ᠬᠤᠷᠠᠭᠰᠠᠨ ᠴᠠᠰᠤ ᠶᠢ ᠱᠦᠭᠦᠷᠳᠡᠨ ᠠᠷᠢᠯᠭᠠᠵᠤ ᠭᠠᠳᠠᠭᠰᠢ ᠭᠠᠷᠬᠤ ᠶᠢ ᠪᠠᠲᠤᠯᠠᠵᠤ ᠠᠷᠠᠳ ᠲᠤ ᠦᠢᠯᠡᠴᠢᠯᠡᠨ᠎ᠡ
ᠨᠡᠶᠢᠲᠡᠯᠡᠭᠰᠡᠨ ᠴᠠᠭ᠄
2024/2/22
      2 ᠰᠠᠷ᠎ᠠ ᠶᠢᠨ 20 ᠤ ᠡᠳᠦᠷ᠂ ᠪᠢᠳᠡ ᠴᠠᠭᠠᠨ ᠰᠠᠷ᠎ᠠ ᠶᠢᠨ ᠳᠠᠷᠠᠭᠠᠬᠢ ᠠᠩᠬᠠᠨ ᠤ ᠴᠠᠰᠤ ᠪᠠᠨ ᠤᠭᠲᠤᠨ ᠠᠪᠤᠯ᠎ᠠ᠂ ᠴᠠᠭᠠᠨ ᠴᠠᠰᠤ ᠮᠥᠩᠭᠦᠨ ᠴᠠᠭᠠᠨ ᠥᠩᠭᠡ ᠪᠠᠷ ᠬᠤᠴᠢᠭᠳᠠᠵᠤ᠂ ᠴᠠᠰᠤᠨ ᠤ ᠦᠵᠡᠮᠵᠢ ᠬᠡᠳᠦᠶᠢᠪᠡᠷ ᠭᠤᠶᠣ ᠰᠠᠶᠢᠬᠠᠨ ᠪᠣᠯᠪᠠᠴᠤ ᠠᠮᠤᠷ ᠲᠦᠪᠰᠢᠨ ᠪᠠᠶᠢᠬᠤ ᠨᠢ ᠨᠠᠩ ᠴᠢᠬᠤᠯᠠ ᠶᠤᠮ᠃ ᠵᠠᠮ ᠤᠨ ᠰᠠᠭᠠᠳ ᠦᠭᠡᠢ ᠨᠡᠪᠲᠡᠷᠡᠬᠦ ᠶᠢ ᠪᠠᠲᠤᠯᠠᠬᠤ ᠶᠢᠨ ᠲᠥᠯᠥᠭᠡ᠂ ᠰᠠᠭᠤᠭᠠᠯᠢ ᠠᠷᠠᠳ ᠤᠨ ᠶᠠᠪᠤᠵᠤ ᠰᠠᠭᠤᠬᠤ ᠳᠤ ᠠᠮᠤᠷ ᠲᠦᠪᠰᠢᠨ ᠤ ᠪᠠᠲᠤᠯᠠᠬᠤ ᠶᠢᠨ ᠲᠦᠯᠦᠭᠡ ᠲᠦᠩ ᠳ᠋ᠣᠣ ᠵᠡᠭᠡᠯᠢ ᠭᠤᠳᠤᠮᠵᠢ ᠶᠢᠨ ᠨᠥᠬᠦᠷᠯᠡᠯ ᠭᠤᠳᠤᠮᠵᠢ ᠶᠢᠨ ᠨᠡᠶᠢᠭᠡᠮ ᠲᠣᠭᠤᠷᠢᠭ ᠤᠨ ᠵᠣᠬᠢᠶᠠᠨ ᠪᠠᠶᠢᠭᠤᠯᠤᠯᠲᠠ ᠶᠢᠨ ᠠᠵᠢᠯᠲᠠᠨ᠂ ᠡᠯ᠎ᠡ ᠦᠨᠳᠦᠰᠦᠲᠡᠨ ᠤ ᠰᠠᠭᠤᠭᠠᠯᠢ ᠠᠷᠠᠳ ᠤᠨ ᠰᠠᠶᠢᠨ ᠳᠤᠷ᠎ᠠ ᠶᠢᠨ ᠠᠵᠢᠯᠯᠠᠭᠴᠢ ᠨᠠᠷ ᠲᠡᠷᠡ ᠳᠠᠷᠤᠢ ᠳᠤᠨᠢ ᠴᠠᠰᠤ ᠮᠥᠰᠥ ᠶᠢ ᠠᠷᠢᠯᠭᠠᠬᠤ ᠠᠵᠢᠯᠯᠠᠭ᠎ᠠ ᠳᠤ ᠣᠷᠣᠯᠴᠠᠪᠠ᠃      21 ᠤ ᠡᠳᠦᠷ ᠤᠨ ᠥᠷᠯᠥᠭᠡ ᠦᠷ ᠴᠠᠢᠵᠤ᠂ ᠰᠠᠭᠤᠭᠠᠯᠢ ᠠᠷᠠᠳ ᠤᠨ ᠲᠣᠭᠤᠷᠢᠭ ᠤᠨ ᠡᠯ᠎ᠡ ᠦᠨᠳᠦᠰᠦᠲᠡᠨ ᠤ ᠬᠠᠯᠠᠭᠤᠨ ᠰᠡᠳᠬᠢᠯᠲᠦ ᠰᠠᠭᠤᠭᠠᠯᠢ ᠠᠷᠠᠳ ᠨᠢᠭᠡᠨᠲᠡ ᠱᠦᠭᠦᠷ᠂ ᠲᠡᠮᠦᠷ ᠬᠦᠷᠵᠡ ᠪᠠᠷᠢᠵᠤ ᠬᠤᠷᠠᠭᠰᠠᠨ ᠴᠠᠰᠤ ᠪᠠᠨ ᠴᠡᠪᠡᠷᠯᠡᠵᠦ ᠡᠬᠢᠯᠡᠵᠡᠢ᠃ ᠬᠡᠳᠦᠶᠢᠪᠡᠷ ᠭᠡᠷ ᠤᠨ ᠭᠠᠳᠠᠨᠠᠬᠢ ᠳᠤᠯᠠᠭᠠᠨ ᠮᠠᠰᠢ ᠳᠣᠣᠷ᠎ᠠ ᠪᠣᠯᠪᠠᠴᠤ ᠣᠯᠠᠨ ᠤ ᠬᠥᠳᠡᠯᠮᠦᠷᠢ ᠶᠢᠨ ᠬᠠᠯᠠᠭᠤᠨ ᠰᠡᠳᠬᠢᠯᠭᠡ ᠪᠠ ᠪᠦᠯᠬᠦᠮᠳᠡᠯ ᠤᠨ ᠬᠦᠴᠦᠨ ᠨᠢ ᠡᠨᠡ ᠬᠦ ᠡᠪᠦᠯ ᠤᠨ ᠡᠳᠦᠷ ᠢ ᠲᠤᠶᠢᠯ ᠤᠨ ᠬᠠᠯᠠᠭᠤᠨ ᠳᠤᠯᠠᠭᠠᠨ ᠪᠣᠯᠭᠠᠵᠤ᠂ ᠣᠯᠠᠨ ᠤ ᠡᠷᠴᠢ ᠵᠣᠷᠢᠭ ᠢ ᠬᠥᠪᠴᠢᠯᠡᠵᠦ᠂ ᠲᠡᠮᠦᠷ ᠬᠦᠷᠵᠡ ᠬᠤᠷᠤᠶᠢᠯᠵᠠᠭᠤᠯᠤᠨ᠂ ᠱᠦᠭᠦᠷ ᠢᠶᠠᠨ ᠬᠤᠷᠤᠶᠢᠯᠵᠠᠭᠤᠯᠤᠨ᠂ ᠵᠠᠷᠢᠮ ᠢ ᠨᠢ ᠬᠤᠰᠤᠵᠤ᠂ ᠵᠠᠷᠢᠮ ᠢ ᠨᠢ ᠱᠦᠭᠦᠷᠳᠡᠵᠦ᠂ ᠣᠯᠠᠨ ᠢᠶᠠᠷ ᠢᠶᠠᠨ ᠰᠡᠳᠬᠢᠯ ᠨᠢᠭᠡᠳᠦᠨ ᠬᠠᠮᠲᠤ ᠪᠠᠷ ᠴᠢᠷᠮᠠᠶᠢᠭᠰᠠᠨ ᠢᠶᠠᠷ ᠴᠠᠰᠤᠨ ᠳᠤ ᠬᠤᠴᠢᠭᠳᠠᠭᠰᠠᠨ ᠭᠠᠵᠠᠷ ᠢ ᠮᠠᠰᠢ ᠲᠦᠷᠭᠡᠨ ᠢᠶᠠᠷ ᠴᠡᠪᠡᠷᠯᠡᠵᠦ ᠳᠠᠭᠤᠰᠬᠠᠪᠠ᠃      ᠦᠳᠡ ᠶᠢᠨ ᠬᠤᠶᠢᠨ᠎ᠠ᠂ ᠬᠤᠯᠪᠣᠭᠠᠯᠠᠬᠤ ᠶᠢ ᠳᠠᠭᠠᠭᠠᠬᠤ ᠪᠠᠶᠢᠭᠤᠯᠤᠯᠭ᠎ᠠ ᠶᠢᠨ ᠬᠥᠬᠡᠬᠤᠲᠠ ᠶᠢᠨ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠪᠠᠰᠠ ᠬᠠᠷᠢᠶᠠᠨ ᠤ ᠲᠣᠭᠤᠷᠢᠭ ᠲᠤ ᠢᠷᠡᠵᠦ᠂ ᠴᠠᠰᠤ ᠠᠷᠢᠯᠭᠠᠬᠤ ᠠᠵᠢᠯᠯᠠᠭ᠎ᠠ ᠳᠤ ᠣᠷᠣᠯᠴᠠᠵᠤ᠂ ᠬᠠᠮᠲᠤ ᠶᠢᠨ ᠴᠢᠷᠮᠠᠶᠢᠯᠭ᠎ᠠ ᠪᠠᠷ᠂ ᠮᠥᠰᠥ ᠴᠠᠰᠤᠨ ᠳᠤ ᠬᠤᠴᠢᠭᠳᠠᠭᠰᠠᠨ ᠰᠠᠭᠤᠭᠠᠯᠢ ᠠᠷᠠᠳ ᠤᠨ ᠲᠣᠭᠤᠷᠢᠭ ᠲᠤ ᠰᠠᠭᠠᠳ ᠦᠭᠡᠢ ᠨᠡᠪᠲᠡᠷᠡᠬᠦ ᠶᠠᠪᠠᠭᠠᠨ ᠬᠥᠮᠥᠨ ᠤ ᠵᠠᠮ ᠢᠯᠡᠷᠡᠵᠦ᠂ ᠰᠠᠭᠤᠭᠠᠯᠢ ᠠᠷᠠᠳ ᠤᠨ ᠶᠠᠪᠤᠵᠤ ᠰᠠᠭᠤᠬᠤ ᠠᠮᠤᠷ ᠲᠦᠪᠰᠢᠨ ᠪᠠᠲᠤᠯᠠᠭ᠎ᠠ ᠲᠠᠢ ᠪᠣᠯᠪᠠ᠃ ᠡᠨᠡᠭᠦᠷ ᠥᠩᠭᠡᠷᠡᠬᠦ ᠰᠠᠭᠤᠭᠠᠯᠢ ᠠᠷᠠᠳ ᠲᠡᠳᠡᠨ ᠤ ᠬᠠᠷᠠᠮ ᠦᠭᠡᠢ ᠵᠢᠳᠬᠦᠭᠰᠡᠨ ᠳᠤ ᠲᠠᠯᠠᠷᠬᠠᠵᠤ ᠪᠠᠶᠢᠬᠤ ᠪᠠᠨ ᠢᠯᠡᠳᠬᠡᠵᠦ᠂ ᠵᠠᠷᠢᠮ ᠨᠢ ᠪᠠᠰᠠ ᠴᠠᠰᠤ ᠠᠷᠢᠯᠭᠠᠬᠤ ᠡᠩᠨᠡᠭᠡᠨ ᠳᠤ ᠣᠷᠣᠵᠤ᠂ ᠬᠠᠮᠲᠤ ᠪᠠᠷ ᠵᠠᠮ ᠢ ᠰᠠᠭᠠᠳ ᠦᠭᠡᠢ ᠨᠡᠪᠲᠡᠷᠡᠭᠦᠯᠬᠦ ᠳᠤ ᠬᠦᠴᠦᠨ ᠴᠢᠳᠠᠯ ᠢᠶᠠᠨ ᠡᠷᠭᠦᠵᠡᠢ᠃      ᠲᠣᠰ ᠤᠳᠠᠭᠠᠨ ᠤ ᠠᠵᠢᠯᠯᠠᠭ᠎ᠠ ᠨᠢ ᠣᠯᠠᠨ ᠲᠦᠮᠡᠨ ᠤ ᠶᠠᠪᠤᠵᠤ ᠰᠠᠭᠤᠬᠤ ᠠᠮᠤᠷ ᠲᠦᠪᠰᠢᠨ ᠢ ᠪᠠᠲᠤᠯᠠᠭᠰᠠᠨ ᠢᠶᠠᠷ ᠪᠠᠷᠠᠬᠤ ᠦᠭᠡᠢ᠂ ᠨᠠᠩ ᠴᠤ ᠦᠨᠳᠦᠰᠦᠲᠡᠨ ᠤ ᠪᠦᠯᠬᠦᠮᠳᠡᠯ ᠤᠨ ᠬᠦᠴᠦᠨ ᠢ ᠢᠯᠡᠷᠡᠭᠦᠯᠵᠦ᠂ ᠨᠠᠮ ᠤᠨ ᠭᠡᠰᠢᠭᠦᠨ ᠺᠠᠳ᠋ᠷᠴᠤᠳ ᠤᠨ ᠬᠤᠰᠢᠭᠤᠴᠢ ᠵᠢᠱᠢᠶᠡᠴᠢ ᠦᠢᠯᠡᠳᠦᠯ ᠢ ᠪᠠᠳᠠᠷᠠᠭᠤᠯᠤᠭᠰᠠᠨ ᠪᠠᠶᠢᠨ᠎ᠠ᠃ ᠬᠤᠶᠢᠰᠢᠳᠠ᠂ ᠨᠥᠬᠦᠷᠯᠡᠯ ᠭᠤᠳᠤᠮᠵᠢ ᠶᠢᠨ ᠨᠡᠶᠢᠭᠡᠮ ᠲᠣᠭᠤᠷᠢᠭ ᠤᠨ ᠬᠢᠨ ᠠᠷᠠᠳ ᠤᠨ ᠲᠥᠯᠥᠭᠡ ᠬᠦᠴᠢᠷ ᠠᠰᠠᠭᠤᠳᠠᠯ ᠢ ᠰᠢᠢᠳᠪᠦᠷᠢᠯᠡᠬᠦ᠂ ᠪᠣᠳᠠᠲᠠᠢ ᠶᠠᠪᠤᠳᠠᠯ ᠬᠢᠬᠦ ᠵᠠᠮ ᠳᠡᠭᠡᠷ᠎ᠡ ᠦᠷᠭᠦᠯᠵᠢᠯᠡᠨ ᠬᠦᠴᠦᠯᠡᠵᠦ᠂ ᠦᠢᠯᠡᠴᠢᠯᠡᠭᠡᠨ ᠳᠤ ᠰᠡᠳᠬᠢᠯ ᠲᠠᠯᠪᠢᠨ᠂ ᠬᠠᠶᠢᠷ᠎ᠠ ᠰᠡᠳᠬᠢᠯᠭᠡ ᠪᠠᠷ ᠢᠶᠠᠨ ᠬᠦᠴᠦᠯᠡᠨ ᠪᠣᠰᠬᠠᠵᠤ᠂ ᠡᠯ᠎ᠡ ᠦᠨᠳᠦᠰᠦᠲᠡᠨ  ᠤ ᠤᠯᠠᠨ ᠲᠦᠮᠡᠨ ᠤ ᠪᠦᠯᠬᠦᠮᠳᠡᠨ ᠨᠢᠭᠡᠳᠴᠦ᠂ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠭᠰᠠᠨ ᠰᠠᠶᠢᠨ ᠰᠠᠶᠢᠬᠠᠨ ᠤᠶᠤᠨ ᠰᠠᠨᠠᠭᠠᠨ ᠤ ᠳᠦᠷᠰᠦ ᠪᠠᠶᠢᠳᠠᠯ ᠢ ᠭᠦᠢᠴᠡᠳ ᠢᠯᠡᠷᠡᠭᠦᠯᠦᠨ᠎ᠡ ᠭᠡᠵᠦ ᠵᠢᠭᠠᠵᠤ ᠭᠠᠷᠭᠠᠪᠠ᠃
     ᠢᠷᠡᠯᠲᠡ᠄ ᠬᠤᠲᠣᠩ ᠠᠷᠠᠳ ᠤᠨ ᠲᠣᠭᠤᠷᠢᠭ ᠤᠨ ᠵᠠᠰᠠᠭ ᠤᠨ ᠣᠷᠳᠣᠨ ᠤ ᠠᠯᠪᠠᠨ ᠰᠦᠯᠵᠢᠶ᠎ᠡ
 
ᠢᠷᠡᠯᠲᠡ᠄ ᠬᠤᠲᠤᠩ ᠠᠷᠠᠳ ᠤᠨ ᠲᠣᠭᠤᠷᠢᠭ ᠤᠨ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000611号-1号