ᠬᠤᠲᠣᠩ ᠠᠷᠠᠳ ᠤᠨ ᠲᠣᠭᠤᠷᠢᠭ ᠤᠨ ᠥᠷᠭᠡᠨ ᠭᠤᠳᠤᠮᠵᠢ ᠶᠢᠨ ᠴᠠᠭᠠᠨ ᠰᠠᠷ᠎ᠠ ᠶᠢᠨ ᠠᠷᠪᠠᠨ ᠲᠠᠪᠤᠨ ᠤ ᠥᠯᠵᠡᠶᠢᠲᠦ ᠡᠳᠦᠷ ᠵᠠᠬ᠎ᠠ ᠳᠡᠯᠭᠡᠭᠦᠷ ᠬᠥᠭᠵᠢᠶᠡᠨ ᠲᠠᠢ ᠪᠣᠯᠪᠠ
ᠨᠡᠶᠢᠲᠡᠯᠡᠭᠰᠡᠨ ᠴᠠᠭ᠄
2024/2/23
      ᠥᠯᠵᠡᠶᠢᠲᠦ ᠪᠣᠣᠪᠤ ᠢᠳᠡᠬᠦ᠂ ᠴᠡᠴᠡᠭᠲᠦ ᠳ᠋ᠧᠩ ᠰᠣᠨᠢᠷᠬᠠᠬᠤ ᠪᠣᠯ ᠴᠠᠭᠠᠨ ᠰᠠᠷ᠎ᠠ ᠶᠢᠨ ᠠᠷᠪᠠᠨ ᠲᠠᠪᠤᠨ ᠳᠤ ᠳᠤᠲᠠᠭᠳᠠᠵᠤ ᠪᠣᠯᠣᠰᠢ ᠦᠭᠡᠢ ᠤᠯᠠᠮᠵᠢᠯᠠᠯᠲᠤ ᠵᠠᠩᠰᠢᠯ ᠶᠤᠮ᠂ ᠥᠯᠵᠡᠶᠢᠲᠦ ᠡᠳᠦᠷ ᠤᠨ ᠪᠠᠶᠠᠷ ᠬᠦᠷᠴᠦ ᠢᠷᠡᠬᠦ ᠪᠣᠯᠬᠤᠷ ᠡᠯ᠎ᠡ ᠵᠦᠢᠯ ᠤᠨ ᠠᠮᠲᠠ   ᠶᠢᠨ ᠥᠯᠵᠡᠶᠢᠲᠦ ᠪᠣᠣᠪᠤ ᠨᠢ ᠪᠠᠶᠠᠷ ᠤᠨ ᠡᠳᠦᠷ ᠤᠨ ᠵᠠᠬ᠎ᠠ ᠳᠡᠯᠭᠡᠭᠦᠷ ᠤᠨ ᠭᠤᠣᠯ ᠲᠣᠭᠯᠠᠭᠴᠢ ᠪᠣᠯᠤᠭᠰᠠᠨ ᠪᠠᠶᠢᠨ᠎ᠠ᠃ ᠬᠤᠲᠣᠩ ᠠᠷᠠᠳ ᠤᠨ ᠲᠣᠭᠤᠷᠢᠭ ᠤᠨ ᠥᠷᠭᠡᠨ ᠭᠤᠳᠤᠮᠵᠢ ᠳᠤ᠂ ᠡᠯ᠎ᠡ ᠵᠦᠢᠯ ᠤᠨ ᠤᠯᠠᠮᠵᠢᠯᠠᠯᠲᠤ ᠭᠠᠷ ᠤᠷᠠᠯᠠᠯ ᠤᠨ ᠥᠯᠵᠡᠶᠢᠲᠦ ᠪᠣᠣᠪᠤ ᠨᠢ ᠣᠳᠣᠬᠠᠨ ᠤ ᠪᠣᠷᠤᠯᠠᠭᠤᠯᠭ᠎ᠠ ᠰᠠᠶᠢᠲᠠᠢ ᠵᠦᠢᠯ ᠪᠣᠯᠵᠤ᠂ ᠪᠠᠶᠠᠷ ᠤᠨ ᠡᠳᠦᠷ ᠤᠨ ᠵᠠᠬ᠎ᠠ ᠳᠡᠯᠭᠡᠭᠦᠷ ᠢ ᠤᠯᠠᠮ ᠨᠢᠭᠡ ᠠᠯᠬᠤᠮ ᠰᠠᠶᠢᠵᠢᠷᠠᠭᠤᠯᠵᠠᠢ᠃
     ᠴᠠᠭᠠᠨ ᠰᠠᠷ᠎ᠠ ᠶᠢᠨ ᠠᠷᠪᠠᠨ ᠨᠢᠭᠡᠨ ᠤ ᠦᠳᠡ ᠶᠢᠨ ᠡᠮᠦᠨ᠎ᠡ ᠰᠤᠷᠪᠤᠯᠵᠢᠯᠠᠭᠴᠢ ᠥᠷᠭᠡᠨ ᠭᠤᠳᠤᠮᠵᠢᠨ ᠤ ᠥᠯᠵᠡᠶᠢᠲᠦ ᠪᠣᠣᠪᠤ ᠦᠢᠯᠡᠳᠪᠦᠷᠢᠯᠡᠨ ᠪᠣᠷᠣᠯᠠᠭᠤᠯᠬᠤ ᠳᠡᠯᠭᠡᠭᠦ᠂ ᠦᠢᠯᠡᠳᠪᠦᠷᠢᠯᠡᠯ ᠤᠨ ᠲᠠᠰᠤᠭ ᠲᠤ ᠣᠷᠣᠬᠤ ᠳᠤ ᠥᠯᠵᠡᠶᠢᠲᠦ ᠪᠣᠣᠪᠤ ᠬᠢᠬᠦ ᠮᠠᠰᠢᠨ ᠨᠢᠵᠢᠭᠢᠨᠡᠲᠡᠯ᠎ᠡ ᠳᠤᠤᠭᠠᠷᠴᠤ᠂ ᠠᠵᠢᠯᠴᠢᠳ ᠵᠣᠭᠰᠣᠯ ᠦᠭᠡᠢ ᠶᠠᠭᠠᠷᠠᠨ᠂ ᠬᠥᠳᠡᠯᠦᠯ ᠪᠠᠷᠢᠯ ᠳᠠᠭᠠᠨ ᠳᠠᠳᠮᠠᠭᠠᠢ᠂ ᠰᠡᠳᠬᠢᠯ ᠰᠠᠨᠠᠭ᠎ᠠ ᠪᠠᠨ ᠣᠯᠣᠯᠴᠠᠵᠤ᠂ ᠪᠦᠬᠦ᠋ᠢᠯᠡ ᠦᠢᠯᠡᠳᠪᠦᠷᠢᠯᠡᠯ ᠤᠨ ᠱᠤᠭᠤᠮ ᠨᠢ ᠡᠮᠬᠢ ᠳᠢᠭᠯᠢᠮ ᠲᠠᠢ ᠪᠠᠶᠢᠪᠠ᠃
     ᠬᠤᠳᠠᠯᠳᠤᠭᠠᠨ ᠤ ᠫᠦᠰᠡ ᠶᠢᠨ ᠬᠠᠷᠢᠭᠤᠴᠠᠯᠭᠠᠲᠠᠨ ᠤ ᠲᠠᠨᠢᠯᠴᠠᠭᠤᠯᠤᠭᠰᠠᠨ ᠢᠶᠠᠷ᠂ ᠥᠷᠭᠡᠨ ᠣᠯᠠᠨ ᠬᠡᠷᠡᠭᠯᠡᠭᠴᠢᠳ ᠲᠤ ᠨᠡᠶᠢᠴᠡᠭᠦᠯᠬᠦ ᠶᠢᠨ ᠲᠥᠯᠥᠭᠡ᠂ ᠥᠯᠵᠡᠶᠢᠲᠦ ᠪᠣᠣᠪᠤ ᠡᠯᠳᠡᠪ ᠶᠠᠩᠵᠤ ᠶᠢᠨ ᠠᠮᠲᠠ ᠲᠠᠢ ᠪᠠᠶᠢᠵᠤ᠂ ᠬᠠᠷ᠎ᠠ ᠮᠠᠭᠠᠵᠢ᠂ ᠯᠣᠬᠠᠱᠧᠩ᠂ ᠲᠠᠪᠤᠨ ᠴᠥᠮ᠎ᠡ ᠵᠡᠷᠭᠡ ᠤᠯᠠᠮᠵᠢᠯᠠᠯᠲᠤ ᠠᠮᠲᠠ ᠠᠴᠠ ᠭᠠᠳᠠᠨ᠎ᠠ ᠪᠠᠰᠠ ᠡᠯ᠎ᠡ ᠵᠦᠢᠯ ᠤᠨ ᠵᠢᠮᠢᠰ᠂ ᠴᠣᠺᠣᠯᠠᠳ᠋᠂ ᠰᠠᠷᠭᠠᠢ ᠵᠡᠷᠭᠡ ᠠᠮᠲᠠ ᠲᠠᠢ ᠥᠯᠵᠡᠶᠢᠲᠦ ᠪᠣᠣᠪᠤ ᠪᠠᠶᠢᠳᠠᠭ᠃ ᠪᠦᠲᠦᠭᠡᠭᠳᠡᠬᠦᠨ ᠤ ᠠᠮᠲᠠ ᠨᠢ ᠲᠠᠰᠤᠷᠠᠯᠲᠠ ᠦᠭᠡᠢ ᠬᠠᠭᠤᠴᠢᠨ ᠢ ᠤᠷᠬᠢᠵᠤ ᠰᠢᠨ᠎ᠡ ᠶᠢ ᠡᠭᠦᠳᠴᠦ᠂ ᠴᠣᠬᠤᠮ ᠤᠨ ᠱᠣᠺᠣᠯᠠᠳ᠋᠂ ᠰᠢᠬᠢᠷᠯᠢᠭ ᠵᠢᠮᠢᠰ ᠵᠡᠷᠭᠡ ᠰᠣᠨᠢᠨ ᠰᠡᠪᠡᠭᠦᠨ ᠠᠮᠲᠠ ᠨᠢ ᠵᠠᠯᠠᠭᠤᠴᠤᠳ ᠤᠨ ᠰᠢᠨ᠎ᠡ ᠰᠣᠷᠭᠤᠭ ᠠᠮᠲᠠ ᠶᠢ ᠠᠮᠲᠠᠯᠠᠬᠤ ᠰᠣᠨᠢᠭᠤᠴᠢ ᠰᠡᠳᠬᠢᠯ ᠲᠠᠢ ᠥᠷᠢᠰᠦᠯᠳᠦᠵᠦ ᠪᠠᠶᠢᠨ᠎ᠠ᠃
     ᠥᠷᠭᠡᠨ ᠭᠤᠳᠤᠮᠵᠢ ᠶᠢᠨ ᠤᠯᠠᠮᠵᠢᠯᠠᠯᠲᠤ ᠭᠠᠷ ᠤᠷᠠᠯᠠᠯ ᠤᠨ ᠥᠯᠵᠡᠶᠢᠲᠦ ᠪᠣᠣᠪᠤ ᠠᠴᠠ ᠭᠠᠳᠠᠨ᠎ᠠ᠂ ᠬᠤᠲᠣᠩ ᠠᠷᠠᠳ ᠤᠨ ᠲᠣᠭᠤᠷᠢᠭ ᠤᠨ ᠡᠯ᠎ᠡ ᠲᠣᠮᠣ ᠬᠤᠳᠠᠯᠳᠤᠭᠠᠴᠢᠨ ᠴᠤ ᠢᠳᠡᠪᠬᠢᠲᠡᠢ ᠪᠠᠷ ᠪᠠᠷᠠᠭ᠎ᠠ ᠪᠡᠯᠡᠳᠬᠡᠵᠦ᠂ ᠳᠡᠯᠭᠡᠨ ᠦᠵᠡᠭᠦᠯᠬᠦ ᠬᠤᠷᠭᠤᠨ ᠳᠤ ᠡᠯᠳᠡᠪ ᠵᠦᠢᠯ ᠤᠨ ᠠᠮᠲᠠ ᠶᠢᠨ ᠥᠯᠵᠡᠶᠢᠲᠦ ᠪᠣᠣᠪᠤ᠂ ᠥᠯᠵᠡᠶᠢᠲᠦ ᠪᠣᠣᠪᠤ ᠪᠦᠷᠢᠨ᠂ ᠠᠮᠲᠠ ᠨᠢ ᠴᠦ ᠣᠯᠠᠨ ᠶᠠᠩᠵᠤ ᠶᠢᠨ ᠪᠠᠶᠢᠳᠠᠭ᠂ ᠵᠠᠷᠢᠮ ᠥᠯᠵᠡᠶᠢᠲᠦ ᠪᠣᠣᠪᠤ ᠨᠢ ᠪᠠᠰᠠ ︽ᠱᠠᠪᠲᠠᠯ᠎ᠠ︾ ᠬᠡᠯᠪᠡᠷᠢ ᠲᠠᠢ ᠪᠣᠯᠵᠤ᠂ ᠶᠠᠪᠤᠳᠠᠯ ᠪᠣᠯᠭᠠᠨ ᠤ ᠰᠠᠨᠠᠭᠰᠠᠨ ᠢ ᠪᠡᠯᠭᠡᠳᠡᠵᠦ᠂ ᠦᠢ ᠣᠯᠠᠨ ᠬᠡᠷᠡᠭᠯᠡᠭᠴᠢᠳ ᠤᠨ ᠰᠢᠨ᠎ᠡ ᠬᠠᠶᠢᠷ᠎ᠠ ᠪᠣᠯᠤᠭᠰᠠᠨ ᠪᠠᠶᠢᠨ᠎ᠠ᠃ ᠥᠯᠵᠡᠶᠢᠲᠦ ᠪᠣᠭᠤᠷᠰᠤᠭ᠂ ᠥᠯᠵᠡᠶᠢᠲᠦ ᠪᠣᠣᠪᠤ ᠨᠢ ᠳᠤᠮᠳᠠᠳᠤ   ᠶᠢᠨ ᠦᠨᠳᠦᠰᠦᠲᠡᠨ ᠤ ᠥᠨᠢ ᠤᠳᠠᠭᠠᠨ ᠪᠠᠶᠠᠷ ᠤᠨ ᠡᠳᠦᠷ ᠤᠨ ᠰᠣᠶᠣᠯ ᠪᠠ ᠢᠳᠡᠭᠡᠨ ᠤᠮᠳᠠᠭᠠᠨ ᠤ ᠰᠣᠶᠣᠯ ᠢ ᠤᠯᠠᠮᠵᠢᠯᠠᠨ ᠵᠠᠯᠭᠠᠮᠵᠢᠯᠠᠵᠤ ᠪᠠᠶᠢᠭ᠎ᠠ ᠪᠥᠭᠡᠳ ᠭᠡᠷ ᠪᠦᠯᠢ ᠶᠢᠨ ᠬᠢᠨ ᠤ ᠠᠮᠤᠷ ᠠᠮᠤᠭᠤᠯᠠᠩ ᠡᠷᠡᠭᠦᠯ ᠮᠡᠨᠳᠦ᠂ ᠥᠯᠵᠡᠶᠢᠲᠦ ᠪᠣᠣᠪᠤ ᠪᠣᠯᠣᠨ ᠬᠦᠰᠡᠯ ᠡᠷᠡᠮᠡᠯᠵᠡᠯ ᠢ ᠴᠦ ᠳᠠᠮᠵᠢᠭᠤᠯᠵᠤ ᠪᠠᠶᠢᠭ᠎ᠠ ᠶᠤᠮ᠃      ᠢᠷᠡᠯᠲᠡ᠄ ᠬᠤᠲᠣᠩ ᠠᠷᠠᠳ ᠤᠨ ᠲᠣᠭᠤᠷᠢᠭ ᠤᠨ ᠵᠠᠰᠠᠭ ᠤᠨ ᠣᠷᠳᠣᠨ ᠤ ᠠᠯᠪᠠᠨ ᠰᠦᠯᠵᠢᠶ᠎ᠡ
 
ᠢᠷᠡᠯᠲᠡ᠄ ᠬᠤᠲᠤᠩ ᠠᠷᠠᠳ ᠤᠨ ᠲᠣᠭᠤᠷᠢᠭ ᠤᠨ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000611号-1号