ᠰᠠᠶᠢᠨᠳᠦ᠋ᠭᠦᠷᠡᠩ ᠤᠯᠤᠰ ᠤᠨ ᠳᠡᠰ ᠤᠨ ᠪᠣᠳᠠᠰ ᠤᠨ ᠪᠤᠰᠤ ᠰᠣᠶᠣᠯ ᠤᠨ ᠥᠪ ᠤᠨ ᠤᠯᠠᠮᠵᠢᠯᠠᠭᠴᠢ ᠪᠣᠯᠪᠠ
ᠨᠡᠶᠢᠲᠡᠯᠡᠭᠰᠡᠨ ᠴᠠᠭ᠄
2024/2/26
      2024 ᠣᠨ ᠤ 2 ᠰᠠᠷ᠎ᠠ ᠶᠢᠨ 19 ᠤ ᠡᠳᠦᠷ᠂ ᠤᠯᠤᠰ ᠤᠨ ᠰᠣᠶᠣᠯ ᠪᠠ ᠵᠢᠭᠤᠯᠴᠢᠯᠠᠯ ᠤᠨ ᠶᠠᠮᠤᠨ ᠠᠯᠪᠠᠨ ᠰᠦᠯᠵᠢᠶ᠎ᠡ ᠳᠡᠭᠡᠷ᠎ᠡ ᠪᠠᠨ ᠵᠢᠷᠭᠤᠳᠤᠭᠠᠷ ᠪᠦᠯᠦᠭ ᠤᠨ ᠤᠯᠤᠰ ᠤᠨ ᠳᠡᠰ ᠤᠨ ᠪᠣᠳᠠᠰ ᠤᠨ ᠪᠤᠰᠤ ᠰᠣᠶᠣᠯ ᠤᠨ ᠥᠪ ᠤᠨ ᠲᠥᠯᠥᠭᠡᠯᠡᠬᠦ ᠴᠢᠨᠠᠷᠲᠠᠢ ᠥᠪᠯᠡᠨ ᠤᠯᠠᠮᠵᠢᠯᠠᠭᠴᠢ ᠪᠠᠷ ᠵᠢᠱᠢᠭᠳᠡᠭᠰᠡᠳ ᠤᠨ ᠨᠡᠷᠡᠰ ᠢ ᠨᠡᠶᠢᠲᠡᠯᠡᠭᠰᠡᠨ ᠪᠠᠶᠢᠨ᠎ᠠ᠃
     ᠰᠣᠶᠣᠯ ᠪᠠ ᠵᠢᠭᠤᠯᠴᠢᠯᠠᠯ ᠤᠨ ᠶᠠᠮᠤᠨ᠂ ᠪᠦᠭᠦ ᠤᠯᠤᠰ ᠤᠨ 31 ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠪᠠ ᠰᠢᠨᠵᠢᠶᠠᠩ ᠤᠨ ᠦᠢᠯᠡᠳᠪᠦᠷᠢᠯᠡᠯ ᠪᠦᠲᠦᠭᠡᠨ ᠪᠠᠶᠢᠭᠤᠯᠤᠯᠲᠠ ᠶᠢᠨ ᠪᠢᠩᠲ᠋ᠤᠸᠠᠨ᠂ ᠰᠢᠶᠠᠩᠭᠠᠩ ᠤᠨ ᠤᠨᠴᠠᠭᠠᠢ ᠵᠠᠰᠠᠭ ᠵᠠᠬᠢᠷᠭᠠᠨ ᠤ ᠣᠷᠣᠨ᠂ ᠣᠣᠮᠧᠨ ᠤ ᠤᠨᠴᠠᠭᠠᠢ ᠵᠠᠰᠠᠭ ᠵᠠᠬᠢᠷᠭᠠᠨ ᠤ ᠣᠷᠣᠨ ᠵᠢᠴᠢ ᠲᠥᠪ ᠬᠤᠷᠢᠶ᠎ᠠ ᠪᠠ ᠤᠯᠤᠰ ᠤᠨ ᠪᠠᠶᠢᠭᠤᠯᠭ᠎ᠠ ᠶᠢᠨ ᠬᠠᠮᠢᠶ᠎ᠠ ᠪᠦᠬᠦᠢ ᠰᠣᠩᠭᠤᠨ ᠲᠠᠨᠢᠯᠴᠠᠭᠤᠯᠭ᠎ᠠ ᠡᠷᠡᠮᠡᠯᠵᠡᠯᠡᠨ ᠮᠡᠳᠡᠭᠦᠯᠦᠯᠲᠡ ᠶᠢᠨ ᠰᠠᠭᠤᠷᠢᠨ ᠳᠡᠭᠡᠷ᠎ᠡ ᠨᠡᠶᠢᠲᠡ 958 ᠤᠯᠤᠰ ᠤᠨ ᠳᠡᠰ ᠤᠨ ᠪᠣᠳᠠᠰ ᠤᠨ ᠪᠤᠰᠤ ᠰᠣᠶᠣᠯ ᠤᠨ ᠥᠪ ᠤᠨ ᠤᠯᠠᠮᠵᠢᠯᠠᠭᠴᠢ ᠪᠠᠷ ᠵᠢᠱᠢᠭᠳᠡᠭᠰᠡᠳ ᠤᠨ ᠨᠡᠷᠡᠰ ᠢ ᠨᠡᠶᠢᠲᠡᠯᠡᠪᠡ᠃ ᠡᠭᠦᠨ ᠳᠤ ᠥᠪᠥᠷ ᠮᠣᠩᠭᠤᠯ ᠤᠨ ᠤᠯᠠᠭᠠᠨᠬᠠᠳᠠ ᠬᠤᠲᠠ ᠶᠢᠨ ᠠᠷᠤ ᠬᠤᠷᠴᠢᠨ ᠬᠤᠰᠢᠭᠤᠨ ᠤ ᠪᠠᠶᠠᠨ᠋ᠥ᠌ᠨᠳᠦᠷ ᠰᠤᠮᠤ ᠶᠢᠨ ᠮᠠᠯᠴᠢᠨ ᠰᠠᠶᠢᠨᠳᠦ᠋ᠭᠦᠷᠡᠩ ᠮᠣᠩᠭᠤᠯ ᠦᠨᠳᠦᠰᠦᠲᠡᠨ ᠤ ᠬᠠᠰᠠᠭ ᠲᠡᠷᠭᠡ ᠬᠢᠬᠦ ᠤᠷ᠎ᠠ ᠮᠡᠷᠭᠡᠵᠢᠯ ᠢᠶᠠᠷ ᠢᠶᠠᠨ ᠤᠯᠤᠰ ᠤᠨ ᠳᠡᠰ ᠤᠨ ᠪᠣᠳᠠᠰ ᠤᠨ ᠪᠤᠰᠤ ᠰᠣᠶᠣᠯ ᠤᠨ ᠥᠪ ᠤᠨ ᠤᠯᠠᠮᠵᠢᠯᠠᠭᠴᠢ ᠪᠠᠷ ᠰᠣᠩᠭᠤᠭᠳᠠᠨ ᠣᠷᠣᠭᠰᠠᠨ ᠪᠠᠶᠢᠨ᠎ᠠ᠃
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000611号-1号