2024 ᠣᠨ ᠤ ᠴᠠᠭᠠᠨ ᠰᠠᠷ᠎ᠠ ᠶᠢᠨ ᠬᠤᠭᠤᠴᠠᠭᠠᠨ ᠳᠤ ᠭᠦᠭᠡᠬᠤᠳᠡ ︽ᠵᠣᠯ ᠵᠢᠷᠭᠠᠯᠲᠤ ᠤᠮᠠᠷᠠᠲᠤ ᠬᠢᠯᠢ | ᠡᠶ᠎ᠡ ᠪᠦᠯᠬᠦᠮᠳᠡᠯ ᠲᠠᠢ ᠭᠦᠭᠡᠬᠤᠲᠠ︾ ᠭᠡᠬᠦ ᠭᠤᠣᠯ ᠰᠡᠳᠦᠪ ᠢᠶᠠᠷ ᠰᠦᠯᠵᠢᠶ᠎ᠡ ᠪᠠ ᠪᠣᠳᠠᠲᠤ ᠴᠣᠭᠴᠠ ᠶᠢ | ᠤᠶᠠᠯᠳᠤᠭᠤᠯᠬᠤ ᠭᠡᠯᠪᠡᠷᠢ ᠪᠠᠷ 6 ᠶᠡᠭᠡ ᠬᠡᠰᠡᠭ ᠬᠤᠪᠢᠶᠠᠨ 80 ᠵᠦᠢᠯ ᠤᠨ ᠰᠣᠶᠣᠯ ᠵᠢᠭᠤᠯᠴᠢᠯᠠᠯ ᠤᠨ ᠠᠵᠢᠯᠯᠠᠭ᠎ᠠ | ᠶᠠᠪᠤᠭᠳᠠᠭᠤᠯᠪᠠ᠃ | ᠴᠠᠭᠠᠨ ᠰᠠᠷ᠎ᠠ ᠶᠢᠨ ᠠᠮᠠᠷᠠᠯᠲᠠ ᠶᠢᠨ ᠬᠤᠭᠤᠴᠠᠭᠠᠨ ᠳᠤ ᠭᠦᠭᠡᠬᠤᠲᠠ ᠨᠡᠶᠢᠲᠡ 407.82 ᠲᠦᠮᠡᠨ | ᠵᠢᠭᠤᠯᠴᠢᠯᠠᠭᠴᠢ ᠶᠢ ᠭᠥᠯᠢᠶᠡᠨ ᠠᠪᠴᠤ᠂ 43.63 ᠳ᠋ᠦᠩᠰᠢᠭᠤᠷ ᠲᠥᠭᠦᠷᠢᠭ ᠤᠨ ᠵᠢᠭᠤᠯᠴᠢᠯᠠᠯ ᠤᠨ ᠣᠷᠣᠯᠭ᠎ᠠ | ᠡᠭᠦᠳᠴᠦ᠂ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ ᠲᠤᠰ ᠲᠤᠰ 252.29% ᠪᠠ 697.87% | ᠪᠠᠷ ᠨᠡᠮᠡᠭᠳᠡᠪᠡ᠃ ᠴᠠᠭᠠᠨ ᠰᠠᠷ᠎ᠠ ᠶᠢᠨ ᠠᠮᠠᠷᠠᠯᠲᠠ ᠶᠢᠨ ᠬᠤᠭᠤᠴᠠᠭᠠᠨ ᠳᠤ ᠭᠦᠭᠡᠬᠤᠳᠠ ᠶᠢᠨ ᠠᠷᠠᠳ ᠲᠤ ᠠᠰᠢᠭ | ᠬᠦᠷᠲᠡᠭᠡᠬᠦ ᠠᠵᠢᠯᠯᠠᠭ᠎ᠠ ᠭᠤᠶᠢᠳᠠ ᠰᠠᠶᠢᠬᠠᠨ ᠶᠠᠪᠤᠭᠳᠠᠵᠤ᠂ ︽ᠭᠡᠷ ᠲᠡᠭᠡᠨ ᠬᠠᠷᠢᠵᠤ ᠰᠢᠨᠡᠯᠡᠬᠦ︾ᠠᠭᠤᠷ ᠠᠮᠢᠰᠬᠤᠯ | ᠢᠶᠠᠷ ᠪᠢᠯᠬᠠᠵᠤ ᠪᠠᠶᠢᠯ᠎ᠠ᠃ ᠭᠦᠭᠡᠬᠤᠳᠡ ᠤᠮᠠᠷᠠᠲᠤ ᠬᠢᠯᠢ ᠶᠢᠨ ᠰᠣᠶᠣᠯ ᠤᠨ ᠲᠦᠷᠦᠯ ᠲᠡᠮᠳᠡᠭ ᠢ ᠴᠢᠨᠠᠭᠰᠢᠳᠠ | ᠠᠯᠳᠠᠷᠰᠢᠭᠤᠯᠬᠤ ᠶᠢᠨ ᠲᠥᠯᠥᠭᠡ᠂ ︽ᠭᠡᠷ ᠲᠡᠭᠡᠨ ᠬᠠᠷᠢᠵᠤ ᠴᠠᠭᠠᠨ ᠰᠠᠷ᠎ᠠ ᠪᠠᠨ ᠥᠩᠭᠡᠷᠡᠭᠦᠯᠬᠦ︾ ᠭᠤᠣᠯ ᠰᠡᠳᠦᠪᠲᠦ | ᠠᠵᠢᠯᠯᠠᠭ᠎ᠠ ᠥᠷᠨᠢᠭᠦᠯᠬᠦ ᠶᠢᠨ ᠬᠠᠮᠲᠤ᠂ ᠶᠡᠭᠡ ᠲᠦᠷᠭᠡᠨ ᠭᠤᠣᠯ ᠤᠨ ᠴᠡᠷᠢᠭ ᠤᠨ ᠶᠠᠪᠤᠳᠠᠯ ᠤᠨ ᠰᠣᠶᠣᠯ ᠤᠨ | ᠴᠡᠩᠭᠡᠯ ᠤᠨ ᠬᠦᠷᠢᠶᠡᠯᠡᠩ᠂ ᠮᠠ ᠽᠥᠩ ᠱᠠᠨ ᠤ ᠴᠠᠨᠠᠯᠠᠯᠳᠠ ᠶᠢᠨ ᠲᠠᠯᠠᠪᠠᠢ ᠵᠢᠴᠢ ᠡᠯ᠎ᠡ ᠶᠡᠭᠡ ᠰᠣᠶᠣᠯ ᠤᠨ | ᠦᠵᠡᠰᠭᠦᠯᠡᠩ ᠤᠨ ᠲᠠᠯᠠᠪᠠᠢ ᠳᠤ ᠲᠦᠰᠢᠭᠯᠡᠨ ︽ᠭᠦᠭᠡᠬᠤᠲᠠ ᠶᠢᠨ ᠴᠠᠭᠠᠨ ᠰᠠᠷ᠎ᠠ ᠶᠢᠨ ᠠᠭᠤᠯᠵᠠᠯᠲᠠ ᠶᠢᠨ ᠪᠠᠶᠠᠷ︾ | ᠭᠤᠣᠯ ᠰᠡᠳᠦᠪᠲᠦ ᠠᠵᠢᠯᠯᠠᠭ᠎ᠠ ᠥᠷᠨᠢᠭᠦᠯᠪᠡ᠃ ᠭᠦᠭᠡᠬᠤᠳᠠ ᠶᠢᠨ 9 ᠬᠤᠰᠢᠭᠤ ᠰᠢᠶᠠᠨ ᠲᠣᠭᠤᠷᠢᠭ ᠤᠨ ᠬᠢᠨ | ᠪᠠᠰᠠ ᠠᠯᠢ ᠤᠯᠠᠨ ᠥᠪᠡᠷᠮᠢᠴᠡ ᠣᠨᠴᠠᠯᠢᠭ ᠲᠠᠢ ᠰᠣᠶᠣᠯ ᠵᠢᠭᠤᠯᠴᠢᠯᠠᠯ ᠤᠨ ᠠᠵᠢᠯᠯᠠᠭ᠎ᠠ ᠥᠷᠨᠢᠭᠦᠯᠦᠭᠰᠡᠨ ᠪᠠᠶᠢᠨ᠎ᠠ᠃ | | ᠣᠶᠢᠯᠠᠭᠠᠭᠰᠠᠨ ᠢᠶᠠᠷ᠂ ᠭᠦᠭᠡᠬᠤᠳᠠ ᠴᠠᠭᠠᠨ ᠰᠠᠷ᠎ᠠ ᠶᠢᠨ ᠠᠷᠪᠠᠨ ᠲᠠᠪᠤᠨ ᠤ ᠥᠯᠵᠡᠶᠢᠲᠦ ᠡᠳᠦᠷ ᠪᠠᠰᠠ | ᠰᠦᠮ᠎ᠡ ᠶᠢᠨ ᠴᠤᠭᠯᠠᠭᠠᠨ᠂ ᠠᠷᠠᠳ ᠤᠨ ᠵᠠᠩ ᠦᠢᠯᠡ ᠵᠡᠷᠭᠡ ᠭᠤᠣᠯ ᠰᠡᠳᠦᠪ ᠤᠨ ᠲᠣᠭᠤᠷᠢᠨ ᠳᠤ ᠤᠮᠠᠷᠠᠲᠤ ᠬᠢᠯᠢ | ᠶᠢᠨ ᠰᠣᠶᠣᠯ ᠤᠨ ᠰᠦᠮ᠎ᠡ ᠶᠢᠨ ᠴᠤᠭᠯᠠᠭᠠᠨ᠂ ᠪᠣᠳᠠᠰ ᠤᠨ ᠪᠤᠰᠤ ᠰᠣᠶᠣᠯ ᠤᠨ ᠥᠪ ᠤᠨ ᠮᠢᠩᠭᠠᠨ ᠬᠥᠮᠥᠨ ᠤ | ᠦᠪᠡᠳᠡᠭᠰᠢ ᠨᠠᠶᠢᠷ᠂ ᠴᠡᠯᠡᠭᠡᠷ ᠲᠠᠯ᠎ᠠ ᠰᠦ ᠶᠢᠨ ᠦᠢᠯᠡᠰ ᠤᠨ ᠨᠡᠭᠡᠭᠡᠨ ᠬᠥᠭᠵᠢᠭᠦᠯᠦᠯᠲᠡ ᠶᠢᠨ ᠲᠣᠭᠤᠷᠢᠭ ᠤᠨ | ᠥᠯᠵᠡᠶᠢᠲᠦ ᠡᠳᠦᠷ ᠤᠨ ᠲᠣᠬᠯᠠᠯᠲᠠ᠂ ᠥᠯᠵᠡᠶᠢᠲᠦ ᠡᠳᠦᠷ ᠤᠨ ᠰᠢ ᠵᠦᠴᠦᠭᠡ ᠶᠢᠨ ᠦᠳᠡᠰᠢᠯᠡᠭᠡ ᠵᠡᠷᠭᠡ | ᠠᠵᠢᠯᠯᠠᠭ᠎ᠠ ᠥᠷᠨᠢᠭᠦᠯᠵᠦ᠂ ᠵᠢᠭᠤᠯᠴᠢᠯᠠᠬᠰᠠᠳ ᠲᠤ ᠣᠷᠣᠨ ᠤ ᠲᠥᠪ ᠤᠨ ᠰᠣᠶᠣᠯ ᠵᠢᠭᠤᠯᠴᠢᠯᠠᠯ ᠤᠨ ᠷᠢᠳᠢ ᠰᠢᠳᠢ | ᠶᠢ ᠭᠠᠶᠢᠬᠠᠭᠤᠯᠬᠤ ᠪᠣᠯᠣᠨ᠎ᠠ᠃ | | |