11.5 ᠳ᠋ᠦᠩᠰᠢᠭᠤᠷ ᠲᠥᠭᠦᠷᠢᠭ ᠢ ᠤᠷᠢᠳᠴᠢᠯᠠᠨ ᠪᠠᠭᠤᠯᠭᠠᠵᠤ ᠠᠵᠢᠯ ᠮᠡᠷᠭᠡᠵᠢᠯ ᠤᠨ ᠰᠤᠷᠭᠠᠨ ᠬᠥᠮᠦᠵᠢᠯ ᠢ ᠳᠡᠮᠵᠢᠨ᠎ᠡ
ᠨᠡᠶᠢᠲᠡᠯᠡᠭᠰᠡᠨ ᠴᠠᠭ᠄
2024/2/26
      ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠣᠶᠢᠷ᠎ᠠ ᠳᠤ 2024 ᠣᠨ ᠤ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠲᠤᠰᠬᠠᠢ ᠪᠡᠯᠡ ᠮᠥᠩᠭᠦ ᠶᠢ 115055 ᠲᠦᠮᠡᠨ ᠲᠥᠭᠦᠷᠢᠭ ᠤᠷᠢᠳᠴᠢᠯᠠᠨ ᠪᠠᠭᠤᠯᠭᠠᠵᠤ᠂ ᠪᠦᠭᠦ ᠣᠷᠣᠨ ᠤ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠴᠢᠨᠠᠷ ᠰᠠᠶᠢᠲᠠᠢ ᠬᠥᠭᠵᠢᠯᠲᠡ ᠶᠢ ᠳᠡᠮᠵᠢᠬᠦ ᠪᠠᠷ ᠪᠤᠢ᠃      ᠲᠣᠰ ᠲᠥᠷᠥᠯ ᠤᠨ ᠪᠡᠯᠡ ᠮᠥᠩᠭᠦ ᠶᠢ ᠪᠦᠭᠦ ᠣᠷᠣᠨ ᠤ ︽ᠣᠲᠣ ᠦᠶ᠎ᠡ ᠶᠢᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠲᠤᠬᠠᠢ ᠰᠠᠨᠠᠯ︾᠂ ︽ᠤᠯᠤᠰ ᠤᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠥᠭᠡᠷᠡᠴᠢᠯᠡᠯᠲᠡ ᠶᠢᠨ ᠬᠡᠷᠡᠭᠵᠢᠭᠦᠯᠬᠦ ᠲᠥᠰᠥᠯ︾ ᠵᠡᠷᠭᠡ ᠳᠤ ᠲᠣᠭᠲᠠᠭᠠᠭᠰᠠᠨ ᠡᠯ᠎ᠡ ᠵᠦᠢᠯ ᠤᠨ ᠥᠭᠡᠷᠡᠴᠢᠯᠡᠯᠲᠡ ᠶᠢᠨ ᠡᠭᠦᠷᠭᠡ ᠶᠢ ᠨᠠᠶᠢᠳᠠᠪᠤᠷᠢᠵᠢᠭᠤᠯᠬᠤ ᠳᠤ ᠬᠡᠷᠡᠭᠯᠡᠨ᠎ᠡ᠃ ᠦᠢᠯᠡᠳᠪᠦᠷᠢᠯᠡᠯ ᠪᠠ ᠰᠤᠷᠭᠠᠨ ᠬᠥᠮᠦᠵᠢᠯ ᠤᠨ ᠠᠭᠤᠰᠤᠯᠴᠠᠯ᠂ ᠰᠤᠷᠭᠠᠭᠤᠯᠢ ᠪᠠ ᠠᠵᠤ ᠠᠬᠤᠶᠢᠯᠠᠯ ᠤᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠵᠦ᠂ ᠣᠨᠴᠠᠯᠢᠭᠲᠤ ᠲᠤᠰᠬᠠᠢ ᠮᠡᠷᠭᠡᠵᠢᠯ ᠤᠨ ᠪᠠᠶᠢᠭᠤᠯᠤᠯᠲᠠ ᠪᠠ ᠳᠠᠭᠤᠷᠢᠶᠠᠮᠠᠯ ᠪᠣᠳᠠᠲᠤ ᠪᠣᠯᠪᠠᠰᠤᠷᠠᠯ ᠤᠨ ᠰᠠᠭᠤᠷᠢᠨ ᠤ ᠪᠦᠲᠦᠭᠡᠨ ᠪᠠᠶᠢᠭᠤᠯᠤᠯᠲᠠ ᠵᠡᠷᠭᠡ ᠶᠢ ᠬᠡᠷᠡᠭᠵᠢᠭᠦᠯᠵᠦ᠂ ᠬᠤᠲᠠ ᠶᠢᠨ ᠬᠡᠪᠴᠢᠶᠡᠨ ᠳᠠᠬᠢ ᠦᠢᠯᠡᠳᠪᠦᠷᠢᠯᠡᠯ ᠪᠠ ᠰᠤᠷᠭᠠᠨ ᠬᠥᠮᠦᠵᠢᠯ ᠤᠨ ᠬᠤᠯᠪᠣᠭᠠᠲᠤ ᠴᠣᠭᠴᠠ ᠶᠢᠨ ᠪᠦᠲᠦᠭᠡᠨ ᠪᠠᠶᠢᠭᠤᠯᠤᠯᠲᠠ ᠪᠠ ᠬᠤᠲᠠ ᠶᠢᠨ ᠲᠠᠰ᠂ ᠰᠤᠷᠭᠠᠭᠤᠯᠢ ᠶᠢᠨ ᠲᠠᠰ ᠤᠨ ᠦᠢᠯᠡᠳᠪᠦᠷᠢᠯᠡᠯ ᠪᠠ ᠰᠤᠷᠭᠠᠨ ᠬᠥᠮᠦᠵᠢᠯ ᠢ ᠠᠭᠤᠰᠤᠯᠴᠠᠭᠤᠯᠬᠤ ᠦᠢᠯᠡᠳᠦᠯᠭᠡ ᠶᠢᠨ ᠲᠥᠪ ᠤᠨ ᠪᠦᠲᠦᠭᠡᠨ ᠪᠠᠶᠢᠭᠤᠯᠤᠯᠲᠠ᠂ ᠤᠯᠤᠰ ᠤᠨ ᠲᠠᠰ᠂ ᠥᠪᠡᠷᠲᠡᠭᠡᠨ ᠵᠠᠰᠠᠬᠤ ᠣᠷᠣᠨ ᠤ ᠲᠠᠰ ᠤᠨ ᠮᠡᠳᠡᠭᠡ ᠵᠠᠩᠭᠢᠵᠢᠯᠲᠠ ᠶᠢᠨ ᠬᠡᠪ ᠳᠠᠭᠤᠷᠢᠶᠠᠯ ᠤᠨ ᠰᠤᠷᠭᠠᠭᠤᠯᠢ ᠶᠢᠨ ᠪᠦᠲᠦᠭᠡᠨ ᠪᠠᠶᠢᠭᠤᠯᠤᠯᠲᠠ ᠶᠢ ᠨᠠᠶᠢᠳᠠᠪᠤᠷᠢᠵᠢᠭᠤᠯᠬᠤ ᠶᠢ ᠠᠬᠢᠭᠤᠯᠬᠤ ᠶᠢᠨ ᠬᠠᠮᠲᠤ᠂ ︽ᠢᠨᠲ᠋ᠧᠷ ᠰᠦᠯᠵᠢᠶ᠎ᠡ+ᠰᠤᠷᠭᠠᠨ ᠬᠥᠮᠦᠵᠢᠯ︾ ᠤᠨ ᠵᠢᠱᠢᠶ᠎ᠡ ᠦᠵᠡᠭᠦᠯᠭᠦ ᠲᠣᠭᠤᠷᠢᠭ ︵ᠰᠤᠷᠭᠠᠭᠤᠯᠢ︶ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠫᠠᠶᠢᠰᠠ ᠡᠯᠭᠦᠭᠰᠡᠨ ᠶᠡᠭᠡ ᠳᠡᠭᠡᠳᠦ ᠰᠤᠷᠭᠠᠭᠤᠯᠢ ᠳᠤ ᠳᠡᠮᠵᠢᠯᠭᠡ ᠦᠵᠡᠭᠦᠯᠦᠨ᠎ᠡ᠃      ᠵᠠᠯᠭᠠᠭᠠᠳ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ   ᠠᠴᠠ ᠪᠦᠭᠦ ᠣᠷᠣᠨ ᠤ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠬᠥᠭᠵᠢᠯᠲᠡ ᠶᠢᠨ ᠪᠣᠳᠠᠲᠤ ᠪᠠᠶᠢᠳᠠᠯ ᠳᠤ ᠰᠠᠭᠤᠷᠢᠯᠠᠨ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠬᠥᠭᠵᠢᠯᠲᠡ ᠶᠢᠨ ᠳᠤᠲᠠᠭᠤᠳᠠᠯ ᠪᠠ ᠪᠠᠭᠤᠷᠠᠢ ᠭᠤᠭᠴᠤᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠵᠠᠷᠤᠯᠭ᠎ᠠ ᠶᠢᠨ ᠪᠦᠲᠦᠴᠡ ᠶᠢ ᠲᠠᠰᠤᠷᠠᠯᠲᠠ ᠦᠭᠡᠢ ᠰᠢᠯᠢᠳᠡᠭᠵᠢᠭᠦᠯᠦᠨ᠂ ᠡᠳ᠋ ᠤᠨ ᠵᠠᠰᠠᠭ ᠤᠨ ᠣᠷᠣᠭᠤᠯᠤᠯᠲᠠ ᠶᠢᠨ ᠡᠷᠴᠢᠮ ᠢᠶᠠᠨ ᠴᠢᠩᠭᠠᠷᠠᠭᠤᠯᠵᠤ᠂ ᠲᠦᠭᠵᠢᠷᠡᠯ ᠤᠨ ᠴᠡᠭ ᠪᠠ ᠬᠦᠴᠢᠷᠳᠡᠯ ᠢ ᠤᠯᠠᠮ ᠨᠢᠭᠡ ᠠᠯᠬᠤᠮ ᠨᠠᠪᠲᠠᠷᠡᠭᠦᠯᠵᠦ᠂ ᠥᠪᠡᠷᠲᠡᠭᠡᠨ ᠵᠠᠰᠠᠬᠤ ᠣᠷᠣᠨ ᠤ ᠴᠢᠨᠠᠷ ᠰᠠᠶᠢᠲᠠᠢ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠰᠢᠰᠲ᠋ᠧᠮ ᠢ ᠪᠠᠶᠢᠭᠤᠯᠤᠨ ᠪᠦᠷᠢᠨᠰᠢᠭᠦᠯᠬᠦ ᠳᠤ ᠪᠡᠯᠡ ᠮᠥᠩᠭᠦ ᠶᠢᠨ ᠪᠠᠲᠤᠯᠠᠭ᠎ᠠ ᠬᠠᠩᠭᠠᠨ᠎ᠠ᠃
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000611号-1号