ᠬᠤᠲᠣᠩ ᠠᠷᠠᠳ ᠤᠨ ᠲᠣᠭᠤᠷᠢᠭ ᠤᠨ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠲᠦᠷᠪᠡᠨ ᠱᠠᠲᠤᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠬᠤ ᠲᠤᠰᠬᠠᠢ ᠰᠡᠳᠦᠪᠲᠦ ᠬᠤᠷᠠᠯ ᠵᠢᠴᠢ 2024 ᠣᠨ ᠤ ᠨᠠᠮ ᠤᠨ ᠰᠤᠷᠲᠠᠯ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠪᠣᠯᠣᠨ ᠢᠯᠵᠢᠷᠡᠯ ᠢ ᠡᠰᠡᠷᠭᠦᠴᠡᠬᠦ ᠠᠵᠢᠯ ᠤᠨ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/2/22
      ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠢ ᠭᠦᠨᠵᠡᠭᠡᠢ ᠰᠤᠷᠤᠯᠴᠠᠨ ᠣᠶᠢᠯᠠᠭᠠᠬᠤ ᠶᠢᠨ ᠲᠥᠯᠥᠭᠡ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠬᠤᠭᠤᠴᠠᠭᠠᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠳᠥᠷᠪᠡᠳᠦᠭᠡᠷ ᠪᠥᠬᠦᠳᠡ ᠬᠤᠷᠠᠯ᠂ ᠬᠥᠬᠡᠬᠤᠲᠠ ᠶᠢᠨ ᠠᠷᠪᠠᠨ ᠭᠤᠷᠪᠠᠳᠤᠭᠠᠷ ᠬᠤᠭᠤᠴᠠᠭᠠᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠳᠥᠷᠪᠡᠳᠦᠭᠡᠷ ᠪᠥᠬᠦᠳᠡ ᠬᠤᠷᠠᠯ ᠪᠠ ᠬᠤᠲᠣᠩ ᠠᠷᠠᠳ ᠤᠨ ᠲᠣᠭᠤᠷᠢᠭ ᠤᠨ ᠶᠢᠰᠦᠳᠦᠭᠡᠷ ᠬᠤᠭᠤᠴᠠᠭᠠᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠳᠥᠷᠪᠡᠳᠦᠭᠡᠷ ᠪᠥᠬᠦᠳᠡ ᠬᠤᠷᠠᠯ ᠤᠨ ᠵᠣᠷᠢᠭ ᠰᠠᠨᠠᠭ᠎ᠠ᠂ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠥᠪᠡᠷ ᠤᠨ ᠪᠡᠶ᠎ᠡ ᠳᠡᠭᠡᠨ ᠬᠤᠪᠢᠰᠬᠠᠯ ᠬᠢᠬᠦ ᠲᠤᠬᠠᠢ ᠴᠢᠬᠤᠯᠠ ᠦᠵᠡᠯ ᠰᠠᠨᠠᠭ᠎ᠠ ᠶᠢ ᠭᠦᠨᠵᠡᠭᠡᠢ ᠣᠶᠢᠯᠠᠭᠠᠨ ᠡᠵᠡᠮᠰᠢᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ᠪᠠᠷ ᠭᠤᠣᠯ ᠰᠢᠵᠢᠮ ᠪᠣᠯᠭᠠᠵᠤ᠂ ᠵᠥᠪ ᠣᠨᠣᠪᠴᠢᠲᠠᠢ ᠦᠨᠳᠦᠰᠦᠲᠡᠨ ᠤ ᠦᠵᠡᠯᠲᠡ ᠶᠢ ᠪᠤᠢ ᠪᠣᠯᠭᠠᠨ ᠦᠢᠯᠡᠳᠦᠯᠭᠡᠵᠢᠭᠦᠯᠵᠦ᠂ ᠴᠢᠨᠠᠷ ᠰᠠᠶᠢᠲᠠᠢ ᠨᠠᠮ ᠤᠨ ᠪᠠᠶᠢᠭᠤᠯᠤᠯᠲᠠ ᠪᠠᠷ ᠨᠠᠮ ᠤᠨ ᠦᠨᠳᠦᠰᠦᠲᠡᠨ ᠤ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ᠂ 2 ᠰᠠᠷ᠎ᠠ ᠶᠢᠨ 21 ᠤ ᠡᠳᠦᠷ᠂ ᠲᠣᠭᠤᠷᠢᠭ ᠤᠨ ᠦᠨᠳᠦᠰᠦᠲᠡᠨ ᠤ ᠬᠡᠷᠡᠭ ᠡᠷᠬᠢᠯᠡᠬᠦ ᠬᠤᠷᠢᠶ᠎ᠠ ᠲᠦᠷᠪᠡᠨ ᠱᠠᠲᠤᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠪᠦᠬᠦᠳᠠ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠬᠤ ᠲᠤᠰᠬᠠᠢ ᠰᠡᠳᠦᠪᠲᠦ ᠬᠤᠷᠠᠯ ᠵᠢᠴᠢ 2024 ᠣᠨ ᠤ ᠨᠠᠮ ᠤᠨ ᠰᠤᠷᠲᠠᠯ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠪᠣᠯᠣᠨ ᠢᠯᠵᠢᠷᠡᠯ ᠢ ᠡᠰᠡᠷᠭᠦᠴᠡᠬᠦ ᠠᠵᠢᠯ ᠤᠨ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠭᠤᠯᠵᠤ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠷᠭ᠎ᠠ ᠬᠡᠮᠵᠢᠶ᠎ᠡ ᠶᠢ ᠰᠤᠳᠤᠯᠤᠨ ᠪᠠᠶᠢᠷᠢᠯᠠᠭᠤᠯᠵᠠᠢ᠃      ᠬᠤᠷᠠᠯ ᠳᠡᠭᠡᠷ᠎ᠡ᠂ ᠳᠡᠳ᠋ ᠡᠷᠬᠢᠯᠡᠭᠴᠢ ᠰᠡᠴᠡᠨᠭᠤᠸ᠎ᠠ ᠶᠡᠷᠦᠩᠬᠡᠢ ᠱᠦᠵᠢ ᠰᠢ ᠶᠢᠨ ᠫᠢᠩ ᠤᠨ ᠬᠤᠷᠢᠳᠤᠭᠠᠷ ᠬᠤᠭᠤᠴᠠᠭᠠᠨ ᠤ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠳᠡᠭᠡᠷ᠎ᠡ ᠲᠠᠯᠪᠢᠭᠰᠠᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠪᠦᠬᠦ ᠤᠳᠬ᠎ᠠ ᠪᠠᠷ ᠨᠢ ᠳᠠᠭᠠᠭᠤᠯᠤᠨ ᠤᠩᠰᠢᠪᠠ᠃ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠬᠤᠭᠤᠴᠠᠭᠠᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠳᠥᠷᠪᠡᠳᠦᠭᠡᠷ ᠪᠥᠬᠦᠳᠡ ᠬᠤᠷᠠᠯ ᠤᠨ ᠠᠯᠪᠠᠨ ᠮᠡᠳᠡᠭᠡ︾ ︽ᠬᠥᠬᠡᠬᠤᠲᠠ ᠶᠢᠨ ᠠᠷᠪᠠᠨ ᠭᠤᠷᠪᠠᠳᠤᠭᠠᠷ ᠬᠤᠭᠤᠴᠠᠭᠠᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠳᠥᠷᠪᠡᠳᠦᠭᠡᠷ ᠪᠥᠬᠦᠳᠡ ᠬᠤᠷᠠᠯ ᠤᠨ ᠠᠯᠪᠠᠨ ᠮᠡᠳᠡᠭᠡ︾ ᠪᠠ ︽ᠬᠤᠲᠣᠩ ᠠᠷᠠᠳ ᠤᠨ ᠲᠣᠭᠤᠷᠢᠭ ᠤᠨ ᠶᠢᠰᠦᠳᠦᠭᠡᠷ ᠬᠤᠭᠤᠴᠠᠭᠠᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠳᠥᠷᠪᠡᠳᠦᠭᠡᠷ ᠪᠥᠬᠦᠳᠡ ᠬᠤᠷᠠᠯ ᠤᠨ ᠠᠯᠪᠠᠨ ᠮᠡᠳᠡᠭᠡ︾᠂ ᠨᠠᠮ ᠤᠨ ᠰᠤᠷᠲᠠᠯ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠪᠣᠯᠣᠨ ᠢᠯᠵᠠᠷᠠᠯ ᠢ ᠡᠰᠡᠷᠭᠦᠴᠡᠬᠦ ᠠᠵᠢᠯ ᠢ ᠰᠠᠶᠢᠲᠤᠷ ᠬᠢᠬᠦ ᠨᠢ ᠴᠢᠬᠤᠯᠠ ᠶᠡᠭᠡ ᠠᠴᠢ ᠬᠤᠯᠪᠣᠭᠳᠠᠯ ᠲᠠᠢ ᠶᠤᠮ᠂ ᠡᠷᠬᠡᠪᠰᠢ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠤᠯᠤᠰ ᠲᠦᠷᠦ ᠶᠢᠨ ᠬᠠᠷᠢᠭᠤᠴᠠᠯᠭ᠎ᠠ ᠶᠢ ᠴᠠᠭ ᠢᠮᠠᠭᠲᠠ ᠡᠭᠦᠷᠭᠡᠯᠡᠵᠦ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠢᠮᠠᠭᠲᠠ ᠪᠠᠷᠢᠮᠲᠠᠯᠠᠵᠤ᠂ ᠴᠢᠩᠭ᠎ᠠ ᠬᠦᠭ ᠠᠶᠠᠰ᠂ ᠴᠢᠩᠭ᠎ᠠ ᠠᠷᠭ᠎ᠠ ᠬᠡᠮᠵᠢᠶ᠎ᠡ᠂ ᠴᠢᠩᠭ᠎ᠠ ᠠᠭᠤᠷ ᠠᠮᠢᠰᠬᠤᠯ ᠢ ᠤᠷᠳᠤ ᠬᠤᠭᠤᠴᠠᠭ᠎ᠠ ᠪᠠᠷ ᠪᠠᠷᠢᠮᠲᠠᠯᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃
     ᠬᠤᠷᠠᠯ ᠠᠴᠠ ᠴᠢᠬᠤᠯᠠᠴᠢᠯᠠᠭᠰᠠᠨ ᠨᠢ᠂ ᠶᠡᠷᠦᠩᠬᠡᠢ ᠱᠦᠵᠢ ᠰᠢ ᠶᠢᠨ ᠫᠢᠩ ᠴᠢᠬᠤᠯᠠ ᠶᠠᠷᠢᠶ᠎ᠠ ᠲᠠᠯᠪᠢᠵᠤ᠂ ᠥᠨᠳᠥᠷ ᠲᠤ ᠵᠣᠭᠰᠣᠨ ᠠᠯᠤᠰ ᠢ ᠪᠠᠷᠠᠯᠠᠵᠤ᠂ ᠦᠵᠡᠯ ᠰᠠᠨᠠᠭ᠎ᠠ ᠭᠦᠨ ᠭᠦᠨᠵᠡᠭᠡᠢ᠂ ᠠᠭᠤᠯᠤᠭᠳᠠᠬᠤᠨ ᠡᠯᠪᠡᠭ ᠪᠠᠶᠠᠯᠢᠭ᠂ ᠥᠭᠦᠯᠡᠯᠲᠡ ᠶᠢᠨ ᠭᠤᠶᠢᠳᠠ ᠮᠡᠷᠭᠡᠨ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠲᠠᠰᠤᠷᠠᠯᠲᠠ ᠦᠭᠡᠢ ᠠᠬᠢᠭᠤᠯᠬᠤ ᠢᠯᠡ ᠲᠣᠳᠣ ᠳᠣᠬᠢᠶ᠎ᠠ ᠶᠢ ᠥᠭᠭᠦᠭᠰᠡᠨ ᠨᠢ ᠰᠢᠨ᠎ᠡ ᠴᠠᠭ ᠦᠶ᠎ᠡ ᠶᠢᠨ ᠨᠠᠮ ᠤᠨ ᠪᠠᠶᠢᠭᠤᠯᠤᠯᠲᠠ ᠶᠢᠨ ᠰᠢᠨ᠎ᠡ ᠠᠭᠤᠤ ᠶᠡᠭᠡ ᠢᠨᠵᠧᠨᠧᠷᠢᠩ ᠢ ᠭᠦᠨᠵᠡᠭᠡᠢ ᠠᠬᠢᠭᠤᠯᠬᠤ ᠶᠢᠨ ᠦᠨᠳᠦᠰᠦᠨ ᠵᠢᠷᠤᠮᠯᠠᠯ ᠪᠣᠯᠣᠨ᠎ᠠ᠂ ᠶᠡᠷᠦᠩᠬᠡᠢ ᠱᠦᠵᠢ ᠰᠢ ᠶᠢᠨ ᠫᠢᠩ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠭᠤᠶᠢᠪᠢᠰᠢ ᠦᠭᠡᠢ ᠭᠦᠨᠵᠡᠭᠡᠢ ᠠᠬᠢᠭᠤᠯᠬᠤ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠭᠦᠨᠵᠡᠭᠡᠢ ᠲᠠᠨᠢᠨ ᠡᠵᠡᠮᠰᠢᠵᠦ᠂ ᠰᠢᠨ᠎ᠡ ᠠᠶᠠᠨ ᠵᠠᠮ ᠳᠤ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠰᠢᠨ᠎ᠡ ᠬᠠᠭᠤᠳᠠᠰᠤ ᠶᠢ ᠪᠢᠴᠢᠭᠯᠡᠬᠦ ᠬᠡᠷᠡᠭᠲᠡᠢ᠃      ᠬᠤᠷᠠᠯ ᠠᠴᠠ ᠱᠠᠭᠠᠷᠳᠠᠭᠰᠠᠨ ᠨᠢ᠂ 2024 ᠣᠨ ᠳᠤ ᠲᠣᠭᠤᠷᠢᠭ ᠤᠨ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ ᠤᠨ ᠨᠠᠮ ᠤᠨ ᠰᠤᠷᠲᠠᠯ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠪᠣᠯᠣᠨ ᠢᠯᠵᠠᠷᠠᠯ ᠢ ᠡᠰᠡᠷᠭᠦᠴᠡᠬᠦ ᠠᠵᠢᠯ ᠳᠤ 4 ᠲᠠᠯ᠎ᠠ ᠶᠢᠨ ᠠᠵᠢᠯ ᠢ ᠦᠨᠡᠨ ᠬᠦ ᠨᠠᠶᠢᠳᠠᠪᠤᠷᠢᠵᠢᠭᠤᠯᠬᠤ ᠬᠡᠷᠡᠭᠲᠡᠢ᠄ ᠨᠢᠭᠡ ᠳᠤ᠂ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠥᠪᠡᠷ ᠤᠨ ᠪᠡᠶ᠎ᠡ ᠳᠡᠭᠡᠨ ᠬᠤᠪᠢᠰᠬᠠᠯ ᠬᠢᠬᠦ ᠲᠤᠬᠠᠢ ᠴᠢᠬᠤᠯᠠ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠨᠡᠪᠲᠡᠷᠡᠲᠡᠯ᠎ᠡ ᠣᠶᠢᠯᠠᠭᠠᠵᠤ᠂ ᠡᠯ᠎ᠡ ᠱᠠᠲᠤᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠪᠦᠬᠦᠳᠠ ᠬᠤᠷᠠᠯ ᠤᠨ ᠵᠣᠷᠢᠭ ᠰᠠᠨᠠᠭ᠎ᠠ ᠶᠢ ᠡᠷᠡᠰ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠢᠯᠵᠢᠷᠡᠯ ᠢ ᠡᠰᠡᠷᠭᠦᠴᠡᠬᠦ ᠲᠡᠮᠡᠴᠡᠯ ᠤᠨ ᠰᠢᠨ᠎ᠡ ᠪᠠᠶᠢᠳᠠᠯ ᠰᠢᠨ᠎ᠡ ᠬᠠᠨᠳᠤᠰᠢ ᠶᠢᠨ ᠲᠤᠬᠠᠢ ᠰᠡᠷᠭᠡᠭ ᠲᠠᠨᠢᠯᠲᠠ ᠲᠠᠢ ᠪᠠᠶᠢᠵᠤ᠂ ᠢᠯᠵᠢᠷᠡᠯ ᠤᠨ ᠠᠰᠠᠭᠤᠳᠠᠯ ᠤᠨ ᠡᠭᠦᠰᠬᠦ ᠬᠥᠷᠥᠰᠥ ᠰᠢᠷᠣᠢ ᠪᠣᠯᠣᠨ ᠨᠥᠬᠦᠴᠡᠯ ᠤᠨ ᠲᠤᠬᠠᠢ ᠰᠡᠷᠭᠡᠭ ᠲᠠᠨᠢᠯᠲᠠ ᠲᠠᠢ ᠪᠠᠶᠢᠵᠤ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠬᠤ ᠬᠡᠷᠡᠭᠲᠡᠢ᠃ ᠬᠤᠶᠠᠷ ᠲᠤ᠂ ᠭᠤᠣᠯ ᠠᠵᠢᠯ ᠲᠠᠢ ᠨᠢᠭᠲᠠ ᠤᠶᠠᠯᠳᠤᠭᠤᠯᠤᠨ᠂ ᠤᠬᠠᠮᠰᠠᠷ ᠠᠴᠠ ᠪᠠᠨ ᠨᠠᠮ ᠤᠨ ᠥᠪᠡᠷ ᠤᠨ ᠪᠡᠶ᠎ᠡ ᠳᠡᠭᠡᠨ ᠬᠤᠪᠢᠰᠬᠠᠯ ᠬᠢᠬᠦ ᠤᠨᠤᠯ ᠤᠨ ᠰᠢᠨ᠎ᠡ ᠶᠢ ᠡᠭᠦᠳᠬᠦ ᠳᠤᠮᠳᠠ ᠠᠴᠠ ᠰᠡᠳᠬᠢᠴᠡ᠂ ᠠᠷᠭ᠎ᠠ ᠶᠢ ᠡᠷᠢᠵᠦ᠂ ᠨᠢᠭᠡᠳᠦᠯᠲᠡᠢ ᠲᠥᠯᠥᠪᠵᠢᠭᠦᠯᠦᠨ ᠲᠥᠯᠥᠪᠵᠢᠭᠦᠯᠵᠦ᠂ ᠤᠯᠤᠰ ᠲᠦᠷᠦ ᠶᠢᠨ ᠬᠢᠨᠠᠯᠲᠠ ᠶᠢ ᠴᠢᠩᠭᠠᠳᠬᠠᠵᠤ᠂ ᠲᠥᠪ ᠬᠤᠷᠢᠶᠠᠨ ᠤ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠵᠢᠴᠢ ᠰᠤᠷᠲᠠᠯ ᠤᠨ ᠪᠠᠶᠢᠭᠤᠯᠤᠯᠲᠠ ᠶᠢ ᠨᠠᠶᠢᠳᠠᠪᠤᠷᠢᠵᠢᠭᠤᠯᠬᠤ ᠬᠢᠨᠠᠯᠲᠠ ᠪᠠᠶᠢᠴᠠᠭᠠᠯᠲᠠ ᠶᠢ ᠪᠠᠶᠢᠩᠭᠤ ᠪᠥᠭᠡᠳ ᠤᠷᠳᠤ ᠬᠤᠭᠤᠴᠠᠭ᠎ᠠ ᠪᠠᠷ ᠥᠷᠨᠢᠭᠦᠯᠵᠦ᠂ ᠡᠳᠦᠷ ᠲᠤᠳᠤᠮ ᠤᠨ ᠬᠢᠨᠠᠯᠲᠠ ᠶᠢ ᠭᠦᠨᠵᠡᠭᠡᠶᠢᠷᠡᠭᠦᠯᠬᠦ ᠬᠡᠷᠡᠭᠲᠡᠢ︔ ᠭᠤᠷᠪᠠ ᠳᠤ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠭᠤᠣᠯ ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠬᠡᠷᠡᠭ ᠤᠨ ᠵᠢᠱᠢᠶ᠎ᠡ ᠪᠠᠷ ᠰᠡᠷᠡᠮᠵᠢᠯᠡᠭᠦᠯᠬᠦ ᠬᠥᠮᠦᠵᠢᠯ ᠢ ᠴᠢᠩᠭᠠᠳᠬᠠᠵᠤ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠳᠦᠷᠢᠮ ᠤᠨ ᠰᠢᠰᠲ᠋ᠧᠮ ᠢ ᠵᠢᠷᠤᠮᠵᠢᠭᠤᠯᠤᠨ ᠲᠡᠭᠦᠯᠳᠡᠷᠵᠢᠭᠦᠯᠵᠦ᠂ ᠤᠬᠠᠮᠰᠠᠷ ᠠᠴᠠ ᠪᠠᠨ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠳᠡᠭᠡᠷ᠎ᠡ ᠨᠢᠭᠡᠳᠬᠡᠵᠦ᠂ ᠰᠢᠨ᠎ᠡ ᠴᠠᠭ ᠦᠶ᠎ᠡ ᠶᠢᠨ ᠠᠷᠢᠭᠤᠨ ᠴᠢᠬᠡᠴᠢ ᠰᠣᠶᠣᠯ ᠤᠨ ᠪᠠᠶᠢᠭᠤᠯᠤᠯᠲᠠ ᠶᠢ ᠭᠦᠨᠵᠡᠭᠡᠢ ᠥᠷᠨᠢᠭᠦᠯᠵᠦ᠂ ᠢᠯᠵᠢᠷᠡᠬᠦ ᠠᠴᠠ ᠵᠢᠷᠦᠬᠡᠰᠢᠶᠡᠬᠦ᠂ ᠢᠯᠵᠢᠷᠡᠵᠦ ᠪᠣᠯᠬᠤ ᠦᠭᠡᠢ᠂ ᠢᠯᠵᠢᠷᠡᠬᠦ ᠶᠢ ᠪᠤᠳᠤᠬᠤ ᠦᠭᠡᠢ ᠪᠠᠶᠢᠬᠤ ᠶᠢ ᠨᠢᠭᠡ ᠴᠣᠭᠴᠠᠵᠢᠭᠤᠯᠤᠨ ᠠᠬᠢᠭᠤᠯᠵᠤ᠂ ᠴᠢᠨᠠᠷ ᠰᠠᠶᠢᠲᠠᠢ ᠨᠠᠮ ᠤᠨ ᠪᠠᠶᠢᠭᠤᠯᠤᠯᠲᠠ ᠪᠠᠷ ᠦᠨᠳᠦᠰᠦᠲᠡᠨ ᠤ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ︔ ᠳᠥᠷᠪᠡ ᠳᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠭᠡᠬᠦ ᠡᠨᠡᠬᠦ ᠭᠤᠣᠯ ᠰᠢᠵᠢᠮ ᠢ ᠪᠠᠲᠤ ᠪᠠᠬᠢ ᠪᠤᠶ ᠪᠣᠯᠭᠠᠵᠤ᠂ ᠦᠨᠳᠦᠰᠦᠲᠡᠨ ᠤ ᠪᠦᠯᠬᠦᠮᠳᠡᠯ ᠤᠨ ᠵᠢᠱᠢᠶ᠎ᠡ ᠦᠵᠡᠭᠦᠯᠬᠦ ᠠᠵᠢᠯᠯᠠᠭ᠎ᠠ ᠶᠢ ᠥᠷᠨᠢᠭᠦᠯᠬᠦ ᠪᠠᠷ ᠭᠠᠷᠳᠠᠴᠠ ᠪᠣᠯᠭᠠᠵᠤ᠂ ᠥᠪᠡᠷᠲᠡᠭᠡᠨ ᠵᠠᠰᠠᠬᠤ ᠣᠷᠣᠨ ᠤ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠦᠵᠡᠯ ᠤᠬᠠᠮᠰᠠᠷ ᠤᠨ ᠭᠤᠣᠯ ᠱᠤᠭᠤᠮ ᠢ ᠪᠦᠬᠦ ᠲᠠᠯ᠎ᠠ ᠪᠠᠷ ᠲᠤᠭᠤᠰᠢᠯᠠᠭᠤᠯᠬᠤ ᠲᠤᠬᠠᠢ ᠠᠷᠭ᠎ᠠ ᠬᠡᠮᠵᠢᠶ᠎ᠡ ᠨᠦᠭᠦᠳ︾ ᠢ ᠭᠦᠨᠵᠡᠭᠡᠢ ᠨᠠᠶᠢᠳᠠᠪᠤᠷᠢᠵᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠳᠤᠮᠳᠠ ᠰᠢᠨ᠎ᠡ ᠵᠠᠮ ᠢ ᠨᠡᠭᠡᠭᠡᠵᠦ᠂ ᠬᠦᠨᠳᠦ ᠡᠭᠦᠷᠭᠡ ᠶᠢ ᠡᠭᠦᠷᠭᠡᠯᠡᠵᠦ᠂ ᠦᠯᠢᠭᠡᠷ ᠳᠠᠭᠤᠷᠢᠶᠠᠯ ᠪᠣᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ ᠵᠢᠱᠢᠶ᠎ᠡ ᠦᠵᠡᠭᠦᠯᠬᠦ ᠬᠤᠳᠠ ᠶᠢᠨ ᠪᠦᠲᠦᠭᠡᠨ ᠪᠠᠶᠢᠭᠤᠯᠤᠯᠲᠠ ᠶᠢ ᠪᠠᠲᠤᠳᠬᠠᠬᠤ ᠳᠤ ᠬᠦᠴᠦ ᠨᠡᠮᠡᠷᠢᠯᠡᠵᠦ᠂ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠥᠪᠥᠷ ᠮᠣᠩᠭᠤᠯ ᠤᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠳᠤ ᠰᠢᠨ᠎ᠡ ᠬᠤᠪᠢ ᠨᠡᠮᠡᠷᠢ ᠦᠵᠡᠭᠦᠯᠬᠦ ᠬᠡᠷᠡᠭᠲᠡᠢ ᠭᠡᠵᠦ ᠵᠢᠭᠠᠵᠤ ᠭᠠᠷᠭᠠᠪᠠ᠃      ᠢᠷᠡᠯᠲᠡ᠄ ᠬᠤᠲᠣᠩ ᠠᠷᠠᠳ ᠤᠨ ᠲᠣᠭᠤᠷᠢᠭ ᠤᠨ ᠵᠠᠰᠠᠭ ᠤᠨ ᠣᠷᠳᠣᠨ ᠤ ᠠᠯᠪᠠᠨ ᠰᠦᠯᠵᠢᠶ᠎ᠡ
 
ᠢᠷᠡᠯᠲᠡ᠄ ᠬᠤᠲᠤᠩ ᠠᠷᠠᠳ ᠤᠨ ᠲᠣᠭᠤᠷᠢᠭ ᠤᠨ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000611号-1号