ᠬᠤᠲᠣᠩ ᠠᠷᠠᠳ ᠤᠨ ᠲᠣᠭᠤᠷᠢᠭ ᠤᠨ ᠠᠷᠠᠳ ᠤᠨ ᠪᠠᠶᠢᠴᠠᠭᠠᠬᠤ ᠬᠤᠷᠢᠶ᠎ᠠ ᠪᠣᠯᠣᠨ ᠰᠢᠨ᠎ᠡ ᠬᠤᠲᠠ ᠲᠣᠭᠤᠷᠢᠭ ᠤᠨ ᠠᠷᠠᠳ ᠤᠨ ᠪᠠᠶᠢᠴᠠᠭᠠᠬᠤ ᠬᠤᠷᠢᠶ᠎ᠠ ᠲᠠᠢ ᠰᠣᠯᠢᠯᠴᠠᠭ᠎ᠠ ᠰᠤᠷᠤᠯᠴᠠᠯᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/2/26
      2 ᠰᠠᠷ᠎ᠠ ᠶᠢᠨ 22 ᠤ ᠡᠳᠦᠷ ᠤᠨ ᠦᠳᠡ ᠶᠢᠨ ᠡᠮᠦᠨ᠎ᠡ᠂ ᠰᠢᠨ᠎ᠡ ᠬᠤᠳᠠ ᠲᠣᠭᠤᠷᠢᠭ ᠤᠨ ᠠᠷᠠᠳ ᠤᠨ ᠪᠠᠶᠢᠴᠠᠭᠠᠬᠤ ᠬᠤᠷᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠪᠠᠶᠢᠴᠠᠭᠠᠬᠤ ᠳᠠᠷᠤᠭ᠎ᠠ ᠪᠠᠢ ᠵᠢᠩ ᠨᠠᠷ ᠬᠤᠲᠣᠩ ᠠᠷᠠᠳ ᠤᠨ ᠲᠣᠭᠤᠷᠢᠭ ᠤᠨ ᠠᠷᠠᠳ ᠤᠨ ᠪᠠᠶᠢᠴᠠᠭᠠᠬᠤ ᠬᠤᠷᠢᠶ᠎ᠠ ᠳᠤ ᠬᠦᠷᠴᠦ ᠰᠠᠨᠠᠯ ᠢᠶᠠᠨ ᠰᠣᠯᠢᠯᠴᠠᠬᠤ ᠶᠠᠷᠢᠯᠴᠠᠬᠤ ᠬᠤᠷᠠᠯ ᠥᠷᠨᠢᠭᠦᠯᠪᠡ᠃ ᠮᠠᠨ ᠤ ᠬᠤᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠪᠠᠶᠢᠴᠠᠭᠠᠬᠤ ᠳᠠᠷᠤᠭ᠎ᠠ ᠸᠠᠩ ᠯᠢ ᠰᠢᠩ ᠵᠢᠴᠢ ᠪᠤᠰᠤᠳ ᠪᠠᠭ ᠤᠨ ᠪᠦᠷᠢᠯᠳᠦᠭᠦᠨ᠂ ᠡᠯ᠎ᠡ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠣᠷᠣᠯᠴᠠᠪᠠ᠃
     ᠪᠠᠢ ᠵᠢᠩ ᠨᠠᠷ ᠤᠷᠢᠳ ᠬᠤᠵᠢᠳ ᠮᠠᠨ ᠤ ᠬᠤᠷᠢᠶᠠᠨ ᠤ 12309 ᠪᠠᠶᠢᠴᠠᠭᠠᠬᠤ ᠦᠢᠯᠡᠴᠢᠯᠡᠭᠡᠨ ᠤ ᠲᠥᠪ᠂ ᠲᠣᠮᠣ ᠳ᠋ᠠᠶᠢᠲ᠋ᠠ ᠶᠢᠨ ᠵᠢᠯᠤᠭᠤᠳᠬᠤ ᠲᠥᠪ᠂ ᠪᠠᠶᠢᠴᠠᠭᠠᠬᠤ ᠬᠡᠷᠡᠭ ᠰᠢᠢᠳᠪᠦᠷᠢᠯᠡᠬᠦ ᠲᠣᠭᠤᠷᠢᠭ᠂ ᠨᠠᠰᠤᠨ ᠳᠤ ᠥᠯᠥ ᠭᠦᠷᠦᠭᠰᠡᠳ ᠤᠨ ᠬᠠᠤᠯᠢ ᠪᠠᠷ ᠵᠠᠰᠠᠬᠤ ᠬᠥᠮᠦᠵᠢᠯ ᠤᠨ ᠰᠠᠭᠤᠷᠢᠨ ᠭᠠᠵᠠᠷ᠂ ᠲᠣᠭᠠᠴᠢᠯᠠᠭᠰᠠᠨ ᠲᠠᠩᠰᠠ ᠡᠪᠬᠡᠮᠡᠯ ᠤᠨ ᠲᠠᠰᠤᠭ ᠢ ᠲᠣᠭᠤᠷᠢᠨ ᠦᠵᠡᠵᠦ᠂ ᠠᠰᠠᠷ ᠲᠠᠭᠲᠤ ᠶᠢᠨ ᠰᠣᠶᠣᠯ ᠢ ᠲᠣᠭᠤᠷᠢᠨ ᠦᠵᠡᠬᠦ ᠪᠠᠷ ᠳᠡᠮᠵᠢᠨ᠂ ᠮᠠᠨ ᠤ ᠬᠤᠷᠢᠶᠠᠨ ᠤ ᠪᠠᠶᠢᠭᠤᠯᠤᠯᠭ᠎ᠠ ᠶᠢᠨ ᠪᠠᠶᠢᠭᠤᠯᠤᠯᠲᠠ ᠶᠢᠨ ᠪᠠᠶᠢᠳᠠᠯ ᠢ ᠨᠠᠷᠢᠨ ᠣᠶᠢᠯᠠᠭᠠᠪᠠ᠃
     ᠡᠭᠦᠨ ᠤ ᠳᠠᠷᠠᠭᠠᠬᠢ ᠰᠣᠯᠢᠯᠴᠠᠭᠠᠨ ᠤ ᠶᠠᠷᠢᠯᠴᠠᠬᠤ ᠬᠤᠷᠠᠯ ᠳᠡᠭᠡᠷ᠎ᠡ᠂ ᠸᠠᠩ ᠯᠢ ᠰᠢᠩ ᠪᠠᠢ ᠵᠢᠩ ᠨᠠᠷ ᠤᠨ ᠬᠦᠷᠦᠯᠴᠡᠨ ᠢᠷᠡᠭᠰᠡᠨ ᠢ ᠬᠠᠯᠠᠭᠤᠨ ᠢᠶᠠᠷ ᠤᠭᠲᠤᠵᠤ ᠪᠠᠶᠢᠬᠤ ᠪᠠᠨ ᠢᠯᠡᠳᠬᠡᠵᠦ᠂ ᠮᠠᠨ ᠤ ᠬᠤᠷᠢᠶᠠᠨ ᠤ ᠦᠨᠳᠦᠰᠦᠨ ᠪᠠᠶᠢᠳᠠᠯ ᠪᠣᠯᠣᠨ ᠬᠢᠯᠠᠰ ᠴᠡᠭ ᠤᠨ ᠠᠵᠢᠯ ᠢ ᠲᠠᠨᠢᠯᠴᠠᠭᠤᠯᠪᠠ᠂ ᠲᠤᠰ ᠤᠳᠠᠭ᠎ᠠ ᠶᠢᠨ ᠰᠣᠯᠢᠯᠴᠠᠭᠠᠨ ᠤ ᠶᠠᠷᠢᠯᠴᠠᠬᠤ ᠬᠤᠷᠠᠯ ᠢᠶᠠᠷ ᠳᠠᠮᠵᠢᠨ ᠠᠬ᠎ᠠ ᠳᠡᠭᠦᠦ ᠶᠢᠨ ᠬᠤᠷᠢᠶ᠎ᠠ ᠯᠦᠭᠡ ᠶᠢᠨ ᠣᠯᠣᠯᠴᠠᠭ᠎ᠠ ᠬᠠᠮᠵᠢᠯᠴᠠᠭ᠎ᠠ ᠪᠠᠨ ᠴᠢᠨᠠᠭᠰᠢᠳᠠ ᠴᠢᠩᠭᠠᠳᠬᠠᠵᠤ᠂ ᠪᠠᠶᠢᠴᠠᠭᠠᠬᠤ ᠠᠵᠢᠯ ᠤᠨ ᠳᠡᠭᠡᠭᠰᠢᠯᠡᠯᠲᠡ ᠶᠢ ᠬᠠᠮᠲᠤᠪᠠᠷ ᠠᠬᠢᠭᠤᠯᠬᠤ ᠶᠢ ᠬᠦᠰᠡᠪᠡ᠃ ᠬᠤᠶᠠᠷ ᠲᠠᠯ᠎ᠠ ᠪᠠᠷ ᠢᠶᠠᠨ ᠥᠪᠡᠷ ᠥᠪᠡᠷ ᠤᠨ ᠠᠵᠢᠯ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠵᠤ᠂ ᠡᠷᠡᠭᠦᠦ ᠶᠢᠨ ᠬᠡᠷᠡᠭ ᠤᠨ ᠪᠠᠶᠢᠴᠠᠭᠠᠯᠲᠠ᠂ ᠲᠣᠭᠠᠴᠢᠯᠠᠭᠰᠠᠨ ᠪᠠᠶᠢᠴᠠᠭᠠᠯᠲᠠ᠂ ᠨᠠᠰᠤᠨ ᠳᠤ ᠦᠯᠦ ᠬᠦᠷᠦᠭᠰᠡᠳ ᠤᠨ ᠪᠠᠶᠢᠴᠠᠭᠠᠯᠲᠠ ᠵᠡᠷᠭᠡ ᠠᠵᠢᠯ ᠤᠨ ᠲᠣᠭᠤᠷᠢᠨ ᠳᠤ ᠭᠦᠨᠵᠡᠭᠡᠢ ᠰᠤᠳᠤᠯᠤᠨ ᠶᠠᠷᠢᠯᠴᠠᠵᠤ ᠰᠠᠨᠠᠯ ᠢᠶᠠᠨ ᠰᠣᠯᠢᠯᠴᠠᠵᠤ᠂ ᠠᠵᠢᠯ ᠤᠨ ᠲᠤᠷᠰᠢᠯᠭ᠎ᠠ ᠪᠠᠨ ᠬᠤᠪᠢᠶᠠᠯᠴᠠᠪᠠ᠃      ᠪᠠᠢ ᠵᠢᠩ ᠮᠠᠨ ᠤ ᠬᠤᠷᠢᠶᠠᠨ ᠤ ᠶᠠᠷᠢᠯᠴᠠᠬᠤ ᠠᠵᠢᠯ ᠢ ᠨᠠᠷᠢᠨ ᠨᠢᠮᠪᠠᠢ ᠵᠣᠬᠢᠶᠠᠨ ᠪᠠᠶᠢᠭᠤᠯᠤᠨ ᠰᠣᠯᠢᠯᠴᠠᠵᠤ᠂ ᠡᠷᠬᠢᠮ ᠨᠠᠨᠳᠢᠨ ᠲᠤᠷᠰᠢᠯᠭ᠎ᠠ ᠪᠠᠨ ᠬᠤᠪᠢᠶᠠᠯᠴᠠᠨ ᠡᠳ᠋ᠯᠡᠭᠰᠡᠨ ᠳᠤ ᠴᠢᠩ ᠰᠡᠳᠬᠢᠯ ᠤᠨ ᠲᠠᠯᠠᠷᠬᠠᠯ ᠢᠶᠠᠨ ᠢᠯᠡᠳᠬᠡᠭᠰᠡᠨ ᠪᠥᠭᠡᠳ ᠲᠤᠰ ᠤᠳᠠᠭ᠎ᠠ ᠶᠢᠨ ᠶᠠᠷᠢᠯᠴᠠᠬᠤ ᠬᠤᠷᠠᠯ ᠡᠯᠪᠡᠭ ᠪᠠᠶᠠᠯᠢᠭ ᠦᠷ᠎ᠡ ᠪᠦᠲᠦᠮᠵᠢ ᠣᠯᠵᠠᠢ᠂ ᠬᠤᠶᠠᠷ ᠲᠠᠯ᠎ᠠ ᠪᠠᠷ ᠢᠶᠠᠨ ᠰᠣᠯᠢᠯᠴᠠᠭ᠎ᠠ ᠬᠠᠮᠲᠤᠷᠠᠯᠴᠠᠭ᠎ᠠ ᠪᠠᠨ ᠴᠢᠨᠠᠭᠰᠢᠳᠠ ᠭᠦᠨᠵᠡᠭᠡᠶᠢᠷᠡᠭᠦᠯᠵᠦ᠂ ᠬᠠᠷᠢᠯᠴᠠᠨ ᠠᠬᠢᠭᠤᠯᠵᠤ᠂ ᠪᠠᠶᠢᠴᠠᠭᠠᠬᠤ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠬᠠᠮᠲᠤᠪᠠᠷ ᠠᠬᠢᠭᠤᠯᠬᠤ ᠶᠢ ᠬᠦᠰᠡᠵᠦ ᠪᠠᠶᠢᠨ᠎ᠠ ᠭᠡᠵᠦ ᠢᠯᠡᠳᠬᠡᠪᠡ᠃
     ᠲᠤᠰ ᠤᠳᠠᠭ᠎ᠠ ᠶᠢᠨ ᠰᠣᠯᠢᠯᠴᠠᠭᠠᠨ ᠤ ᠶᠠᠷᠢᠯᠴᠠᠬᠤ ᠬᠤᠷᠠᠯ ᠨᠢ ᠬᠤᠶᠠᠷ ᠬᠤᠷᠢᠶᠠᠨ ᠤ ᠬᠤᠭᠤᠷᠣᠨᠳᠣᠬᠢ ᠨᠥᠬᠦᠷᠯᠡᠯ ᠢ ᠵᠤᠵᠠᠭᠠᠳᠬᠠᠭᠰᠠᠨ ᠢᠶᠠᠷ ᠪᠠᠷᠠᠬᠤ ᠦᠭᠡᠢ᠂ ᠬᠤᠶᠠᠷ ᠬᠤᠷᠢᠶᠠᠨ ᠤ ᠳᠠᠪᠠᠭᠤᠯᠢᠭ ᠢᠶᠠᠨ ᠬᠠᠷᠢᠯᠴᠠᠨ ᠨᠥᠬᠦᠪᠦᠷᠢᠯᠡᠬᠦ᠂ ᠬᠠᠷᠢᠯᠴᠠᠨ ᠰᠤᠷᠤᠯᠴᠠᠵᠤ ᠬᠠᠷᠢᠯᠴᠠᠨ ᠲᠣᠯᠢ ᠪᠣᠯᠭᠠᠬᠤ ᠶᠢ ᠨᠡᠩ ᠪᠣᠳᠠᠲᠠᠢ ᠠᠬᠢᠭᠤᠯᠤᠭᠰᠠᠨ ᠪᠥᠭᠡᠳ ᠪᠠᠰᠠ ᠬᠤᠶᠠᠷ ᠲᠠᠯ᠎ᠠ ᠶᠢᠨ ᠪᠠᠶᠢᠴᠠᠭᠠᠬᠤ ᠠᠵᠢᠯ ᠤᠨ ᠶᠠᠰᠤ ᠴᠢᠨᠠᠷ ᠦᠷ᠎ᠡ ᠪᠦᠲᠦᠮᠵᠢ ᠶᠢ ᠨᠡᠩ ᠰᠠᠶᠢᠲᠤᠷ ᠳᠡᠭᠡᠭᠰᠢᠯᠡᠭᠦᠯᠬᠦ ᠳᠤ ᠨᠡᠩ ᠤᠯᠠᠨ ᠰᠡᠩᠬᠡᠷᠡᠭᠦᠯᠦᠯ ᠪᠠ ᠪᠣᠳᠣᠯᠬᠢᠯᠠᠯ ᠠᠪᠴᠢᠷᠠᠵᠤ᠂ ᠬᠠᠷᠢᠯᠴᠠᠨ ᠲᠣᠯᠢ ᠪᠣᠯᠭᠠᠵᠤ ᠬᠠᠮᠲᠤᠪᠠᠷ ᠠᠰᠢᠭ ᠬᠦᠷᠳᠡᠬᠦ ᠰᠠᠶᠢᠨ ᠦᠷ᠎ᠡ ᠪᠦᠲᠦᠮᠵᠢ ᠶᠢ ᠣᠯᠣᠭᠰᠠᠨ ᠪᠠᠶᠢᠨ᠎ᠠ᠃      ᠢᠷᠡᠯᠲᠡ᠄ ᠬᠤᠲᠣᠩ ᠠᠷᠠᠳ ᠤᠨ ᠲᠣᠭᠤᠷᠢᠭ ᠤᠨ ᠵᠠᠰᠠᠭ ᠤᠨ ᠣᠷᠳᠣᠨ ᠤ ᠠᠯᠪᠠᠨ ᠰᠦᠯᠵᠢᠶ᠎ᠡ
 
ᠢᠷᠡᠯᠲᠡ᠄ ᠬᠤᠲᠤᠩ ᠠᠷᠠᠳ ᠤᠨ ᠲᠣᠭᠤᠷᠢᠭ ᠤᠨ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000611号-1号