ ᠶᠢᠨ ᠦᠢᠯᠡᠰ ᠤᠨ ᠵᠠᠯᠭᠠᠮᠵᠢᠯᠠᠬᠤ ᠦᠢᠯᠡᠳᠦᠯ ᠢ ᠪᠠᠳᠠᠷᠠᠭᠤᠯᠤᠨ᠎ᠠ ᠭᠡᠵᠦ ᠳᠤᠷᠠᠳᠴᠠᠢ᠃      ᠮᠡᠳᠡᠭᠳᠡᠯ ᠳᠤ᠂ ᠣᠷᠳᠣ ᠬᠤᠭᠤᠴᠠᠭ᠎ᠠ ᠪᠠᠷ ᠠᠵᠢᠯᠯᠠᠬᠤ ᠠᠵᠢᠯ ᠠᠴᠠ ᠪᠠᠨ ᠠᠮᠠᠷᠠᠭᠰᠠᠨ ᠪᠠᠭᠰᠢ ᠶᠢᠨ ᠳᠡᠮᠵᠢᠨ ᠦᠢᠯᠡᠴᠢᠯᠡᠬᠦ ᠴᠠᠭ ᠢ ᠵᠠᠷᠴᠢᠮ ᠳᠡᠭᠡᠷ᠎ᠡ ᠪᠠᠨ 1 ᠰᠤᠷᠤᠯᠭ᠎ᠠ ᠶᠢᠨ ᠵᠢᠯ ᠠᠴᠠ ᠪᠠᠭ᠎ᠠ ᠪᠠᠶᠢᠯᠭᠠᠵᠤ ᠪᠤᠯᠬᠤ ᠦᠭᠡᠢ᠂ ᠲᠤᠰᠠᠯᠠᠮᠵᠢ ᠭᠦᠷᠳᠡᠭᠦ ᠰᠤᠷᠭᠠᠭᠤᠯᠢ ᠶᠢᠨ ᠰᠤᠷᠭᠠᠨ ᠬᠥᠮᠦᠵᠢᠯ ᠵᠢᠭᠠᠨ ᠰᠤᠷᠭᠠᠯᠲᠠ ᠵᠢᠴᠢ ᠬᠠᠮᠢᠶᠠᠷᠤᠯᠲᠠ ᠶᠢᠨ ᠬᠡᠷᠡᠭᠴᠡᠭᠡ ᠱᠠᠭᠠᠷᠳᠠᠯᠭ᠎ᠠ ᠶᠢ ᠦᠨᠳᠦᠰᠦᠯᠡᠨ᠂ ᠳᠡᠮᠵᠢᠬᠦ ᠠᠵᠢᠯ ᠢ ᠠᠮᠢᠳᠤᠯᠢᠭ ᠢᠶᠠᠷ ᠥᠷᠨᠢᠭᠦᠯᠵᠦ ᠪᠣᠯᠣᠨ᠎ᠠ ᠭᠡᠵᠦ ᠲᠣᠳᠣᠷᠬᠠᠢ ᠲᠣᠭᠲᠠᠭᠠᠵᠠᠢ᠃
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000611号-1号