ᠬᠥᠬᠡᠬᠤᠲᠠ ᠶᠢᠨ ᠬᠤᠲᠣᠩ ᠠᠷᠠᠳ ᠤᠨ ᠲᠣᠭᠤᠷᠢᠭ ᠤᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠯ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ᠄ ᠨᠢᠭᠡ ᠯᠡ ᠤᠳᠠᠭ᠎ᠠ ᠳᠤ ᠰᠠᠶᠢᠲᠤᠷ ᠡᠷᠭᠢᠯᠡᠬᠦ ︽ᠵᠢᠵᠢᠭ ᠴᠣᠩᠬᠤ︾ ᠳᠤ ᠰᠠᠭᠤᠷᠢᠯᠠᠨ ᠳᠤᠮᠳᠠᠳᠤ ᠶᠢᠨ ᠦᠨᠳᠦᠰᠦᠲᠡᠨ ᠤ ︽ᠶᠡᠭᠡ ᠪᠦᠯᠬᠦᠮᠳᠡᠯ︾ ᠢ ᠪᠣᠶ ᠪᠣᠯᠭᠠᠨ᠎ᠠ
ᠨᠡᠶᠢᠲᠡᠯᠡᠭᠰᠡᠨ ᠴᠠᠭ᠄
2024/2/23
      ᠠᠵᠤ ᠠᠬᠤᠶᠢᠯᠠᠯ ᠪᠣᠯᠣᠨ ᠣᠯᠠᠨ ᠲᠦᠮᠡᠨ ᠤ ᠤᠴᠢᠷ ᠶᠠᠪᠤᠳᠠᠯ ᠪᠦᠲᠦᠭᠡᠬᠦ ᠳᠤ ᠠᠮᠠᠷ᠂ ᠤᠴᠢᠷ ᠶᠠᠪᠤᠳᠠᠯ ᠪᠦᠲᠦᠭᠡᠬᠦ ᠳᠤ ᠬᠢᠯᠪᠠᠷ᠂ ᠲᠦᠷᠭᠡᠨ ᠤᠴᠢᠷ ᠶᠠᠪᠤᠳᠠᠯ ᠪᠦᠲᠦᠭᠡᠬᠦ ᠳᠤ ᠳᠥᠭᠦᠮ ᠦᠵᠡᠭᠦᠯᠬᠦ ᠶᠢᠨ ᠲᠥᠯᠥᠭᠡ᠂ ᠬᠥᠬᠡᠬᠤᠲᠠ ᠶᠢᠨ ᠬᠤᠲᠣᠩ ᠠᠷᠠᠳ ᠤᠨ ᠲᠣᠭᠤᠷᠢᠭ ᠤᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠨᠢ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠤᠭᠴᠠᠯᠠᠬᠤ︾ ᠭᠤᠣᠯ ᠱᠤᠭᠤᠮ ᠲᠠᠢ ᠨᠢᠭᠲᠠ ᠤᠶᠠᠯᠳᠤᠭᠤᠯᠤᠨ᠂ ᠠᠷᠠᠳ ᠲᠦᠮᠡᠨ ᠳᠤ ᠦᠢᠯᠡᠴᠢᠯᠡᠬᠦ ︽ᠵᠢᠵᠢᠭ ᠴᠣᠩᠬᠤ︾ ᠳᠤ ᠰᠠᠭᠤᠷᠢᠯᠠᠨ᠂ ︽ᠨᠢᠭᠡ ᠰᠦᠯᠵᠢᠶ᠎ᠡ ᠪᠠᠷ ᠨᠡᠶᠢᠳᠡᠮ ᠭᠦᠢᠴᠡᠳᠬᠡᠬᠦ︾ ᠤᠷᠢᠲᠠᠯ ᠳᠣᠣᠷᠠᠬᠢ ︽ᠬᠠᠮᠤᠭ ᠤᠨ ᠠᠷᠪᠢᠨ ᠳᠠᠭᠠᠨ ᠨᠢᠭᠡ ᠯᠡ ᠤᠳᠠᠭ᠎ᠠ ᠭᠦᠶᠦᠬᠦ︾ ᠥᠭᠡᠷᠡᠴᠢᠯᠡᠯᠲᠡ ᠶᠢ ᠶᠡᠬᠡᠪᠡᠷ ᠭᠦᠨᠵᠡᠭᠡᠶᠢᠷᠡᠭᠦᠯᠵᠦ᠂ ︽ᠦᠨᠳᠦᠰᠦᠲᠡᠨ ᠤ ᠪᠦᠯᠬᠦᠮᠳᠡᠯ+ᠵᠠᠰᠠᠭ ᠤᠨ ᠶᠠᠪᠤᠳᠠᠯ ᠤᠨ ᠦᠢᠯᠡᠴᠢᠯᠡᠭᠡ︾ ᠶᠢᠨ ᠠᠵᠢᠯ ᠤᠨ ᠰᠢᠨ᠎ᠡ ᠠᠷᠭ᠎ᠠ ᠵᠠᠮ ᠢ ᠥᠨᠳᠥᠷ ᠳᠠᠪᠲᠠᠮᠵᠢ ᠪᠠᠷ ᠬᠠᠶᠢᠨ ᠰᠦᠪᠡᠭᠴᠢᠯᠡᠵᠦ᠂ ᠦᠨᠳᠦᠰᠦᠲᠡᠨ ᠨᠦᠭᠦᠳ ᠤᠨ ᠣᠯᠠᠨ ᠲᠦᠮᠡᠨ ᠳᠤ ᠳᠥᠭᠦᠮ ᠳᠥᠲᠡ ᠥᠨᠳᠥᠷ ᠪᠦᠲᠦᠮᠵᠢᠲᠡᠶ ᠠᠵᠢᠯ ᠶᠠᠪᠤᠳᠠᠯ ᠭᠦᠢᠴᠡᠳᠬᠡᠬᠦ ᠦᠢᠯᠡᠴᠢᠯᠡᠭᠡ ᠬᠠᠩᠭᠠᠬᠤ ᠪᠠᠷ ᠴᠢᠷᠮᠠᠶᠢᠨ᠎ᠠ᠃
     ᠤᠬᠠᠭᠤᠯᠭ᠎ᠠ ᠶᠢᠨ ᠵᠢᠭᠰᠠᠭᠠᠯ ᠤᠨ ᠭᠠᠵᠠᠷ ᠢ ᠴᠢᠩᠭᠠᠳᠬᠠᠵᠤ᠂ ᠦᠨᠳᠦᠰᠦᠲᠡᠨ ᠤ ᠪᠦᠯᠬᠦᠮᠳᠡᠯ ᠤᠨ ᠳᠠᠭᠤᠤ ᠶᠢ ᠬᠠᠩᠭᠢᠨᠠᠭᠤᠯᠤᠨ᠎ᠠ᠃ ᠲᠤᠰ ᠲᠣᠪᠴᠢᠶ᠎ᠠ ᠵᠠᠰᠠᠭ ᠤᠨ ᠶᠠᠪᠤᠳᠠᠯ ᠤᠨ ᠶᠡᠭᠡ ᠲᠢᠩᠬᠢᠮ ᠤᠨ ᠠᠵᠢᠯ ᠶᠠᠪᠤᠳᠠᠯ ᠡᠷᠬᠢᠯᠡᠬᠦ ᠠᠵᠤ ᠠᠬᠤᠶᠢᠯᠠᠯ ᠳᠤ ᠦᠢᠯᠡᠴᠢᠯᠡᠬᠦ ᠪᠠ ᠤᠯᠠᠨ ᠲᠦᠮᠡᠨ ᠤ ᠤᠯᠠᠨ ᠲᠦᠮᠡᠨ ᠤ ᠤᠷᠤᠰᠬᠠᠯ ᠤᠨ ᠬᠡᠮᠵᠢᠶ᠎ᠡ ᠶᠡᠭᠡ ᠪᠠᠶᠢᠬᠤ ᠣᠨᠴᠠᠯᠢᠭ ᠢ ᠭᠦᠢᠴᠡᠳ ᠠᠰᠢᠭᠯᠠᠵᠤ᠂ ᠵᠠᠰᠠᠭ ᠤᠨ ᠶᠠᠪᠤᠳᠠᠯ ᠤᠨ ᠶᠡᠭᠡ ᠲᠢᠩᠬᠢᠮ ᠳᠤ ︽ᠦᠨᠳᠦᠰᠦᠲᠡᠨ ᠨᠦᠭᠦᠳ ᠪᠦᠯᠬᠦᠮᠳᠡᠨ ᠰᠡᠳᠬᠢᠯ ᠵᠢᠷᠦᠬᠡ ᠪᠠᠨ ᠬᠤᠯᠪᠣᠬᠤ︾ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠭᠤᠷ ᠠᠮᠢᠰᠬᠤᠯ ᠢ ᠢᠳᠡᠪᠬᠢᠲᠡᠢ ᠪᠤᠢ ᠪᠣᠯᠭᠠᠵᠠᠢ᠃ ᠨᠠᠮ ᠤᠨ ᠦᠨᠳᠦᠰᠦᠲᠡᠨ ᠤ ᠲᠦᠷᠦ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠭᠠᠷ ᠳᠡᠪᠲᠡᠷ ᠪᠣᠯᠣᠨ ᠲᠣᠮᠣ ᠰᠣᠨᠢᠨ ᠢ ᠵᠣᠬᠢᠶᠠᠵᠤ᠂ LED ᠳᠡᠯᠭᠡᠴᠡ ᠶᠢ ᠠᠰᠢᠭᠯᠠᠨ ᠦᠨᠳᠦᠰᠦᠲᠡᠨ ᠤ ᠪᠦᠯᠬᠦᠮᠳᠡᠯ ᠤᠨ ᠤᠬᠠᠭᠤᠯᠭ᠎ᠠ ᠶᠢᠨ ᠹᠢᠯᠢᠮ ᠢ ᠦᠷᠭᠦᠯᠵᠢᠯᠡᠨ ᠨᠠᠪᠲᠠᠷᠡᠭᠦᠯᠵᠦ᠂ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢ ᠡᠭᠦᠳᠦᠨ ᠪᠠᠶᠢᠭᠤᠯᠬᠤ ᠤᠬᠠᠭᠤᠯᠭ᠎ᠠ ᠶᠢᠨ ᠪᠦᠷᠬᠦᠴᠡ ᠶᠢ ᠲᠠᠰᠤᠷᠠᠯᠳᠡ ᠦᠭᠡᠢ ᠥᠷᠭᠡᠳᠬᠡᠵᠦ᠂ ︽ᠦᠨᠳᠦᠰᠦᠲᠡᠨ ᠨᠦᠭᠦᠳ ᠪᠦᠯᠬᠦᠮᠳᠡᠨ ᠨᠢᠭᠡ ᠭᠡᠷ ᠤᠨ ᠬᠥᠮᠥᠰ︾ ᠤᠨ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠣᠯᠭᠠᠵᠤ᠂ ᠦᠨᠳᠦᠰᠦᠲᠡᠨ ᠨᠦᠭᠦᠳ ᠤᠨ ᠠᠵᠢᠯ ᠶᠠᠪᠤᠳᠠᠯ ᠡᠷᠬᠢᠯᠡᠬᠦ ᠤᠯᠠᠨ ᠲᠦᠮᠡᠨ ᠪᠣᠯᠣᠨ ᠪᠦᠬᠦ ᠺᠠᠳ᠋ᠷ ᠠᠵᠢᠯᠲᠠᠨ ᠢ ᠦᠯᠦ ᠮᠡᠳᠡᠭᠴᠢ ᠪᠠᠷ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠨ᠎ᠠ᠃      ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠰᠢᠯᠢᠳᠡᠭᠵᠢᠭᠦᠯᠵᠦ᠂ ᠦᠨᠳᠦᠰᠦᠲᠡᠨ ᠤ ᠪᠦᠯᠬᠦᠮᠳᠡᠯ ᠤᠨ ᠰᠠᠭᠤᠷᠢ ᠶᠢ ᠲᠤᠰ ᠲᠣᠪᠴᠢᠶ᠎ᠠ ︽ᠬᠥᠮᠥᠰ ᠤᠨ ᠰᠡᠳᠬᠢᠯ ᠢ ᠨᠢᠭᠲᠠᠷᠠᠭᠤᠯᠵᠤ᠂ ᠬᠥᠭᠵᠢᠯᠲᠡ ᠶᠢ ᠠᠬᠢᠭᠤᠯᠵᠤ᠂ ᠲᠡᠷᠢᠭᠦᠨ ᠤ ᠬᠢ ᠶᠢ ᠡᠭᠦᠳᠬᠦ︾ ᠪᠠᠷ ᠠᠵᠢᠯ ᠤᠨ ᠬᠠᠷᠠᠯᠲᠠ ᠪᠠᠨ ᠪᠣᠯᠭᠠᠵᠤ᠂ ᠴᠢᠨᠠᠷ ᠰᠠᠶᠢᠲᠠᠢ᠂ ᠥᠨᠳᠥᠷ ᠪᠦᠲᠦᠮᠵᠢᠲᠡᠢ᠂ ᠳᠥᠭᠦᠮ ᠳᠥᠲᠡ ᠪᠠᠶᠢᠬᠤ ᠪᠠᠷ ᠵᠣᠷᠢᠯᠲᠠ ᠪᠣᠯᠭᠠᠵᠤ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠵᠢᠯ ᠳᠤ ᠰᠠᠭᠤᠷᠢᠯᠠᠵᠤ᠂ ᠲᠤᠬᠠᠶᠢᠯᠠᠭᠰᠠᠨ ᠠᠵᠢᠯ ᠤᠨ ᠬᠡᠪ ᠴᠢᠨᠠᠷ ᠢᠶᠠᠷ ᠰᠠᠶᠢᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠦᠢᠯᠡᠴᠢᠯᠡᠭᠡᠨ ᠤ ᠡᠩᠨᠡᠭᠡ ᠶᠢ ᠪᠠᠶᠢᠭᠤᠯᠵᠤ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠴᠣᠩᠬᠤ ᠪᠠᠷ ᠦᠨᠳᠦᠰᠦᠲᠡᠨ ᠨᠦᠭᠦᠳ ᠤᠨ ᠤᠯᠠᠨ ᠲᠦᠮᠡᠨ ᠲᠠᠢ ᠬᠠᠷᠢᠯᠴᠠᠬᠤ ᠬᠠᠮᠤᠭ ᠤᠨ ᠨᠢᠭᠲᠠ ᠠᠵᠢᠯ ᠤᠨ ᠣᠨᠴᠠᠯᠢᠭ ᠢ ᠭᠦᠢᠴᠡᠳ ᠠᠰᠢᠭᠯᠠᠵᠤ᠂ ᠦᠨᠳᠦᠰᠦᠲᠡᠨ ᠨᠦᠭᠦᠳ ᠤᠨ ᠤᠯᠠᠨ ᠲᠦᠮᠡᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ︽ᠰᠡᠳᠬᠢᠯ ᠤᠨ ᠬᠤᠯᠪᠣᠭᠠᠰᠤ︾ ᠶᠢ ᠴᠣᠭᠴᠠᠯᠠᠭᠰᠠᠨ ᠪᠠᠶᠢᠨ᠎ᠠ᠃      ︽ᠠᠵᠤ ᠠᠬᠤᠶᠢᠯᠠᠯ ᠢ ᠲᠤᠰᠠᠯᠠᠬᠤ ᠦᠢᠯᠡᠴᠢᠯᠡᠭᠡᠨ ᠤ ᠬᠠᠪᠰᠤᠷᠤᠨ ᠭᠦᠢᠴᠡᠳᠬᠡᠬᠦ ᠣᠷᠣᠯᠠᠨ ᠭᠦᠢᠴᠡᠳᠬᠡᠬᠦ ᠴᠣᠩᠬᠤ︾ ᠶᠢ ᠪᠠᠶᠢᠭᠤᠯᠵᠤ᠂ ᠦᠨᠳᠦᠰᠦᠲᠡᠨ ᠨᠦᠭᠦᠳ ᠤᠨ ᠠᠵᠢᠯ ᠶᠠᠪᠤᠳᠠᠯ ᠭᠦᠢᠴᠡᠳᠬᠡᠬᠦ ᠣᠯᠠᠨ ᠲᠦᠮᠡᠨ ᠳᠤ ᠬᠠᠪᠰᠤᠷᠤᠨ ᠭᠦᠢᠴᠡᠳᠬᠡᠬᠦ ᠣᠷᠣᠯᠠᠨ ᠭᠦᠢᠴᠡᠳᠬᠡᠬᠦ᠂ ᠠᠰᠠᠭᠤᠨ ᠯᠠᠪᠯᠠᠵᠤ ᠬᠥᠲᠥᠯᠥᠨ ᠵᠢᠯᠤᠭᠤᠳᠬᠤ ᠵᠡᠷᠭᠡ ᠰᠡᠳᠬᠢᠯ ᠢ ᠳᠤᠯᠠᠭᠠᠴᠠᠭᠤᠯᠬᠤ ᠦᠢᠯᠡᠴᠢᠯᠡᠭᠡ ᠬᠠᠩᠭᠠᠨ᠎ᠠ᠃ ︽ᠨᠢᠭᠡ ᠶᠠᠪᠤᠳᠠᠯ ᠢ ᠨᠢᠭᠡ ᠯᠡ ᠤᠳᠠᠭ᠎ᠠ ᠳᠤ ᠭᠦᠢᠴᠡᠳᠬᠡᠬᠦ︾ ᠥᠭᠡᠷᠡᠴᠢᠯᠡᠯᠲᠡ ᠶᠢ ᠦᠷᠭᠦᠯᠵᠢᠯᠡᠨ ᠠᠬᠢᠭᠤᠯᠵᠤ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠶᠡᠭᠡ ᠲᠢᠩᠬᠢᠮ ᠤᠨ ︽ᠠᠵᠤ ᠠᠬᠤᠶᠢᠯᠠᠯ ᠨᠢᠭᠡ ᠥᠷᠲᠡᠭᠡᠨ ᠤ ᠮᠠᠶ᠋ᠢᠭ ᠤᠨ ᠦᠢᠯᠡᠴᠢᠯᠡᠭᠡᠨ ᠤ ᠲᠤᠰᠬᠠᠢ ᠣᠷᠣᠨ ᠡᠷᠭᠢᠯᠡᠬᠦ︾ ᠶᠢ ᠲᠡᠭᠦᠯᠳᠡᠷᠵᠢᠭᠦᠯᠵᠦ᠂ ︽ᠨᠢᠭᠡ ᠶᠠᠪᠤᠳᠠᠯ ᠢ ᠨᠢᠭᠡ ᠤᠳᠠᠭ᠎ᠠ ᠳᠤ ᠭᠦᠢᠴᠡᠳᠬᠡᠬᠦ ᠴᠣᠩᠬᠤ︾ ᠶᠢ ᠲᠣᠬᠢᠷᠠᠭᠤᠯᠤᠨ᠂ 749 ︽ᠨᠢᠭᠡ ᠶᠠᠪᠤᠳᠠᠯ︾ ᠤᠨ ᠬᠤᠷᠠᠮᠠᠯ ᠢᠵᠢ ᠦᠢᠯᠡᠴᠢᠯᠡᠭᠡ ᠶᠢ ᠬᠠᠩᠭᠠᠵᠤ᠂ ︽ᠣᠯᠠᠨ ᠲᠦᠮᠡᠨ ᠲᠠᠢ ᠣᠶᠢᠷᠠᠲᠤᠭᠰᠠᠨ︾ ᠢᠵᠢ ᠦᠢᠯᠡᠴᠢᠯᠡᠭᠡᠨ ᠤ ᠨᠡᠷᠡᠶᠢᠳᠦᠯ ᠢ ᠡᠮᠬᠢᠯᠡᠨ ᠨᠠᠶᠢᠷᠠᠭᠤᠯᠵᠤ᠂ ᠵᠢᠱᠢᠶᠡᠯᠡᠪᠡᠯ ︽ᠪᠢ ᠬᠤᠭᠤᠯᠠᠨ ᠭᠡᠷ ᠨᠡᠭᠡᠭᠡᠨ᠎ᠡ︾ ︽ᠪᠢ ᠦᠰᠦ ᠵᠠᠰᠠᠬᠤ ᠭᠠᠵᠠᠷ ᠨᠡᠭᠡᠭᠡᠨ᠎ᠡ︾ ᠭᠡᠬᠦ ᠮᠡᠲᠦ ᠪᠠᠶᠢᠵᠤ᠂ ᠦᠨᠳᠦᠰᠦᠲᠡᠨ ᠨᠦᠭᠦᠳ ᠤᠨ ᠣᠯᠠᠨ ᠲᠦᠮᠡᠨ ᠢ ᠢᠵᠢ ᠦᠢᠯᠡᠴᠢᠯᠡᠭᠡ ᠶᠢ ᠰᠣᠩᠭᠤᠬᠤ᠂ ᠨᠢᠭᠡ ᠬᠦᠰᠦᠨᠦᠭᠲᠦ ᠪᠠᠷ ᠭᠤᠶᠤᠴᠢᠯᠠᠬᠤ ᠳᠤ ᠬᠤᠯᠪᠣᠭᠳᠠᠭᠰᠠᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠢ ᠰᠣᠩᠭᠤᠬᠤ ᠳᠤ ᠬᠦᠷᠦᠭᠦᠯᠦᠨ᠎ᠡ᠃ ᠪᠥᠬᠦ ᠰᠡᠳᠬᠢᠯ ᠪᠥᠬᠦ ᠵᠣᠷᠢᠭ ᠢᠶᠠᠷ ᠢᠶᠠᠨ ᠠᠷᠠᠳ ᠣᠯᠠᠨ ᠳᠤ ᠥᠨᠳᠥᠷ ᠪᠦᠲᠦᠮᠵᠢᠲᠡᠶ᠂ ᠠᠷᠠᠳ ᠲᠤ ᠲᠥᠬᠦᠮ ᠦᠵᠡᠭᠦᠯᠬᠦ᠂ ᠵᠢᠷᠤᠮᠵᠢᠯ ᠲᠠᠢ᠂ ᠠᠷᠢᠭᠤᠨ ᠴᠢᠬᠡᠴᠢ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠦᠢᠯᠡᠴᠢᠯᠡᠭᠡ ᠬᠠᠩᠭᠠᠬᠤ ᠪᠠᠷ ᠳᠠᠮᠵᠢᠭᠤᠯᠤᠨ᠂ ᠦᠨᠳᠦᠰᠦᠲᠡᠨ ᠨᠦᠭᠦᠳ ᠤᠨ ᠣᠯᠠᠨ ᠲᠦᠮᠡᠨ ᠳᠤ ᠵᠢᠷᠤᠮᠵᠢᠯ ᠲᠠᠢ᠂ ᠪᠠᠷᠢᠮᠵᠢᠶ᠎ᠠ ᠲᠠᠢ᠂ ᠲᠥᠬᠦᠮ ᠳᠥᠲᠡ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠳᠤᠮᠳᠠ ᠠᠴᠠ ᠳᠤᠮᠳᠠᠳᠤ ᠶᠢᠨ ᠦᠨᠳᠦᠰᠦᠲᠡᠨ ᠤ ᠨᠢᠭᠡ ᠭᠡᠷ ᠤᠨ ᠬᠥᠮᠥᠰ ᠤᠨ ᠬᠠᠶᠢᠷ᠎ᠠ ᠬᠠᠯᠠᠮᠵᠢ ᠶᠢ ᠬᠦᠷᠲᠡᠭᠡᠨ᠎ᠡ᠃      ᠠᠷᠠᠳ ᠲᠤ ᠳᠦᠬᠦᠮ ᠦᠵᠡᠭᠦᠯᠵᠦ ᠠᠷᠠᠳ ᠲᠤ ᠠᠰᠢᠭ ᠬᠦᠷᠲᠡᠭᠡᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠦᠨᠳᠦᠰᠦᠲᠡᠨ ᠤ ᠪᠦᠯᠬᠦᠮᠳᠡᠯ ᠤᠨ ᠵᠠᠮ ᠢ ᠲᠤᠰ ᠲᠣᠪᠴᠢᠶ᠎ᠠ ᠨᠠᠮ ᠤᠨ ᠪᠠᠶᠢᠭᠤᠯᠤᠯᠲᠠ ᠪᠠᠷ ᠦᠢᠯᠡᠴᠢᠯᠡᠭᠡᠨ ᠤ ᠠᠷᠭ᠎ᠠ ᠮᠠᠶ᠋ᠢᠭ ᠤᠨ ᠰᠢᠨ᠎ᠡ ᠶᠢ ᠡᠭᠦᠳᠬᠦ ᠶᠢ ᠬᠥᠲᠥᠯᠥᠨ ᠳᠠᠭᠠᠭᠤᠯᠵᠤ᠂ ︽ᠡᠪ ᠬᠠᠮᠲᠤ ᠨᠠᠮ ᠤᠨ ᠭᠡᠰᠢᠭᠦᠨ ᠤ ᠦᠯᠢᠭᠡᠷ ᠵᠢᠱᠢᠶ᠎ᠡ ᠦᠵᠡᠭᠦᠯᠬᠦ ᠠᠵᠢᠯ ᠤᠨ ᠪᠠᠶᠢᠷᠢ︾ ᠶᠢ ᠡᠭᠦᠳᠦᠨ ᠪᠠᠶᠢᠭᠤᠯᠬᠤ ᠶᠢ ᠪᠠᠷᠢᠮᠲᠠᠯᠠᠵᠤ᠂ ᠨᠠᠮ ᠤᠨ ᠭᠡᠰᠢᠭᠦᠨ ᠺᠠᠳ᠋ᠷᠴᠤᠳ ᠤᠨ ᠡᠮᠦᠨ᠎ᠡ ᠨᠢ ᠶᠠᠪᠤᠵᠤ ᠦᠯᠢᠭᠡᠷ ᠳᠠᠭᠤᠷᠢᠶᠠᠯ ᠪᠣᠯᠬᠤ ᠶᠢ ᠲᠦᠯᠬᠢᠨ ᠠᠬᠢᠭᠤᠯᠵᠤ᠂ ᠬᠠᠯᠠᠭᠤᠮᠰᠤᠭ ᠦᠢᠯᠡᠴᠢᠯᠡᠭᠡᠨ ᠤ ᠣᠪᠣᠷ ᠢᠶᠠᠷ ᠦᠨᠳᠦᠰᠦᠲᠡᠨ ᠨᠦᠭᠦᠳ ᠤᠨ ᠤᠯᠠᠨ ᠲᠦᠮᠡᠨ ᠢ ᠬᠦᠯᠢᠶᠡᠨ ᠠᠪᠴᠤ᠂ ᠦᠨᠳᠦᠰᠦᠲᠡᠨ ᠨᠦᠭᠦᠳ ᠤᠨ ᠤᠯᠠᠨ ᠲᠦᠮᠡᠨ ᠳᠤ ᠢᠵᠢᠯᠰᠢᠭᠦᠯᠦᠭᠰᠡᠨ᠂ ᠢᠯᠭᠠᠭ᠎ᠠ ᠦᠭᠡᠢ᠂ ᠴᠢᠨᠠᠷ ᠰᠠᠶᠢᠲᠠᠢ ᠵᠠᠰᠠᠭ ᠤᠨ ᠶᠠᠪᠤᠳᠠᠯ ᠤᠨ ᠦᠢᠯᠡᠴᠢᠯᠡᠭᠡ ᠬᠠᠩᠭᠠᠪᠠ᠃ ᠬᠤᠲᠣᠩ ᠠᠷᠠᠳ ᠤᠨ ᠲᠣᠭᠤᠷᠢᠭ ᠤᠨ ᠤᠳᠬ᠎ᠠ ᠤᠷᠠᠯᠢᠭ ᠤᠨ  ᠬᠢᠨ ᠤ ᠬᠤᠯᠪᠣᠭ᠎ᠠ ᠲᠠᠢ ᠬᠤᠯᠪᠤᠭᠠᠯᠠᠨ ᠵᠠᠰᠠᠭ ᠤᠨ ᠶᠠᠪᠤᠳᠠᠯ ᠤᠨ ᠶᠡᠭᠡ ᠲᠢᠩᠬᠢᠮ ᠳᠤ ᠦᠨᠳᠦᠰᠦᠲᠡᠨ ᠤ ᠪᠦᠯᠬᠦᠮᠳᠡᠯ ᠤᠨ ᠭᠤᠣᠯ ᠰᠡᠳᠦᠪᠲᠦ ᠤᠷᠠᠨ ᠪᠢᠴᠢᠯᠭᠡ ᠤᠷᠠᠨ ᠵᠢᠷᠤᠭ ᠤᠨ ᠦᠵᠡᠰᠬᠦᠯᠡᠩ᠂ ᠭᠡᠷᠡᠯ ︽ᠠᠨᠠᠷ ᠤᠨ ᠦᠷ᠎ᠡ ᠨᠢᠭᠡ ᠭᠡᠷ ᠤᠨ ᠬᠥᠮᠥᠨ·ᠦᠨᠳᠦᠰᠦᠲᠡᠨ ᠤ ᠪᠦᠯᠬᠦᠮᠳᠡᠯ ᠰᠡᠳᠬᠢᠯ ᠵᠢᠷᠦᠬᠡ ᠪᠠᠨ ᠬᠤᠯᠪᠣᠨ᠎ᠠ︾ ︽ᠦᠨᠳᠦᠰᠦᠲᠡᠨ ᠤ ᠪᠦᠯᠬᠦᠮᠳᠡᠯ ᠭᠠᠷ ᠭᠠᠷ ᠢᠶᠠᠨ ᠬᠤᠯᠪᠣᠯᠴᠠᠨ᠎ᠠ·ᠬᠤᠭ ᠨᠣᠪᠰᠢ ᠶᠢ ᠲᠥᠷᠥᠯ ᠬᠤᠪᠢᠶᠠᠨ ᠨᠠᠮ ᠤᠨ ᠭᠡᠰᠢᠭᠦᠨ ᠤᠷᠢᠳ ᠢᠶᠠᠷ ᠬᠡᠷᠡᠭᠵᠢᠭᠦᠯᠦᠨ᠎ᠡ︾᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠲᠤᠰᠬᠠᠢ ᠣᠨᠣᠯ ᠤᠨ ᠠᠰᠠᠭᠤᠯᠲᠠ ᠶᠢᠨ ᠬᠠᠭᠤᠳᠠᠰᠤ᠂ ᠮᠡᠳᠡᠯᠭᠡ ᠶᠢᠨ ᠤᠷᠤᠯᠳᠤᠭᠠᠨ᠂ ᠳᠣᠷᠣᠭᠰᠢ ᠪᠠᠭᠤᠵᠤ ᠨᠡᠶᠢᠭᠡᠮ ᠲᠣᠭᠤᠷᠢᠭ ᠲᠤ ᠪᠠᠭᠤᠵᠤ ᠠᠷᠢᠭᠤᠨ ᠴᠡᠪᠡᠷ ᠭᠡᠷ ᠣᠷᠣᠨ ᠢᠶᠠᠨ ᠴᠡᠪᠡᠷᠯᠡᠬᠦ ᠵᠡᠷᠭᠡ ᠭᠤᠣᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠶᠢ ᠢᠳᠡᠪᠬᠢᠲᠡᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃      ᠡᠭᠦᠨ ᠤ ᠬᠠᠮᠲᠤ᠂ ᠯᠠᠪᠯᠠᠭ᠎ᠠ ᠥᠭᠴᠦ ᠬᠥᠲᠥᠯᠥᠨ ᠵᠢᠯᠤᠭᠤᠳᠬᠤ᠂ ᠡᠳᠦᠷ ᠲᠤᠲᠤᠮ ᠤᠨ ᠠᠵᠢᠯᠯᠠᠬᠤ᠂ ᠠᠵᠢᠯ ᠶᠠᠪᠤᠳᠠᠯ ᠭᠦᠢᠴᠡᠳᠬᠡᠬᠦ ᠶᠢ ᠬᠦᠯᠢᠶᠡᠬᠦ ᠵᠡᠷᠭᠡ ᠴᠢᠳᠠᠮᠵᠢ ᠶᠢᠨ ᠪᠠᠶᠢᠷᠢᠰᠢᠭᠤᠯᠤᠯᠲᠠ ᠶᠢ ᠲᠠᠰᠤᠷᠠᠯᠲᠠ ᠦᠭᠡᠢ ᠰᠢᠯᠢᠳᠡᠭᠵᠢᠭᠦᠯᠵᠦ᠂ ᠨᠠᠰᠤᠲᠠᠨ᠂ ᠪᠠᠭᠤᠷᠠᠢ᠂ ᠡᠪᠡᠳᠴᠢᠨ ᠲᠠᠢ᠂ ᠵᠡᠮᠳᠡᠭ᠂ ᠵᠢᠷᠮᠦᠰᠦᠨ ᠵᠢᠴᠢ ᠭᠠᠳᠠᠷ ᠣᠷᠣᠨ ᠤ ᠠᠵᠢᠯᠲᠠᠨ ᠵᠡᠷᠭᠡ ᠠᠵᠢᠯ ᠶᠠᠪᠤᠳᠠᠯ ᠭᠦᠢᠴᠡᠳᠬᠡᠬᠦ ᠣᠨᠴᠠᠭᠠᠶ ᠬᠡᠷᠡᠭᠴᠡᠭᠡ ᠱᠠᠭᠠᠷᠳᠠᠯᠭ᠎ᠠ ᠲᠠᠢ ᠣᠯᠠᠨ ᠲᠦᠮᠡᠨ ᠳᠤ ᠴᠢᠭᠯᠡᠭᠦᠯᠦᠨ ᠣᠯᠠᠨ ᠶᠠᠩᠵᠤ ᠶᠢᠨ ᠦᠢᠯᠡᠴᠢᠯᠡᠭᠡ ᠬᠠᠩᠭᠠᠵᠤ᠂ ᠦᠨᠳᠦᠰᠦᠲᠡᠨ ᠨᠦᠭᠦᠳ ᠤᠨ ᠠᠵᠢᠯ ᠶᠠᠪᠤᠳᠠᠯ ᠭᠦᠢᠴᠡᠳᠬᠡᠬᠦ ᠣᠯᠠᠨ ᠲᠦᠮᠡᠨ ᠪᠠ ᠠᠵᠤ ᠠᠬᠤᠶᠢᠯᠠᠯ ᠳᠤ ᠴᠢᠨᠠᠷ ᠰᠠᠶᠢᠲᠠᠢ᠂ ᠥᠨᠳᠥᠷ ᠪᠦᠲᠦᠮᠵᠢᠲᠡᠶ᠂ ᠳᠥᠭᠦᠮ ᠳᠥᠲᠡ ᠦᠢᠯᠡᠴᠢᠯᠡᠭᠡ ᠶᠢ ᠯᠠᠪᠳᠠᠭᠤᠨ ᠪᠠᠲᠤᠲᠠᠢ ᠬᠠᠩᠭᠠᠵᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯ ᠤᠨ ︽ᠬᠤᠶᠠᠷ ᠢ ᠠᠭᠤᠰᠤᠯᠴᠠᠭᠤᠯᠤᠨ᠂ ᠬᠤᠶᠠᠷ ᠢ ᠠᠬᠢᠭᠤᠯᠬᠤ︾ ᠶᠢ ᠠᠬᠢᠭᠤᠯᠤᠨ᠎ᠠ᠃      ᠢᠷᠡᠯᠲᠡ᠄ ᠬᠤᠲᠣᠩ ᠠᠷᠠᠳ ᠤᠨ ᠲᠣᠭᠤᠷᠢᠭ ᠤᠨ ᠵᠠᠰᠠᠭ ᠤᠨ ᠣᠷᠳᠣᠨ ᠤ ᠠᠯᠪᠠᠨ ᠰᠦᠯᠵᠢᠶ᠎ᠡ
 
ᠢᠷᠡᠯᠲᠡ᠄ ᠬᠤᠲᠤᠩ ᠠᠷᠠᠳ ᠤᠨ ᠲᠣᠭᠤᠷᠢᠭ ᠤᠨ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000611号-1号