ᠮᠠᠨ ᠤ ᠣᠷᠣᠨ ︽ᠭᠤᠷᠪᠠᠨ ᠲᠤᠰᠬᠠᠢ︾ ᠬᠠᠮᠢᠶᠠᠷᠤᠯᠲᠠ ᠶᠢᠨ ᠰᠢᠨ᠎ᠡ ᠵᠠᠭᠪᠤᠷ ᠢᠶᠠᠷ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠪᠡᠯᠡ ᠮᠥᠩᠭᠦ ᠶᠢᠨ ᠬᠡᠷᠡᠭᠯᠡᠯᠲᠡ ᠶᠢ ᠪᠠᠲᠤᠯᠠᠵᠤ ᠪᠠᠶᠢᠨ᠎ᠠ
ᠨᠡᠶᠢᠲᠡᠯᠡᠭᠰᠡᠨ ᠴᠠᠭ᠄
2024/2/27
      ᠰᠤᠷᠪᠤᠯᠵᠢᠯᠠᠬᠴᠢ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠠᠴᠠ ᠣᠶᠢᠯᠠᠭᠠᠭᠰᠠᠨ  ᠢᠶᠠᠷ᠂ ᠮᠠᠨ ᠤ ᠣᠷᠣᠨ ︽ᠲᠤᠰᠬᠠᠢ ᠲᠠᠩᠰᠠ ᠪᠠᠷ ᠬᠠᠮᠢᠶᠠᠷᠬᠤ᠂ ᠲᠤᠰᠬᠠᠢ ᠲᠠᠩᠰᠠ ᠪᠠᠷ ᠰᠢᠯᠵᠢᠭᠦᠯᠦᠨ ᠥᠭᠬᠦ᠂ ᠲᠤᠰᠬᠠᠢ ᠲᠠᠩᠰᠠ ᠪᠠᠷ ᠪᠤᠳᠤᠬᠤ︾ ᠭᠡᠬᠦ ︽ᠭᠤᠷᠪᠠᠨ ᠲᠤᠰᠬᠠᠢ︾ ᠬᠠᠮᠢᠶᠠᠷᠤᠯᠲᠠ ᠶᠢᠨ ᠰᠢᠨ᠎ᠡ ᠵᠠᠭᠪᠤᠷ ᠢ ᠡᠭᠦᠳᠴᠦ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠪᠡᠯᠡ ᠮᠥᠩᠭᠦ ᠶᠢᠨ ᠬᠡᠷᠡᠭᠴᠡᠭᠡ ᠱᠠᠭᠠᠷᠳᠠᠯᠭ᠎ᠠ ᠪᠠ ᠪᠡᠯᠡ ᠮᠥᠩᠭᠦ ᠶᠢᠨ ᠬᠡᠷᠡᠭᠯᠡᠯᠲᠡ ᠶᠢᠨ ᠦᠷ᠎ᠡ ᠠᠰᠢᠭ ᠢ ᠪᠠᠲᠤᠯᠠᠵᠤ᠂ ᠰᠠᠶᠢᠨ ᠦᠷ᠎ᠡ ᠪᠦᠲᠦᠮᠵᠢ ᠣᠯᠪᠠ᠃ ᠣᠳᠣᠬᠠᠨ ᠪᠤᠯᠲᠠᠯ᠎ᠠ᠂ ᠪᠦᠭᠦ ᠣᠷᠣᠨ ᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠲᠤᠰᠬᠠᠢ ᠲᠠᠩᠰᠠ ᠪᠠᠷ ᠬᠠᠮᠢᠶᠠᠷᠤᠭᠰᠠᠨ ᠪᠡᠯᠡ ᠮᠥᠩᠭᠦ 135.92 ᠳ᠋ᠦᠩᠰᠢᠭᠤᠷ ᠲᠥᠭᠦᠷᠢᠭ ᠲᠤ ᠭᠦᠷᠪᠡ᠃      ᠮᠠᠨ ᠤ ᠣᠷᠣᠨ ︽ᠲᠤᠰᠬᠠᠢ ᠳᠠᠩᠰᠠ ᠪᠠᠷ ᠬᠠᠮᠢᠶᠠᠷᠬᠤ︾ ᠪᠠᠷ ᠳᠠᠮᠵᠢᠭᠤᠯᠤᠨ ᠬᠥᠳᠡᠯᠦᠩᠭᠦᠢ ᠬᠢᠨᠠᠨ ᠡᠵᠡᠮᠳᠡᠬᠦ ᠶᠢ ᠬᠡᠷᠡᠭᠵᠢᠭᠦᠯᠵᠦ᠂ ᠨᠥᠬᠦᠪᠦᠷᠢ ᠮᠥᠩᠭᠦ ᠶᠢ ᠭᠦᠢᠴᠡᠳ ᠲᠤᠭ᠎ᠠ ᠪᠠᠷ ᠪᠠᠲᠤᠯᠠᠬᠤ᠂ ᠪᠦᠭᠦ ᠲᠠᠯ᠎ᠠ ᠪᠠᠷ ᠮᠥᠷᠳᠡᠬᠦ᠂ ᠴᠠᠭ ᠲᠤᠬᠠᠢ ᠳᠤᠨᠢ ᠰᠠᠨᠠᠭᠤᠯᠬᠤ ᠶᠢ ᠪᠡᠶᠡᠯᠡᠭᠦᠯᠪᠡ᠃ ᠡᠯ᠎ᠡ ᠠᠶᠢᠮᠠᠭ ᠬᠤᠲᠠ᠂ ᠬᠤᠰᠢᠭᠤ ᠰᠢᠶᠠᠨ ᠤ ᠡᠳ᠋ ᠤᠨ ᠵᠠᠰᠠᠭ ᠤᠨ ᠰᠠᠯᠠᠭ᠎ᠠ ᠮᠥᠴᠢᠷ ᠤᠳ ᠠᠳᠠᠯᠢ ᠱᠠᠲᠤᠨ ᠤ ᠠᠷᠠᠳ ᠤᠨ ᠪᠠᠩᠬᠢ ᠶᠢᠨ ᠤᠯᠤᠰ ᠤᠨ ᠬᠥᠮᠥᠷᠭᠡ ᠶᠢᠨ ᠳᠣᠣᠷ᠎ᠠ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠪᠡᠯᠡ ᠮᠥᠩᠭᠦ ᠶᠢᠨ ᠲᠤᠰᠬᠠᠢ ᠲᠠᠩᠰᠠ ᠪᠠᠶᠢᠭᠤᠯᠪᠠ᠃ ︽ᠲᠤᠰᠬᠠᠢ ᠳᠠᠩᠰᠠ ᠪᠠᠷ ᠰᠢᠯᠵᠢᠭᠦᠯᠦᠨ ᠥᠭᠬᠦ︾ ᠪᠠᠷ ᠳᠠᠮᠵᠢᠭᠤᠯᠤᠨ ᠲᠤᠰᠬᠠᠢ ᠵᠣᠭᠤᠰ ᠢ ᠲᠤᠰᠬᠠᠢ ᠵᠦᠢᠯ ᠳᠤᠨᠢ ᠬᠡᠷᠡᠭᠯᠡᠬᠦ ᠶᠢ ᠪᠡᠶᠡᠯᠡᠭᠦᠯᠪᠡ᠃ ᠡᠯ᠎ᠡ ᠱᠠᠲᠤᠨ ᠤ ᠡᠳ᠋ ᠤᠨ ᠵᠠᠰᠠᠭ ᠨᠢ ᠪᠡᠯᠡ ᠮᠥᠩᠭᠦ ᠶᠢᠨ ᠲᠤᠰᠬᠠᠢ ᠲᠠᠩᠰᠠ ᠪᠠᠷ ᠳᠠᠮᠵᠢᠭᠤᠯᠤᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠪᠡᠯᠡ ᠮᠥᠩᠭᠦ ᠶᠢ ᠨᠢᠭᠡᠳᠦᠯᠲᠡᠢ ᠰᠢᠯᠵᠢᠭᠦᠯᠦᠨ ᠲᠣᠬᠢᠷᠠᠭᠤᠯᠵᠤ᠂ ᠳᠡᠭᠡᠳᠦ ᠱᠠᠲᠤᠨ ᠤ ᠪᠡᠯᠡ ᠮᠥᠩᠭᠦ ᠪᠠ ᠲᠣᠰ ᠱᠠᠲᠤᠨ ᠤ ᠢᠵᠢ ᠪᠦᠷᠢᠳᠦᠭᠦᠯᠬᠦ ᠪᠡᠯᠡ ᠮᠥᠩᠭᠦ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠲᠣᠳᠣᠷᠬᠠᠢ ᠣᠶᠢᠯᠠᠭᠠᠵᠤ ᠪᠣᠯᠣᠨ᠎ᠠ᠃ ︽ᠲᠤᠰᠬᠠᠢ ᠳᠠᠩᠰᠠ ᠪᠠᠷ ᠪᠤᠳᠣᠬᠤ︾ ᠪᠠᠷ ᠳᠠᠮᠵᠢᠭᠤᠯᠤᠨ ᠲᠣᠭᠠᠴᠠᠭ᠎ᠠ ᠬᠢᠵᠦ᠂ ᠳᠠᠩᠰᠠ ᠬᠠᠷᠭᠤᠭᠤᠯᠬᠤ ᠠᠵᠢᠯ ᠳᠤ ᠪᠡᠯᠡ ᠮᠥᠩᠭᠦ ᠶᠢ ᠭᠠᠳᠠᠭᠰᠢ ᠭᠠᠷᠭᠠᠬᠤ ᠦᠭᠡᠢ᠂ ᠮᠥᠷᠳᠡᠵᠦ ᠪᠤᠯᠬᠤ ᠶᠢ ᠦᠨᠡᠨ ᠬᠦ ᠪᠠᠲᠤᠯᠠᠪᠠ᠃      ᠣᠶᠢᠯᠠᠭᠠᠭᠰᠠᠨ ᠢᠶᠠᠷ᠂ ᠣᠳᠣᠬᠠᠨ ᠳᠤ ᠶᠠᠭ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠬᠠᠪᠤᠷ ᠤᠨ ᠤᠯᠠᠷᠢᠯ ᠤᠨ ᠵᠠᠨᠬᠭᠢᠯᠠᠭ᠎ᠠ ᠶᠢᠨ ᠬᠤᠭᠤᠴᠠᠭ᠎ᠠ ᠪᠣᠯᠵᠤ᠂ ᠪᠡᠯᠡ ᠮᠥᠩᠭᠦ ᠶᠢᠨ ᠲᠤᠰᠬᠠᠢ ᠲᠠᠩᠰᠠ ᠶᠢᠨ ᠬᠠᠮᠢᠶᠠᠷᠤᠯᠲᠠ ᠶᠢᠨ ᠰᠢᠨ᠎ᠡ ᠵᠠᠭᠪᠤᠷ ᠨᠢ ᠨᠢᠭᠡᠨᠲᠡ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠨᠢᠭᠡᠴᠢ ᠪᠠ ᠪᠦᠲᠦᠭᠡᠨ ᠪᠠᠶᠢᠭᠤᠯᠤᠯᠲᠠ ᠳᠤ ᠣᠷᠣᠯᠴᠠᠬᠰᠠᠨ ᠠᠵᠤ ᠠᠬᠤᠶᠢᠯᠠᠯ ᠤᠨ ᠰᠡᠳᠬᠢᠯ ᠢ ᠠᠮᠤᠷᠵᠢᠭᠤᠯᠵᠤ᠂ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠠᠵᠢᠯ ᠤᠨ ᠬᠤᠳᠠᠯᠳᠤᠭ᠎ᠠ ᠡᠷᠭᠢᠯᠡᠭᠦ ᠣᠷᠴᠢᠨ ᠨᠥᠬᠦᠴᠡᠯ ᠢ ᠡᠬᠢ ᠡᠭᠦᠰᠦᠯ ᠠᠴᠠ ᠨᠢ ᠰᠠᠶᠢᠵᠢᠷᠠᠭᠤᠯᠵᠤ᠂ ᠥᠪᠡᠷᠲᠡᠭᠡᠨ ᠵᠠᠰᠠᠬᠤ ᠣᠷᠣᠨ ᠤ ᠤᠯᠤᠰ ᠠᠴᠠ ᠪᠠᠭᠤᠯᠭᠠᠭᠰᠠᠨ ᠪᠦᠲᠦᠭᠡᠨ ᠪᠠᠶᠢᠭᠤᠯᠤᠯᠲᠠ ᠶᠢᠨ ᠡᠭᠦᠷᠭᠡ ᠶᠢ ᠴᠠᠭ ᠲᠤᠬᠠᠢ ᠳᠤᠨᠢ ᠴᠢᠨᠠᠷ ᠢ ᠪᠠᠲᠤᠯᠠᠨ ᠲᠤᠭ᠎ᠠ ᠶᠣᠰᠣᠭᠠᠷ ᠪᠡᠶᠡᠯᠡᠭᠦᠯᠬᠦ ᠶᠢ ᠬᠦᠴᠦᠲᠡᠢ ᠠᠬᠢᠭᠤᠯᠵᠤ᠂ ᠪᠡᠯᠡ ᠮᠥᠩᠭᠦ ᠶᠢᠨ ᠬᠡᠷᠡᠭᠯᠡᠯᠲᠡ ᠶᠢᠨ ᠦᠷ᠎ᠡ ᠠᠰᠢᠭ ᠢ ᠲᠠᠰᠤᠷᠠᠯᠲᠠ ᠦᠭᠡᠢ ᠳᠡᠭᠡᠭᠰᠢᠯᠡᠭᠦᠯᠵᠦ ᠪᠤᠢ᠃
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000611号-1号