ᠪᠠᠶᠠᠷ ᠬᠥᠷ ᠲᠠᠢ ᠪᠠᠷ ᠶᠠᠩᠭᠠᠷ ᠪᠥᠵᠢᠭᠯᠡᠨ ᠥᠯᠵᠡᠶᠢᠲᠦ ᠡᠳᠦᠷ ᠢ ᠪᠠᠶᠠᠷ ᠬᠥᠷ ᠲᠠᠢ ᠪᠠᠷ ᠥᠩᠭᠡᠷᠡᠭᠦᠯᠪᠡ
ᠨᠡᠶᠢᠲᠡᠯᠡᠭᠰᠡᠨ ᠴᠠᠭ᠄
2024/2/26
      ᠬᠠᠷᠠᠩᠭ᠎ᠠ ᠳᠡᠯᠡᠳᠴᠦ᠂ ᠬᠡᠩᠭᠡᠷᠭᠡ ᠳᠡᠯᠡᠳᠦᠨ᠂ ᠪᠠᠶᠠᠷ ᠪᠠᠶᠠᠰᠬᠤᠯᠠᠩ ᠲᠠᠢ ᠪᠠᠷ ᠡᠷᠭᠢᠯᠳᠦᠵᠦ᠂ ︽ᠲᠦᠩ ᠲᠦᠩ  ᠲᠦᠩ ᠲᠦᠩ  ᠲᠦᠩ ᠲᠦᠩ ᠲᠦᠩ ᠲᠦᠩ︾ ᠭᠡᠬᠦ ᠬᠡᠩᠭᠡᠷᠭᠡ ᠶᠢᠨ ᠳᠠᠭᠤᠨ ᠤ ᠳᠠᠭᠠᠤ ᠳᠤ᠂ ᠭᠤᠶᠣ ᠬᠤᠪᠴᠠᠰᠤ ᠲᠠᠢ ᠦᠢ ᠣᠯᠠᠨ ᠰᠠᠭᠤᠭᠠᠯᠢ ᠠᠷᠠᠳ ᠪᠣᠯᠣᠳ ᠲᠡᠮᠦᠷ ᠵᠠᠮ ᠤᠨ ᠬᠡᠷᠡᠭ ᠡᠷᠬᠢᠯᠡᠬᠦ ᠭᠠᠵᠠᠷ ᠤᠨ ᠺᠦᠩ ᠵᠢᠶᠠ ᠶᠢᠩ ᠨᠡᠶᠢᠭᠡᠮ ᠲᠣᠭᠤᠷᠢᠭ ᠤᠨ ᠨᠠᠮ ᠪᠠ ᠣᠯᠠᠨ ᠲᠦᠮᠡᠨ ᠤ ᠦᠢᠯᠡᠴᠢᠯᠡᠭᠡᠨ ᠤ ᠲᠥᠪ ᠤᠨ ᠡᠭᠦᠳᠡᠨ ᠳᠤ ᠶᠠᠩᠭᠠᠷ ᠪᠥᠵᠢᠭᠯᠡᠨ᠎ᠡ᠃
     ᠺᠦᠩ ᠵᠢᠶᠠ ᠶᠢᠩ ᠨᠡᠶᠢᠭᠡᠮ ᠲᠣᠭᠤᠷᠢᠭ ᠪᠣᠯ ᠲᠣᠰᠬᠤᠨ ᠤ ᠰᠠᠭᠤᠭᠠᠯᠢ ᠠᠷᠠᠳ ᠤᠨ ᠣᠷᠣᠨ ᠰᠠᠭᠤᠴᠠ ᠶᠢ ᠥᠭᠡᠷᠡᠴᠢᠯᠡᠭᠰᠡᠨ ᠤ ᠳᠠᠷᠠᠭᠠᠬᠢ ᠨᠡᠶᠢᠭᠡᠮ ᠲᠣᠭᠤᠷᠢᠭ ᠪᠣᠯᠣᠨ᠎ᠠ᠂ ᠭᠡᠪᠡᠴᠦ ᠲᠡᠳᠡ ᠲᠣᠰᠬᠤᠨ ᠤ ᠬᠠᠮᠤᠭ ᠤᠨ ᠤᠯᠠᠮᠵᠢᠯᠠᠯᠲᠤ ᠰᠢᠨ᠎ᠡ ᠵᠢᠯ ᠢ ᠪᠡᠯᠭᠡᠯᠡᠬᠦ ᠬᠡᠯᠪᠡᠷᠢ ᠶᠢ ᠪᠠᠷᠢᠮᠲᠠᠯᠠᠭᠰᠠᠭᠠᠷ ᠢᠷᠡᠵᠠᠢ᠃ ᠶᠠᠩᠭᠠᠷ ᠮᠤᠰᠬᠢᠬᠤ ᠠᠵᠢᠯᠯᠠᠭ᠎ᠠ ᠶᠢ ᠨᠢᠭᠡᠨᠲᠡ ᠳᠥᠷᠪᠡᠨ ᠵᠢᠯ ᠦᠷᠭᠦᠯᠵᠢᠯᠡᠭᠦᠯᠵᠦ᠂ ᠡᠨᠡ ᠤᠳᠠᠭ᠎ᠠ ᠪᠣᠯ ᠣᠷᠣᠯᠴᠠᠭᠰᠠᠨ ᠬᠥᠮᠥᠨ ᠤ ᠲᠤᠭ᠎ᠠ ᠪᠠᠷ ᠬᠠᠮᠤᠭ ᠤᠨ ᠣᠯᠠᠨ ᠨᠢᠭᠡ ᠤᠳᠠᠭ᠎ᠠ᠂ ᠮᠥᠨ ᠴᠦ ᠶᠠᠩᠭᠠᠷ ᠪᠥᠵᠢᠭ ᠤᠨ ᠠᠩᠭᠢ ᠶᠢᠨ ᠳᠤᠭᠤᠶᠢᠯᠠᠩ ᠬᠠᠮᠤᠭ ᠤᠨ ᠣᠯᠠᠨ ᠨᠢᠭᠡ ᠤᠳᠠᠭ᠎ᠠ ᠪᠣᠯᠣᠨ᠎ᠠ᠂ ᠨᠡᠶᠢᠲᠡ 180 ᠭᠠᠷᠤᠢ ᠬᠥᠮᠥᠨ ᠣᠷᠣᠯᠴᠠᠵᠤ᠂ ᠰᠢᠬᠦᠷᠲᠦ ᠠᠩᠭᠢ᠂ ᠴᠡᠴᠡᠭᠲᠦ ᠰᠠᠭᠰᠤᠨ ᠤ ᠠᠩᠭᠢ᠂ ᠳᠡᠪᠢᠭᠦᠷ ᠤᠨ ᠠᠩᠭᠢ᠂ ᠬᠤᠳᠣᠭᠤᠴᠢᠨ ᠤ ᠠᠩᠭᠢ᠂ ᠴᠡᠴᠡᠭᠲᠦ ᠰᠡᠦᠬᠡ ᠶᠢᠨ ᠠᠩᠭᠢ᠂ ᠲᠣᠮᠣ ᠶᠠᠩᠭᠠᠷ ᠪᠥᠵᠢᠭ ᠤᠨ ᠠᠩᠭᠢ ᠵᠡᠷᠭᠡ ᠵᠢᠷᠭᠤᠭᠠᠨ ᠠᠩᠭᠢ ᠪᠠᠷ ᠪᠦᠷᠢᠯᠳᠦᠵᠦ᠂ ᠬᠥᠳᠡᠯᠭᠡᠭᠡᠨ ᠳᠤ ᠣᠷᠣᠯᠴᠠᠭᠰᠠᠨ ᠬᠥᠮᠥᠰ ᠨᠢ ᠴᠥᠮ ᠺᠦᠩ ᠵᠢᠶᠠ ᠶᠢᠩ ᠤᠨ ᠬᠠᠷᠢᠶᠠᠨ ᠳᠠᠬᠢ ᠰᠠᠭᠤᠭᠠᠯᠢ ᠠᠷᠠᠳ ᠪᠣᠯᠣᠨ᠎ᠠ᠂ ᠨᠠᠰᠤ ᠪᠠᠷ ᠬᠠᠮᠤᠭ ᠤᠨ ᠪᠠᠭ᠎ᠠ ᠨᠢ 18 ᠨᠠᠰᠤᠲᠠᠢ᠂ ᠬᠠᠮᠤᠭ ᠤᠨ ᠶᠡᠭᠡ ᠨᠢ 76 ᠨᠠᠰᠤᠲᠠᠢ᠃      ᠳᠡᠪᠢᠭᠦᠷ ᠤᠨ ᠠᠩᠭᠢ ᠶᠢᠨ ᠵᠣᠣ ᠡᠵᠢ᠄ ︽ᠮᠢᠨᠤ ᠨᠠᠰᠤ ᠠᠬᠠᠰᠢᠷᠠᠭᠰᠠᠨ ᠢ ᠪᠦᠦ ᠦᠵᠡ᠂ ᠪᠡᠶ᠎ᠡ ᠪᠠᠨ ᠮᠤᠰᠬᠢᠮᠠᠭᠴᠠ ᠪᠡᠶ᠎ᠡ ᠴᠦ ᠬᠠᠯᠠᠭᠤᠨ ᠪᠣᠯᠵᠤ᠂ ᠰᠡᠳᠬᠢᠯ ᠰᠠᠨᠠᠭ᠎ᠠ ᠴᠤ ᠠᠭᠤᠵᠢᠷᠠᠪᠠ︾ ᠭᠡᠵᠦ ᠬᠡᠯᠡᠪᠡ᠃ ︽ᠲᠡᠢᠮᠦ ᠠ᠋᠂ ᠪᠢ ᠡᠩ ᠤᠨ ᠦᠶ᠎ᠡ ᠳᠤ ᠵᠠᠮ ᠶᠠᠪᠤᠬᠤ ᠳᠤ ᠪᠠᠰᠠ ᠢᠳᠡᠬᠦ ᠳᠤ ᠬᠡᠴᠡᠭᠦᠦ ᠰᠠᠨᠠᠭᠳᠠᠨ᠎ᠠ᠂ ᠭᠡᠪᠡᠴᠦ ᠬᠡᠩᠭᠡᠷᠭᠡ ᠳᠡᠯᠡᠳᠴᠦ᠂ ᠶᠠᠩᠭᠠᠷ ᠡᠷᠭᠢᠬᠦ ᠳᠤ ᠪᠦᠬᠦ ᠪᠡᠶ᠎ᠡ ᠳᠤ ᠲᠣᠩ ᠰᠠᠢᠬᠠᠨ ᠰᠠᠨᠠᠭᠳᠠᠵᠤ᠂ ᠬᠤᠭᠤᠯᠠ ᠢᠳᠡᠬᠦ ᠬᠡᠮᠵᠢᠶ᠎ᠡ ᠴᠦ ᠡᠩ ᠤᠨ ᠦᠶ᠎ᠡ ᠠᠴᠠ ᠪᠠᠨ ᠬᠤᠯᠠ ᠶᠡᠭᠡ ᠪᠣᠯᠵᠠᠢ︾ ᠭᠡᠵᠦ ᠬᠠᠵᠠᠭᠤ ᠳᠤᠨᠢ ᠶᠠᠪᠤᠭ᠎ᠠ ᠭᠤᠣ ᠡᠵᠢ ᠴᠦ ᠪᠠᠶᠠᠷᠲᠠᠢ ᠪᠠᠷ ᠠᠶᠠᠯᠳᠤᠨ ᠳᠠᠭᠠᠨ᠎ᠠ᠃ ᠬᠠᠵᠠᠭᠤ ᠳᠤᠨᠢ ᠰᠠᠭᠤᠵᠤ ᠪᠠᠶᠢᠭᠰᠠᠨ ᠪᠠᠢ ᠠᠪᠠᠭ᠎ᠠ᠄ ︽ᠪᠢ ᠵᠢᠨᠢᠩ ᠤᠨ ᠬᠥᠳᠡᠭᠡ ᠲᠣᠰᠬᠤᠨ ᠠᠴᠠ ᠬᠥᠬᠡᠬᠤᠲᠠ ᠳᠤ ᠬᠥᠯᠥᠰᠦᠨ ᠠᠵᠢᠯ ᠬᠢᠬᠦ ᠪᠠᠷ ᠢᠷᠡᠭᠰᠡᠨ᠂ ᠡᠨᠡ ᠬᠤᠶᠠᠷ ᠵᠢᠯ ᠰᠠᠶ᠋ᠢ ᠺᠦᠩ ᠵᠢᠶᠠ ᠶᠢᠩ ᠳᠤ ᠨᠡᠭᠦᠵᠦ ᠢᠷᠡᠭᠰᠡᠨ᠂ ᠪᠢ ᠨᠢᠭᠡᠨᠲᠡ ᠬᠤᠶᠠᠷ ᠵᠢᠯ ᠶᠠᠩᠭᠠᠷ ᠪᠥᠵᠢᠭᠯᠡᠬᠦ ᠶᠢ ᠦᠵᠡᠭᠰᠡᠨ᠂ ᠡᠨᠡ ᠳᠤ ᠰᠢᠨᠡᠯᠡᠬᠦ  ᠨᠢ ᠦᠨᠡᠬᠡᠷ ᠨᠠᠷᠭᠢᠶᠠᠨ ᠲᠠᠢ ᠪᠠᠶᠢᠨ᠎ᠠ︾ ᠭᠡᠵᠦ ᠬᠡᠯᠡᠭᠡᠳ᠃
     ᠪᠠᠶᠠᠷᠯᠠᠨ ᠬᠥᠭᠡᠷᠦᠯᠳᠦᠬᠦ ᠬᠠᠷᠠᠩᠭ᠎ᠠ ᠬᠡᠩᠭᠡᠷᠭᠡ ᠲᠡᠭᠷᠢ ᠭᠠᠵᠠᠷ ᠢ ᠳᠣᠩᠰᠣᠯᠭᠠᠨ᠎ᠠ᠂ ᠪᠠᠶᠠᠷᠯᠠᠨ ᠬᠥᠭᠡᠷᠦᠯᠳᠦᠬᠦ ᠶᠠᠩᠭᠠᠷ ᠳᠠᠭᠤᠯᠠᠭᠠᠳ ᠵᠣᠭᠰᠣᠬᠤ ᠦᠭᠡᠢ᠃ ᠺᠦᠩ ᠵᠢᠶᠠ ᠶᠢᠩ ᠨᠡᠶᠢᠭᠡᠮ ᠲᠣᠭᠤᠷᠢᠭ ᠤᠨ ᠬᠢᠨ ᠦᠷᠭᠦᠯᠵᠢᠯᠡᠨ ᠰᠠᠭᠤᠭᠠᠯᠢ ᠠᠷᠠᠳ ᠢ ᠵᠣᠬᠢᠶᠠᠨ ᠪᠠᠶᠢᠭᠤᠯᠤᠨ ᠪᠠᠶᠠᠯᠢᠭ ᠰᠠᠶᠢᠬᠠᠨ ᠰᠣᠶᠣᠯ ᠤᠨ ᠠᠵᠢᠯᠯᠠᠭ᠎ᠠ ᠶᠢ ᠥᠷᠨᠢᠭᠦᠯᠵᠦ᠂ ᠪᠦᠯᠬᠦᠮᠳᠡᠯ ᠲᠠᠢ᠂ ᠪᠣᠯᠪᠠᠰᠤᠨ ᠢᠶᠠᠷ ᠬᠠᠷᠢᠯᠴᠠᠨ ᠬᠠᠪᠰᠤᠷᠤᠯᠴᠠᠬᠤ ᠬᠥᠷᠰᠢ ᠵᠡᠷᠭᠡᠯᠡᠳᠡᠭᠡ ᠶᠢᠨ ᠬᠠᠷᠢᠴᠠᠭ᠎ᠠ ᠶᠢ ᠤᠯᠠᠮ ᠴᠢᠨᠠᠭᠰᠢᠳᠠ ᠪᠤᠢ ᠪᠣᠯᠭᠠᠨ᠎ᠠ᠃      ᠢᠷᠡᠯᠲᠡ᠄ ᠬᠤᠲᠣᠩ ᠠᠷᠠᠳ ᠤᠨ ᠲᠣᠭᠤᠷᠢᠭ ᠤᠨ ᠵᠠᠰᠠᠭ ᠤᠨ ᠣᠷᠳᠣᠨ ᠤ ᠠᠯᠪᠠᠨ ᠰᠦᠯᠵᠢᠶ᠎ᠡ
 
ᠢᠷᠡᠯᠲᠡ᠄ ᠬᠤᠲᠤᠩ ᠠᠷᠠᠳ ᠤᠨ ᠲᠣᠭᠤᠷᠢᠭ ᠤᠨ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000611号-1号