ᠠᠷᠪᠠᠨ ᠳᠥᠷᠪᠡᠳᠦᠭᠡᠷ ᠬᠤᠭᠤᠴᠠᠭᠠᠨ ᠤ ᠪᠥᠬᠦ ᠤᠯᠤᠰ ᠤᠨ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠦᠪᠡᠳᠡᠭᠰᠢ ᠶᠡᠭᠡ ᠪᠠᠷ ᠡᠬᠢᠯᠡᠪᠡ  ᠱᠧᠨ ᠢ ᠴᠢᠨ ᠶᠣᠰᠣᠯᠠᠯ ᠳᠤ ᠣᠷᠣᠯᠴᠠᠵᠤ ᠡᠬᠢᠯᠡᠭᠰᠡᠨ ᠢ ᠵᠠᠷᠯᠠᠪᠠ
ᠨᠡᠶᠢᠲᠡᠯᠡᠭᠰᠡᠨ ᠴᠠᠭ᠄
2024/2/22
     2 ᠳ᠋ᠤᠭᠠᠷ ᠰᠠᠷ᠎ᠠ ᠶᠢᠨ 17 ᠤ ᠡᠳᠦᠷ᠂ ᠡᠬᠢᠯᠡᠯᠲᠡ ᠶᠢᠨ ᠶᠣᠰᠣᠯᠠᠯ ᠳᠡᠭᠡᠷ᠎ᠡ ᠲᠠᠮᠢᠷᠴᠢᠳ ᠲᠠᠯᠠᠪᠠᠢ ᠳᠤ ᠣᠷᠣᠵᠤ ᠪᠠᠶᠢᠭ᠎ᠠ ᠨᠢ᠃ ᠲᠤᠰ ᠣᠷᠣᠢ᠂ ᠠᠷᠪᠠᠨ ᠳᠥᠷᠪᠡᠳᠦᠭᠡᠷ ᠬᠤᠭᠤᠴᠠᠭᠠᠨ ᠤ ᠪᠦᠬᠦ ᠤᠯᠤᠰ ᠤᠨ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠤ ᠡᠬᠢᠯᠡᠯᠲᠡ ᠶᠢᠨ ᠶᠣᠰᠣᠯᠠᠯ ᠥᠪᠥᠷ ᠮᠣᠩᠭᠤᠯ ᠤᠨ ᠬᠥᠯᠥᠨ ᠪᠤᠶᠢᠷ ᠬᠤᠳᠠ ᠶᠢᠨ ᠬᠠᠶᠢᠯᠠᠷ ᠲᠣᠭᠤᠷᠢᠭ ᠤᠨ ᠥᠪᠥᠷ ᠮᠣᠩᠭᠤᠯ ᠤᠨ ᠮᠥᠰᠥᠨ ᠳᠡᠭᠡᠷᠡᠬᠢ ᠲᠠᠮᠢᠷ ᠤᠨ ᠬᠥᠳᠡᠯᠭᠡᠭᠡᠨ ᠤ ᠪᠣᠯᠪᠠᠰᠤᠷᠠᠯ ᠤᠨ ᠲᠥᠪ ᠲᠤ ᠶᠠᠪᠤᠭᠳᠠᠪᠠ᠃ ᠰᠢᠨᠬᠤᠸᠠ ᠬᠤᠷᠢᠶᠠᠨ ᠤ ᠰᠤᠷᠪᠤᠯᠵᠢᠯᠠᠭᠴᠢ ᠬᠤᠸᠠᠩ ᠸᠧᠢ ᠰᠡᠭᠦᠳᠡᠷᠯᠡᠪᠡ      ᠰᠢᠨᠬᠤᠸᠠ ᠬᠤᠷᠢᠶᠠᠨ ᠤ ᠬᠥᠯᠥᠨ ᠪᠤᠶᠢᠷ ᠤᠨ 2 ᠳ᠋ᠤᠭᠠᠷ ᠰᠠᠷ᠎ᠠ ᠶᠢᠨ 17 ᠤ ᠴᠠᠬᠢᠯᠭᠠᠨ ᠮᠡᠳᠡᠭᠡ 2 ᠳ᠋ᠤᠭᠠᠷ ᠰᠠᠷ᠎ᠠ ᠶᠢᠨ 17 ᠤ ᠡᠳᠦᠷ᠂ ᠠᠷᠪᠠᠨ ᠳᠥᠷᠪᠡᠳᠦᠭᠡᠷ ᠬᠤᠭᠤᠴᠠᠭᠠᠨ ᠤ ᠪᠦᠬᠦ ᠤᠯᠤᠰ ᠤᠨ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠯᠥᠨ ᠪᠤᠶᠢᠷ ᠬᠤᠲᠠ ᠳᠤ ᠡᠬᠢᠯᠡᠪᠡ᠃ ᠲᠦᠷᠦ ᠶᠢᠨ ᠶᠠᠪᠤᠳᠠᠯ ᠬᠤᠷᠢᠶᠠᠨ ᠤ ᠭᠡᠰᠢᠭᠦᠨ ᠱᠧᠨ ᠢ ᠴᠢᠨ ᠡᠬᠢᠯᠡᠯᠲᠡ ᠶᠢᠨ ᠶᠣᠰᠣᠯᠠᠯ ᠳᠤ ᠣᠷᠣᠯᠠᠵᠤ ᠲᠠᠮᠢᠷ ᠤᠨ ᠴᠤᠭᠯᠠᠭᠠᠨ ᠡᠬᠢᠯᠡᠭᠰᠡᠨ ᠢ ᠵᠠᠷᠯᠠᠪᠠ᠃      17 ᠤ ᠣᠷᠣᠢ᠂ ᠥᠪᠥᠷ ᠮᠣᠩᠭᠤᠯ ᠤᠨ ᠮᠥᠰᠥᠨ ᠳᠡᠭᠡᠷᠡᠬᠢ ᠪᠡᠶ᠎ᠡ ᠶᠢᠨ ᠲᠠᠮᠢᠷ ᠤᠨ ᠬᠥᠳᠡᠯᠭᠡᠭᠡᠨ ᠤ ᠪᠣᠯᠪᠠᠰᠤᠷᠠᠯ ᠤᠨ ᠲᠥᠪ ᠤᠨ ᠲᠦᠷᠭᠡᠨ ᠲᠡᠰᠢᠯᠲᠡ ᠶᠢᠨ ᠣᠷᠳᠣᠨ ᠵᠠᠯᠠᠭᠤ ᠨᠠᠰᠤᠨ ᠤ ᠠᠮᠢᠵᠢᠷᠠᠯ ᠤᠨ ᠬᠦᠴᠦᠨ ᠪᠠ ᠪᠠᠶᠠᠷ ᠬᠦᠷ ᠢᠶᠠᠷ ᠪᠢᠯᠬᠠᠨ᠎ᠠ᠃ 20 ᠴᠠᠭ ᠲᠤ᠂ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠤ ᠡᠬᠢᠯᠡᠯᠲᠡ ᠶᠢᠨ ᠶᠣᠰᠣᠯᠠᠯ ᠡᠬᠢᠯᠡᠵᠦ᠂ ᠡᠬᠢᠯᠡᠯᠲᠡ ᠶᠢᠨ ᠶᠣᠰᠣᠯᠠᠯ ᠪᠠ ᠰᠣᠶᠣᠯ ᠲᠠᠮᠢᠷ ᠤᠨ ᠲᠣᠭᠯᠠᠯᠲᠠ ᠬᠤᠶᠠᠷ ᠶᠡᠭᠡ ᠬᠡᠰᠡᠭ ᠬᠤᠪᠢᠶᠠᠪᠠ᠃ ᠡᠬᠢᠯᠡᠯᠲᠡ ᠶᠢᠨ ᠶᠣᠰᠣᠯᠠᠯ ᠳᠡᠭᠡᠷ᠎ᠡ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ ᠱᠣᠸ ᠴᠧᠩ ᠤᠭᠲᠤᠬᠤ ᠦᠭᠡ ᠬᠡᠯᠡᠵᠦ᠂ ᠤᠯᠤᠰ ᠤᠨ ᠪᠡᠶ᠎ᠡ ᠶᠢᠨ ᠲᠠᠮᠢᠷ ᠤᠨ ᠶᠡᠷᠦᠩᠬᠡᠢ ᠲᠣᠪᠴᠢᠶ᠎ᠠ ᠶᠢᠨ ᠳᠠᠷᠤᠭ᠎ᠠ ᠭᠤᠸ ᡁᠢ ᠳ᠋ᠠᠨ ᠡᠬᠢᠯᠡᠯᠲᠡ ᠶᠢᠨ ᠦᠭᠡ ᠬᠡᠯᠡᠪᠡ᠃ ᠡᠬᠢᠯᠡᠬᠦ ᠶᠣᠰᠣᠯᠠᠯ ᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠲᠡᠷᠢᠭᠦᠯᠡᠭᠴᠢ ᠸᠠᠩ ᠯᠢ ᠰᠢᠶᠠ ᠡᠷᠭᠢᠯᠡᠪᠡ᠃      20 ᠴᠠᠭ 36 ᠮᠢᠨᠦ᠋ᠲ ᠲᠤ᠂ ᠲᠦᠷᠦ ᠶᠢᠨ ᠶᠠᠪᠤᠳᠠᠯ ᠤᠨ ᠬᠤᠷᠢᠶᠠᠨ ᠤ ᠭᠡᠰᠢᠭᠦᠨ ᠱᠧᠨ ᠢ ᠴᠢᠨ᠄ ᠪᠦᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠷᠪᠠᠨ ᠳᠥᠷᠪᠡᠳᠦᠭᠡᠷ ᠬᠤᠭᠤᠴᠠᠭᠠᠨ ᠤ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠡᠬᠢᠯᠡᠯ᠎ᠡ ᠭᠡᠵᠦ ᠵᠠᠷᠯᠠᠪᠠ᠃ ᠪᠦᠬᠦ ᠲᠠᠯᠠᠪᠠᠢ ᠳᠤ ᠬᠠᠯᠠᠭᠤᠨ ᠠᠯᠠᠭ᠎ᠠ ᠲᠡᠰᠢᠯᠲᠡ ᠶᠢᠨ ᠲᠠᠭᠤᠨ ᠨᠢᠵᠢᠭᠢᠨᠡᠪᠡ᠃
 
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000611号-1号