ᠬᠤᠲᠣᠩ ᠠᠷᠠᠳ ᠤᠨ ᠲᠣᠭᠤᠷᠢᠭ ᠤᠨ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠡᠳᠦᠷ ᠤᠨ ᠰᠣᠨᠢᠨ
ᠨᠡᠶᠢᠲᠡᠯᠡᠭᠰᠡᠨ ᠴᠠᠭ᠄
2024/2/23
      ︽ᠬᠤᠲᠠ ᠶᠢᠨ ᠬᠠᠮᠢᠶᠠᠷᠤᠯᠲᠠ ᠶᠢ ᠬᠤᠸᠠᠷ ᠬᠠᠳᠬᠤᠮᠠᠯ ᠲᠠᠢ ᠠᠳᠠᠯᠢ ᠨᠠᠷᠢᠯᠢᠭ ᠪᠠᠶᠢᠯᠭᠠᠬᠤ︾ ᠱᠠᠭᠠᠷᠳᠠᠯᠭ᠎ᠠ ᠶᠣᠰᠣᠭᠠᠷ᠂ ︽ᠬᠥᠬᠡᠬᠤᠲᠠ ᠶᠢᠨ ᠬᠤᠲᠠ ᠶᠢᠨ ᠨᠠᠷᠢᠯᠢᠭᠵᠢᠭᠤᠯᠤᠭᠰᠠᠨ ᠬᠠᠮᠢᠶᠠᠷᠤᠯᠲᠠ ᠶᠢᠨ ᠪᠠᠷᠢᠮᠵᠢᠶ᠎ᠠ︾ ᠶᠢ ᠪᠠᠷᠢᠮᠵᠢᠶ᠎ᠠ ᠲᠠᠢ ᠬᠠᠷᠭᠤᠭᠤᠯᠵᠤ᠂ ᠬᠤᠲᠠ ᠶᠢᠨ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠨᠠᠷᠢᠯᠢᠭᠵᠢᠭᠤᠯᠤᠭᠰᠠᠨ ᠬᠠᠮᠢᠶᠠᠷᠤᠯᠲᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠤᠨ᠎ᠠ᠃ ᠵᠢᠮᠢᠰ ᠤᠨ ᠬᠠᠶᠢᠷᠴᠠᠭ᠂ ᠨᠡᠶᠢᠲᠡ ᠶᠢᠨ ᠮᠠᠰᠢᠨ ᠲᠡᠷᠭᠡᠨ ᠤ ᠥᠷᠲᠡᠭᠡᠨ ᠤ ᠫᠠᠶᠢᠰᠠ᠂ ᠠᠪᠳᠠᠷ᠎ᠠ ᠶᠢᠨ ᠪᠠᠭᠠᠨ᠎ᠠ ᠤᠲᠠᠰᠤ ᠵᠡᠷᠭᠡ ︽ᠬᠤᠲᠠ ᠶᠢᠨ ᠭᠡᠷ ᠤᠨ ᠡᠳ᠋ᠯᠡᠯ︾ ᠢ ᠤᠬᠢᠶᠠᠵᠤ ᠠᠷᠴᠢᠵᠤ᠂ ᠮᠣᠳᠣᠨ ᠤ ᠨᠦᠬᠡ ᠪᠠ ᠪᠣᠷᠣᠭᠠᠨ ᠤ ᠤᠰᠤᠨ ᠤ ᠱᠤᠸᠠᠵᠠ ᠶᠢ ᠴᠡᠪᠡᠷᠯᠡᠵᠦ᠂ ᠥᠨᠳᠥᠷ ᠳᠤᠯᠠᠭᠠᠨ ᠥᠨᠳᠥᠷ ᠳᠠᠷᠤᠯᠲᠠ ᠪᠠᠷ ᠵᠠᠮ ᠤᠨ ᠭᠠᠳᠠᠷᠭᠤ ᠶᠢᠨ ᠲᠣᠰᠣᠨ ᠤ ᠪᠣᠬᠢᠷᠲᠤᠯ ᠢ ᠠᠷᠢᠯᠭᠠᠵᠤ᠂ ᠣᠨᠣᠭᠳᠠᠬᠤ ᠦᠭᠡᠢ ᠭᠠᠵᠠᠷ ᠵᠢᠴᠢ ᠰᠢᠭᠡᠬᠦ ᠭᠠᠵᠠᠷ ᠢ ᠴᠡᠪᠡᠷᠯᠡᠵᠦ᠂ ︽ᠦᠬᠡᠷ ᠢᠯᠢᠳᠦ︾ ᠶᠢᠨ ᠵᠢᠵᠢᠭ ᠵᠠᠷ ᠢ ᠠᠷᠢᠯᠭᠠᠵᠤ᠂ ᠬᠠᠮᠲᠤ ᠪᠠᠷ ᠡᠳ᠋ᠯᠡᠬᠦ ᠳᠤᠭᠤᠢ ᠲᠡᠷᠭᠡ ᠶᠢ ᠬᠠᠪᠰᠤᠷᠤᠨ ᠲᠠᠯᠪᠢᠵᠤ᠂ ᠭᠤᠭᠴᠤᠭ᠎ᠠ ᠨᠢᠭᠡᠪᠦᠷᠢ᠂ ᠨᠠᠷᠢᠨ ᠵᠦᠢᠯᠡᠰ ᠨᠢᠭᠡᠪᠦᠷᠢ ᠳᠤ ᠬᠦᠴᠦ ᠣᠷᠣᠭᠤᠯᠤᠨ᠂ ᠪᠠᠭ᠎ᠠ ᠲᠠᠯ᠎ᠠ ᠳᠤ ᠠᠵᠢᠯ ᠣᠯᠵᠤ᠂ ᠨᠠᠷᠢᠨ ᠲᠠᠯ᠎ᠠ ᠳᠤ ᠬᠢᠷᠢ ᠲᠦᠪᠰᠢᠨ ᠢ ᠨᠢ ᠦᠵᠡᠵᠦ᠂ ᠨᠠᠷᠢᠯᠢᠭᠵᠢᠭᠤᠯᠤᠯᠲᠠ ᠶᠢ ᠥᠨᠴᠥᠭ ᠪᠤᠯᠤᠩ ᠨᠢᠭᠡᠪᠦᠷᠢ ᠳᠤ ᠨᠡᠪᠴᠢᠭᠦᠯᠬᠦ ᠬᠡᠷᠡᠭᠲᠡᠢ᠃ ᠨᠠᠷᠢᠯᠢᠭᠵᠢᠭᠤᠯᠤᠨ ᠠᠵᠢᠯᠯᠠᠬᠤ ᠪᠠᠷ ᠳᠠᠮᠵᠢᠭᠤᠯᠤᠨ ᠬᠠᠷᠢᠶᠠᠲᠤ ᠣᠷᠣᠨ ᠤ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠶᠠᠰᠤ ᠴᠢᠨᠠᠷ ᠢ ᠪᠥᠬᠦ ᠲᠠᠯ᠎ᠠ ᠪᠠᠷ ᠳᠡᠭᠡᠭᠰᠢᠯᠡᠬᠦᠯ᠎ᠡ᠃      ᠨᠠᠷᠢᠯᠢᠭᠵᠢᠭᠤᠯᠤᠭᠰᠠᠨ ᠬᠠᠮᠢᠶᠠᠷᠤᠯᠲᠠ ᠶᠢᠨ ᠪᠠᠷᠢᠮᠵᠢᠶ᠎ᠠ ᠶᠢ ᠪᠥᠬᠦ ᠲᠠᠯ᠎ᠠ ᠪᠠᠷ ᠵᠢᠷᠤᠮᠯᠠᠨ᠂ ᠤᠯᠠᠭ᠎ᠠ ᠥᠷᠲᠡᠭᠡ ᠵᠢᠴᠢ ᠨᠡᠶᠢᠲᠡ ᠶᠢᠨ ᠵᠣᠷᠯᠣᠩ ᠤᠨ ᠬᠠᠮᠢᠶᠠᠷᠤᠯᠲᠠ ᠶᠢᠨ ᠡᠷᠴᠢᠮ ᠢ ᠴᠢᠩᠭᠠᠷᠠᠭᠤᠯᠬᠤ ᠶᠢᠨ ᠬᠠᠮᠲᠤ ᠤᠷᠢᠳᠴᠢᠯᠠᠨ ᠰᠡᠷᠭᠡᠶᠢᠯᠡᠬᠦ ᠪᠠᠷ ᠭᠤᠣᠯ ᠪᠣᠯᠭᠠᠬᠤ ᠶᠢ ᠪᠠᠷᠢᠮᠲᠠᠯᠠᠨ᠂ ᠡᠪᠡᠳᠴᠢᠨ ᠤ ᠵᠠᠭᠤᠴᠢ ᠠᠮᠢᠳᠤ ᠪᠣᠳᠠᠰ ᠤᠨ ᠦᠷᠡᠵᠢᠯᠲᠡ ᠶᠢᠨ ᠭᠤᠣᠯᠳᠠᠯᠭ᠎ᠠ ᠲᠠᠢ ᠲᠠᠯᠠᠪᠤᠷ ᠭᠠᠵᠠᠷ ᠪᠠ ᠣᠷᠣᠨ ᠪᠠᠶᠢᠷᠢ ᠶᠢ ᠪᠥᠬᠦ ᠲᠠᠯ᠎ᠠ ᠪᠠᠷ ᠵᠢᠭᠰᠠᠭᠠᠨ ᠪᠠᠶᠢᠴᠠᠭᠠᠵᠤ᠂ ᠡᠪᠡᠳᠴᠢᠨ ᠤ ᠵᠠᠭᠤᠴᠢ ᠠᠮᠢᠳᠤ ᠪᠣᠳᠠᠰ ᠢ ᠰᠡᠷᠭᠡᠶᠢᠯᠡᠨ ᠦᠢᠯᠡᠳᠬᠦ ᠶᠢ ᠥᠷᠨᠢᠭᠦᠯᠵᠦ᠂ ᠡᠪᠡᠳᠴᠢᠨ ᠤ ᠵᠠᠭᠤᠴᠢ ᠠᠮᠢᠳᠤ ᠪᠣᠳᠠᠰ ᠤᠨ ᠨᠢᠭᠲᠠᠴᠠ ᠶᠢ ᠪᠠᠭᠤᠷᠠᠭᠤᠯᠤᠨ᠂ ᠡᠪᠡᠳᠴᠢᠨ ᠤ ᠵᠠᠭᠤᠴᠢ ᠠᠮᠢᠳᠤ ᠪᠣᠳᠠᠰ ᠤᠨ ᠡᠪᠡᠳᠴᠢᠨ ᠡᠭᠦᠰᠬᠦ ᠶᠢ ᠪᠦᠲᠦᠮᠵᠢᠲᠡᠶ ᠰᠡᠷᠭᠡᠶᠢᠯᠡᠨ᠎ᠡ᠃      1.ᠬᠥᠬᠡᠬᠤᠲᠠ ᠶᠢᠨ ᠤᠯᠠᠭ᠎ᠠ ᠥᠷᠲᠡᠭᠡ ︵ᠨᠡᠶᠢᠲᠡ ᠶᠢᠨ ᠡᠷᠡᠭᠦᠯ ᠬᠠᠮᠠᠭᠠᠯᠠᠯ ᠤᠨ ᠥᠷᠥᠭᠡ︶ ᠶᠢᠨ ᠡᠷᠡᠭᠦᠯ ᠬᠠᠮᠠᠭᠠᠯᠠᠯ ᠤᠨ ᠤᠳᠠᠭ᠎ᠠ ᠶᠢ ᠥᠪᠡᠷ ᠢᠶᠠᠨ ᠪᠠᠶᠢᠴᠠᠭᠠᠵᠠᠢ ︵ᠨᠢᠭᠡᠨᠲᠡ ᠰᠡᠭᠦᠳᠡᠷᠯᠡᠨ ᠲᠠᠩᠰᠠ ᠡᠪᠬᠡᠮᠡᠯ ᠳᠤ ᠣᠷᠣᠭᠤᠯᠤᠭᠰᠠᠨ︶︔      2.ᠠᠷᠢᠭᠤᠳᠬᠠᠨ ᠠᠷᠢᠭᠤᠳᠬᠠᠬᠤ ᠠᠵᠢᠯ ᠢ 2850 ᠤᠳᠠᠭ᠎ᠠ ᠬᠢᠵᠡᠢ︔      3.5700 ᠭᠠᠵᠠᠷ ᠤᠨ ᠣᠷᠴᠢᠨ ᠠᠬᠤᠢ ᠶᠢᠨ ᠡᠷᠡᠭᠦᠯ ᠬᠠᠮᠠᠭᠠᠯᠠᠯ ᠢ ᠴᠡᠪᠡᠷᠯᠡᠵᠡᠢ︔      4.ᠬᠥᠬᠡᠬᠤᠲᠠ ᠶᠢᠨ ᠤᠯᠠᠭ᠎ᠠ ᠥᠷᠲᠡᠭᠡ ︵ᠨᠡᠶᠢᠲᠡ ᠶᠢᠨ ᠠᠷᠢᠭᠤᠨ ᠴᠡᠪᠡᠷ ᠤᠨ ᠥᠷᠥᠭᠡ︶ ᠶᠢᠨ 285 ᠭᠠᠵᠠᠷ ᠢ ᠵᠢᠭᠰᠠᠭᠠᠨ ᠪᠠᠶᠢᠴᠠᠭᠠᠵᠤ᠂ ᠬᠤᠯᠤᠭᠠᠨ᠎ᠠ ᠶᠢᠨ ᠮᠥᠷ ᠦᠭᠡᠢ᠂ ᠵᠣᠥᠮ᠎ᠠ ᠶᠢᠨ ᠮᠥᠷ ᠦᠭᠡᠢ︔      5.ᠠᠶᠤᠯ ᠦᠭᠡᠢ ᠦᠢᠯᠡᠳᠪᠦᠷᠢᠯᠡᠯ ᠤᠨ ᠲᠤᠰᠬᠠᠢ ᠪᠠᠶᠢᠴᠠᠭᠠᠯᠲᠠ ᠶᠢ ᠥᠷᠨᠢᠭᠦᠯᠵᠦ᠂ ᠴᠠᠬᠢᠯᠭᠠᠨ ᠬᠡᠯᠬᠢᠶᠡᠨ ᠤ ᠠᠶᠤᠯ ᠦᠭᠡᠢ ᠶᠢᠨ 285 ᠭᠠᠵᠠᠷ᠂ ᠭᠠᠯ ᠤᠨᠲᠠᠷᠠᠭᠠᠬᠤ ᠪᠡᠯᠡᠳᠬᠡᠮᠵᠢ ᠲᠥᠬᠦᠭᠡᠷᠦᠮᠵᠢ ᠶᠢᠨ 285 ᠭᠠᠵᠠᠷ ᠢ ᠪᠠᠶᠢᠴᠠᠭᠠᠵᠠᠢ᠃      ᠨᠠᠷᠢᠯᠢᠭᠵᠢᠭᠤᠯᠤᠭᠰᠠᠨ ᠬᠠᠮᠢᠶᠠᠷᠤᠯᠲᠠ ᠶᠢᠨ ᠪᠠᠷᠢᠮᠵᠢᠶ᠎ᠠ ᠶᠢ ᠪᠥᠬᠦ ᠲᠠᠯ᠎ᠠ ᠪᠠᠷ ᠵᠢᠷᠤᠮᠯᠠᠨ᠂ ᠤᠯᠠᠭ᠎ᠠ ᠥᠷᠲᠡᠭᠡ ᠵᠢᠴᠢ ᠨᠡᠶᠢᠲᠡ ᠶᠢᠨ ᠵᠣᠷᠯᠣᠩ ᠤᠨ ᠬᠠᠮᠢᠶᠠᠷᠤᠯᠲᠠ ᠶᠢᠨ ᠡᠷᠴᠢᠮ ᠢ ᠴᠢᠩᠭᠠᠷᠠᠭᠤᠯᠬᠤ ᠶᠢᠨ ᠬᠠᠮᠲᠤ ᠤᠷᠢᠳᠴᠢᠯᠠᠨ ᠰᠡᠷᠭᠡᠶᠢᠯᠡᠬᠦ ᠪᠠᠷ ᠭᠤᠣᠯ ᠪᠣᠯᠭᠠᠬᠤ ᠶᠢ ᠪᠠᠷᠢᠮᠲᠠᠯᠠᠨ᠂ ᠡᠪᠡᠳᠴᠢᠨ ᠤ ᠵᠠᠭᠤᠴᠢ ᠠᠮᠢᠳᠤ ᠪᠣᠳᠠᠰ ᠤᠨ ᠦᠷᠡᠵᠢᠯᠲᠡ ᠶᠢᠨ ᠭᠤᠣᠯᠳᠠᠯᠭ᠎ᠠ ᠲᠠᠢ ᠲᠠᠯᠠᠪᠤᠷ ᠭᠠᠵᠠᠷ ᠪᠠ ᠣᠷᠣᠨ ᠪᠠᠶᠢᠷᠢ ᠶᠢ ᠪᠥᠬᠦ ᠲᠠᠯ᠎ᠠ ᠪᠠᠷ ᠵᠢᠭᠰᠠᠭᠠᠨ ᠪᠠᠶᠢᠴᠠᠭᠠᠵᠤ᠂ ᠡᠪᠡᠳᠴᠢᠨ ᠤ ᠵᠠᠭᠤᠴᠢ ᠠᠮᠢᠳᠤ ᠪᠣᠳᠠᠰ ᠢ ᠰᠡᠷᠭᠡᠶᠢᠯᠡᠨ ᠦᠢᠯᠡᠳᠬᠦ ᠶᠢ ᠥᠷᠨᠢᠭᠦᠯᠵᠦ᠂ ᠡᠪᠡᠳᠴᠢᠨ ᠤ ᠵᠠᠭᠤᠴᠢ ᠠᠮᠢᠳᠤ ᠪᠣᠳᠠᠰ ᠤᠨ ᠨᠢᠭᠲᠠᠴᠠ ᠶᠢ ᠪᠠᠭᠤᠷᠠᠭᠤᠯᠤᠨ᠂ ᠡᠪᠡᠳᠴᠢᠨ ᠤ ᠵᠠᠭᠤᠴᠢ ᠠᠮᠢᠳᠤ ᠪᠣᠳᠠᠰ ᠤᠨ ᠡᠪᠡᠳᠴᠢᠨ ᠡᠭᠦᠰᠬᠦ ᠶᠢ ᠪᠦᠲᠦᠮᠵᠢᠲᠡᠶ ᠰᠡᠷᠭᠡᠶᠢᠯᠡᠨ᠎ᠡ᠃      ᠠᠵᠢᠯ ᠤᠨ ᠲᠣᠭᠲᠠᠴᠠ ᠪᠠᠨ ᠲᠠᠰᠤᠷᠠᠯᠲᠠ ᠦᠭᠡᠢ ᠴᠢᠩᠭᠠᠷᠠᠭᠤᠯᠵᠤ᠂ ᠴᠡᠪᠡᠷᠯᠡᠨ ᠠᠭᠤᠳᠠᠯᠵᠤ ᠴᠡᠪᠡᠷᠯᠡᠨ ᠲᠡᠭᠡᠭᠡᠪᠦᠷᠢᠯᠡᠬᠦ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠬᠠᠷᠢᠶ᠎ᠠ ᠪᠦᠬᠦᠢ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠲᠠᠰᠤᠯᠭ᠎ᠠ ᠶᠢᠨ ᠪᠣᠳᠠᠲᠠᠢ ᠪᠠᠶᠢᠳᠠᠯ ᠢ ᠦᠨᠳᠦᠰᠦᠯᠡᠨ ᠬᠡᠰᠡᠭ ᠬᠤᠪᠢᠶᠠᠨ ᠪᠣᠬᠢᠷᠲᠤᠯ ᠢ ᠰᠣᠷᠣᠵᠤ᠂ ᠬᠠᠷᠢᠭᠤᠴᠠᠯᠭ᠎ᠠ ᠶᠢ ᠬᠥᠮᠥᠨ ᠳᠤᠨᠢ ᠨᠠᠶᠢᠳᠠᠪᠤᠷᠢᠵᠢᠭᠤᠯᠤᠨ᠂ ᠡᠳᠦᠷ ᠪᠦᠷᠢ ᠲᠣᠭᠲᠠᠭᠰᠠᠨ ᠴᠠᠭ ᠲᠠᠭᠠᠨ ᠪᠣᠬᠢᠷᠲᠤᠯ ᠢ ᠰᠣᠷᠣᠵᠤ᠂ ᠲᠣᠭᠲᠠᠭᠰᠠᠨ ᠭᠠᠵᠠᠷ ᠲᠤ ᠪᠣᠬᠢᠷᠲᠤᠯ ᠢ ᠭᠠᠳᠠᠭᠰᠢᠯᠠᠭᠤᠯᠤᠨ᠎ᠠ᠃ ᠥᠨᠥᠳᠥᠷ ᠨᠡᠶᠢᠲᠡ 30 ᠨᠡᠶᠢᠲᠡ ᠶᠢᠨ ᠵᠣᠷᠯᠣᠩ ᠢ ᠴᠡᠪᠡᠷᠯᠡᠨ ᠭᠠᠷᠭᠠᠵᠤ᠂ 30 ᠲᠡᠷᠭᠡ ᠲᠠᠲᠠᠵᠤ᠂ 200 ᠲᠣᠨ ᠪᠣᠬᠢᠷᠲᠤᠯ ᠢ ᠰᠣᠷᠣᠭᠤᠯᠤᠨ᠎ᠠ᠃
     ᠢᠷᠡᠯᠲᠡ᠄ ᠬᠤᠲᠣᠩ ᠠᠷᠠᠳ ᠤᠨ ᠲᠣᠭᠤᠷᠢᠭ ᠤᠨ ᠵᠠᠰᠠᠭ ᠤᠨ ᠣᠷᠳᠣᠨ ᠤ ᠠᠯᠪᠠᠨ ᠰᠦᠯᠵᠢᠶ᠎ᠡ
 
ᠢᠷᠡᠯᠲᠡ᠄ ᠬᠤᠲᠤᠩ ᠠᠷᠠᠳ ᠤᠨ ᠲᠣᠭᠤᠷᠢᠭ ᠤᠨ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000611号-1号