ᠮᠠᠨ ᠤ ᠬᠤᠲᠠ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠦᠢᠯᠡᠴᠢᠯᠡᠭᠡ ᠬᠤᠳᠠᠯᠳᠤᠨ ᠠᠪᠬᠤ ᠲᠤᠷᠰᠢᠯᠲᠠ ᠶᠢᠨ ᠴᠡᠭ ᠪᠠ ᠵᠢᠱᠢᠶ᠎ᠡ ᠦᠵᠡᠭᠦᠯᠬᠦ ᠲᠥᠷᠥᠯ ᠵᠦᠢᠯ ᠤᠨ 376 ᠲᠦᠮᠡᠨ ᠲᠥᠭᠦᠷᠢᠭ ᠤᠨ ᠱᠠᠩᠨᠠᠯ ᠨᠥᠬᠦᠪᠦᠷᠢ ᠶᠢᠨ ᠪᠡᠯᠡ ᠮᠥᠩᠭᠦ ᠣᠯᠪᠠ
ᠨᠡᠶᠢᠲᠡᠯᠡᠭᠰᠡᠨ ᠴᠠᠭ᠄
2024/2/23
      ︵ᠰᠤᠷᠪᠤᠯᠵᠢᠯᠠᠭᠴᠢ ᠰᠥᠩ ᠰᠢᠶᠠᠩ ᠬᠤᠸᠠ︶ 2023 ᠣᠨ ᠳᠤ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠤᠨ ᠬᠠᠮᠢᠶ᠎ᠠ  ᠪᠦᠬᠦᠢ ᠠᠵᠢᠯ ᠤᠨ ᠪᠠᠶᠢᠷᠢᠯᠠᠭᠤᠯᠤᠯᠲᠠ ᠪᠠ ᠱᠠᠭᠠᠷᠳᠠᠯᠭ᠎ᠠ ᠶᠣᠰᠣᠭᠠᠷ᠂ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠳᠡᠭᠡᠳᠦ ᠱᠠᠲᠤᠨ ᠠᠴᠠ ᠵᠠᠰᠠᠭ ᠤᠨ ᠣᠷᠳᠣᠨ ᠤ ᠦᠢᠯᠡᠴᠢᠯᠡᠭᠡ ᠬᠤᠳᠠᠯᠳᠤᠨ ᠠᠪᠬᠤ ᠲᠤᠷᠰᠢᠯᠲᠠ ᠶᠢᠨ ᠴᠡᠭ ᠪᠠ ᠵᠢᠱᠢᠶ᠎ᠡ ᠦᠵᠡᠭᠦᠯᠬᠦ ᠲᠥᠷᠥᠯ ᠵᠦᠢᠯ ᠢ ᠢᠳᠡᠪᠬᠢᠲᠡᠢ ᠭᠤᠶᠤᠴᠢᠯᠠᠵᠤ᠂ ᠥᠪᠡᠷᠲᠡᠭᠡᠨ ᠵᠠᠰᠠᠬᠤ ᠣᠷᠣᠨ ᠤ ᠬᠢᠨᠠᠨ ᠰᠢᠯᠭᠠᠷᠠᠭᠤᠯᠤᠯᠲᠠ ᠪᠠᠷ ᠳᠠᠮᠵᠢᠭᠠᠳ᠂ ᠣᠶᠢᠷ᠎ᠠ ᠳᠤ᠂ ᠮᠠᠨ ᠤ ᠬᠤᠲᠠ ᠳᠤ ᠨᠡᠶᠢᠲᠡ 376 ᠲᠦᠮᠡᠨ ᠲᠥᠭᠦᠷᠢᠭ ᠤᠨ ᠵᠢᠱᠢᠶ᠎ᠡ ᠦᠵᠡᠭᠦᠯᠬᠦ ᠲᠤᠷᠰᠢᠯᠲᠠ ᠶᠢᠨ ᠴᠡᠭ ᠤᠨ ᠱᠠᠩᠨᠠᠯ ᠨᠥᠬᠦᠪᠦᠷᠢ ᠶᠢᠨ ᠪᠡᠯᠡ ᠮᠥᠩᠭᠦ ᠪᠠᠭᠤᠯᠭᠠᠵᠤ᠂ ︽ᠬᠥᠬᠡᠬᠤᠲᠠ ᠶᠢᠨ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠣᠪᠴᠢᠶ᠎ᠠ ᠶᠢᠨ ᠬᠢᠮᠡᠯ ᠣᠶᠣᠨ ᠤ ᠰᠢᠨ᠎ᠡ ᠶᠢ ᠡᠭᠦᠳᠬᠦ ᠦᠢᠯᠡᠴᠢᠯᠡᠭᠡᠨ ᠤ ᠲᠥᠷᠥᠯ ᠵᠦᠢᠯ︾ ︽ᠴᠢᠩ ᠱᠦᠢ ᠾᠧ ᠰᠢᠶᠠᠨ ᠤ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠲᠣᠪᠴᠢᠶ᠎ᠠ ᠶᠢᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠲᠤᠰᠠᠯᠠᠬᠤ ᠠᠷᠠᠳ ᠤᠨ ᠵᠠᠩ ᠦᠶᠯᠡ ᠶᠢᠨ ᠰᠣᠶᠣᠯ ᠤᠨ ᠲᠣᠭᠯᠠᠯᠲᠠ ᠵᠢᠴᠢ ᠵᠣᠬᠢᠶᠠᠨ ᠪᠦᠲᠦᠭᠡᠬᠦ ᠦᠢᠯᠡᠴᠢᠯᠡᠭᠡᠨ ᠤ ᠲᠥᠷᠥᠯ ᠵᠦᠢᠯ︾ ᠪᠠ ︽ᠢᠦᠢ ᠴᠢᠤᠸᠠᠨ ᠲᠣᠭᠤᠷᠢᠭ ᠤᠨ ᠠᠷᠠᠳ ᠤᠨ ᠶᠠᠪᠤᠳᠠᠯ ᠤᠨ ᠲᠣᠪᠴᠢᠶ᠎ᠠ ᠶᠢᠨ ᠰᠠᠶᠢᠨ ᠰᠠᠶᠢᠬᠠᠨ ᠨᠡᠶᠢᠭᠡᠮ ᠲᠣᠭᠤᠷᠢᠭ ᠭᠡᠷ ᠣᠷᠣᠨ ᠢ ᠬᠠᠮᠲᠤ ᠪᠠᠷ ᠪᠠᠶᠢᠭᠤᠯᠬᠤ ᠦᠢᠯᠡᠴᠢᠯᠡᠭᠡᠨ ᠤ ᠲᠥᠷᠥᠯ ᠵᠦᠢᠯ︾ ᠢ ᠱᠠᠩᠨᠠᠨ ᠨᠥᠬᠦᠪᠦᠷᠢᠯᠡᠬᠦ ᠳᠤ ᠬᠡᠷᠡᠭᠯᠡᠪᠡ᠃      ᠵᠠᠰᠠᠭ ᠤᠨ ᠣᠷᠳᠣᠨ ᠦᠢᠯᠡᠴᠢᠯᠡᠭᠡ ᠬᠤᠳᠠᠯᠳᠤᠨ ᠠᠪᠬᠤ ᠳᠠᠭᠠᠨ ᠵᠠᠬ᠎ᠠ ᠳᠡᠯᠭᠡᠭᠦᠷ ᠤᠨ ᠲᠣᠭᠲᠠᠴᠠ ᠶᠢᠨ ᠦᠢᠯᠡᠳᠦᠯ ᠢᠶᠠᠷ ᠳᠡᠮᠵᠢᠵᠦ᠂ ᠡᠳ᠋ ᠤᠨ ᠵᠠᠰᠠᠭ ᠤᠨ ᠪᠡᠯᠡ ᠮᠥᠩᠭᠦ ᠶᠢᠨ ︽ᠬᠥᠰᠢᠭᠦᠷᠭᠡ︾ ᠶᠢᠨ ᠦᠢᠯᠡᠳᠦᠯ ᠢ ᠪᠦᠲᠦᠮᠵᠢᠲᠡᠶ ᠪᠠᠳᠠᠷᠠᠭᠤᠯᠵᠤ᠂ ᠨᠡᠩ ᠤᠯᠠᠨ ᠨᠡᠶᠢᠭᠡᠮ ᠤᠨ ᠬᠦᠴᠦᠨ ᠢ ᠲᠠᠳᠠᠨ ᠠᠪᠴᠢᠷᠠᠵᠤ ᠤᠯᠠᠨ ᠨᠡᠶᠢᠲᠡ ᠶᠢᠨ ᠦᠢᠯᠡᠴᠢᠯᠡᠭᠡ ᠬᠠᠩᠭᠠᠬᠤ ᠳᠤ ᠣᠷᠣᠯᠴᠠᠭᠤᠯᠵᠤ᠂ ᠤᠯᠠᠨ ᠨᠡᠶᠢᠲᠡ ᠶᠢᠨ ᠦᠢᠯᠡᠴᠢᠯᠡᠭᠡ ᠳᠤᠲᠠᠭᠳᠠᠵᠤ ᠪᠠᠶᠢᠭ᠎ᠠ ᠠᠰᠠᠭᠤᠳᠠᠯ ᠢ ᠲᠦᠷᠭᠡᠪᠴᠢᠯᠡᠨ ᠰᠢᠢᠳᠪᠦᠷᠢᠯᠡᠵᠦ ᠴᠢᠳᠠᠬᠤ ᠮᠥᠷᠲᠡᠭᠡᠨ ᠪᠠᠰᠠ ᠠᠷᠠᠳ ᠢᠷᠭᠡᠨ᠂ ᠠᠵᠤ ᠠᠬᠤᠶᠢᠯᠠᠯ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠤᠯᠠᠨ ᠨᠡᠶᠢᠲᠡ ᠶᠢᠨ ᠬᠡᠷᠡᠭ ᠶᠠᠪᠤᠳᠠᠯ ᠳᠤ ᠣᠷᠣᠯᠴᠠᠬᠤ ᠳᠤ ᠪᠦᠲᠦᠮᠵᠢᠲᠡᠶ ᠠᠴᠢᠶᠠᠯᠠᠪᠤᠷᠢ ᠬᠠᠩᠭᠠᠵᠤ᠂ ᠤᠯᠠᠨ ᠨᠡᠶᠢᠲᠡ ᠶᠢᠨ ᠦᠢᠯᠡᠴᠢᠯᠡᠭᠡ ᠬᠠᠩᠭᠠᠬᠤ᠂ ᠵᠠᠰᠠᠭ ᠤᠨ ᠣᠷᠳᠣᠨ ᠤ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠳᠤ ᠲᠤᠰᠠᠯᠠᠬᠤ ᠴᠢᠨᠠᠷᠲᠠᠢ ᠦᠢᠯᠡᠴᠢᠯᠡᠭᠡ ᠬᠠᠩᠭᠠᠬᠤ᠂ ᠨᠡᠶᠢᠭᠡᠮ ᠤᠨ ᠵᠠᠰᠠᠯᠲᠠ ᠶᠢ  ᠰᠠᠶᠢᠵᠢᠷᠠᠭᠤᠯᠬᠤ ᠲᠠᠯ᠎ᠠ ᠪᠠᠷ ᠬᠢ ᠨᠡᠶᠢᠭᠡᠮ ᠤᠨ ᠬᠦᠴᠦᠨ ᠤ ᠦᠢᠯᠡᠳᠦᠯ ᠢ ᠪᠦᠲᠦᠮᠵᠢᠲᠡᠶ ᠪᠠᠳᠠᠷᠠᠭᠤᠯᠵᠤ ᠴᠢᠳᠠᠨ᠎ᠠ᠃      ᠵᠢᠱᠢᠶ᠎ᠡ ᠦᠵᠡᠭᠦᠯᠬᠦ ᠲᠤᠷᠰᠢᠯᠲᠠ ᠶᠢᠨ ᠴᠡᠭ ᠤᠨ ᠲᠥᠷᠥᠯ ᠵᠦᠢᠯ ᠢ ᠥᠷᠨᠢᠭᠦᠯᠦᠭᠰᠡᠨ ᠨᠢ ᠮᠠᠨ ᠤ ᠬᠤᠲᠠ ᠶᠢᠨ ᠵᠠᠰᠠᠭ ᠤᠨ ᠣᠷᠳᠣᠨ ᠤ ᠦᠢᠯᠡᠴᠢᠯᠡᠭᠡ ᠬᠤᠳᠠᠯᠳᠤᠨ ᠠᠪᠬᠤ ᠠᠵᠢᠯ ᠢ ᠤᠷᠤᠭᠰᠢᠲᠠᠢ ᠠᠬᠢᠭᠤᠯᠵᠤ᠂ ᠲᠠᠷᠠᠭᠠᠴᠢ ᠶᠢᠨ ᠠᠯᠬᠤᠮ ᠳᠤ᠂ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠵᠠᠰᠠᠭ ᠤᠨ ᠣᠷᠳᠣᠨ ᠤ ᠦᠢᠯᠡᠴᠢᠯᠡᠭᠡ ᠬᠤᠳᠠᠯᠳᠤᠨ ᠠᠪᠬᠤ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠡᠷᠴᠢᠮ ᠢᠶᠠᠨ ᠲᠠᠰᠤᠷᠠᠯᠲᠠ ᠦᠭᠡᠢ ᠴᠢᠩᠭᠠᠷᠠᠭᠤᠯᠬᠤ ᠶᠢᠨ ᠬᠠᠮᠲᠤ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠨᠢᠭᠲᠠ ᠬᠠᠮᠵᠢᠯᠴᠠᠨ᠂ ᠵᠠᠰᠠᠭ ᠤᠨ ᠣᠷᠳᠣᠨ ᠤ ᠦᠢᠯᠡᠴᠢᠯᠡᠭᠡ ᠬᠤᠳᠠᠯᠳᠤᠨ ᠠᠪᠬᠤ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ ᠬᠠᠮᠲᠤ ᠪᠠᠷ ᠰᠤᠳᠤᠯᠵᠤ᠂ ᠭᠤᠣᠯᠳᠠᠯᠭ᠎ᠠ ᠲᠠᠢ ᠬᠦᠷᠢᠶᠡᠨ ᠳᠠᠬᠢ ᠵᠠᠰᠠᠭ ᠤᠨ ᠣᠷᠳᠣᠨ ᠤ ᠦᠢᠯᠡᠴᠢᠯᠡᠭᠡ ᠬᠤᠳᠠᠯᠳᠤᠨ ᠠᠪᠬᠤ ᠥᠭᠡᠷᠡᠴᠢᠯᠡᠯᠲᠡ ᠶᠢᠨ ᠡᠷᠴᠢᠮ ᠢᠶᠠᠨ ᠴᠢᠩᠭᠠᠷᠠᠭᠤᠯᠵᠤ᠂ ᠠᠵᠢᠯ ᠲᠥᠷᠥᠯᠵᠢᠭᠰᠡᠨ᠂ ᠲᠤᠰᠬᠠᠶᠢᠵᠢᠭᠰᠠᠨ ᠵᠠᠰᠠᠭ ᠤᠨ ᠣᠷᠳᠣᠨ ᠤ ᠦᠢᠯᠡᠴᠢᠯᠡᠭᠡ ᠬᠤᠳᠠᠯᠳᠤᠨ ᠠᠪᠬᠤ ᠬᠠᠮᠢᠶᠠᠷᠤᠯᠲᠠ ᠶᠢᠨ ᠰᠢᠰᠲ᠋ᠧᠮᠵᠢ ᠪᠠ ᠠᠵᠢᠯ ᠤᠨ ᠪᠠᠶᠢᠷᠢᠰᠢᠯ ᠢ ᠠᠯᠬᠤᠮ ᠠᠯᠬᠤᠮ ᠢᠶᠠᠷ ᠪᠣᠶ ᠪᠣᠯᠭᠠᠨ᠎ᠠ᠃
 
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000611号-1号