ᠬᠥᠬᠡᠬᠤᠲᠠ ᠶᠢᠨ ᠬᠤᠲᠣᠩ ᠠᠷᠠᠳ ᠤᠨ ᠲᠣᠭᠤᠷᠢᠭ ᠤᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ᠄ ᠢᠳᠡᠭᠡᠨ ᠤ ᠵᠦᠢᠯ ᠤᠨ ᠡᠵᠡᠩᠨᠡᠯᠲᠡ ᠶᠢᠨ ︽ᠭᠡᠷᠡᠴᠢ ᠦᠨᠡᠮᠯᠡᠯ ᠢ ᠵᠡᠷᠭᠡᠪᠡᠷ ᠪᠣᠷᠣᠯᠠᠭᠤᠯᠬᠤ︾ ᠨᠢ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ︽ᠨᠢᠭᠡ ᠯᠡ ᠤᠳᠠᠭ᠎ᠠ ᠳᠤ ᠰᠠᠶᠢᠲᠤᠷ ᠭᠦᠢᠴᠡᠳᠬᠡᠬᠦ︾ ᠳᠤ ᠬᠦᠴᠦᠨ ᠨᠡᠮᠡᠷᠢᠯᠡᠨ᠎ᠡ
ᠨᠡᠶᠢᠲᠡᠯᠡᠭᠰᠡᠨ ᠴᠠᠭ᠄
2024/2/28
 ︽ᠥᠩᠭᠡᠷᠡᠭᠰᠡᠨ ᠳᠤ ᠪᠤᠰᠤᠳ ᠨᠢᠭᠡᠴᠢ ᠳᠤ ᠢᠳᠡᠭᠡᠨ ᠤ ᠵᠦᠢᠯ ᠤᠨ ᠡᠵᠡᠩᠨᠡᠯᠲᠡ ᠶᠢᠨ ᠵᠥᠪᠰᠢᠶᠡᠷᠡᠯ ᠤᠨ ᠦᠨᠡᠮᠯᠡᠯ ᠢ ᠬᠦᠴᠦᠨ ᠦᠭᠡᠢ ᠪᠣᠯᠭᠠᠬᠤ ᠭᠠᠷ ᠭᠦᠢᠴᠡᠳᠬᠡᠯ ᠬᠢᠵᠦ᠂ ᠡᠵᠡᠩᠨᠡᠯᠲᠡ ᠶᠢᠨ ᠦᠨᠡᠮᠯᠡᠯ ᠢ ᠬᠦᠴᠦᠨ ᠦᠭᠡᠢ ᠪᠣᠯᠭᠠᠬᠤ ᠭᠠᠷ ᠭᠦᠢᠴᠡᠳᠬᠡᠯ ᠬᠢᠵᠦ ᠪᠠᠶᠢᠵᠠᠢ᠂ ᠭᠡᠲᠡᠯ᠎ᠡ ᠠᠳᠡ ᠨᠢᠭᠡ ᠯᠡ ᠴᠣᠩᠬᠤᠨ ᠳᠤ ᠨᠢᠭᠡ ᠯᠡ ᠤᠳᠠᠭ᠎ᠠ ᠶᠢᠨ ᠴᠢᠨᠠᠷᠲᠠᠢ ᠪᠠᠷ ᠭᠦᠢᠴᠡᠳᠬᠡᠵᠦ᠂ ᠬᠢᠨᠠᠨ ᠵᠥᠪᠰᠢᠶᠡᠷᠡᠬᠦ ᠦᠢᠯᠡᠴᠢᠯᠡᠭᠡ ᠶᠢ ᠤᠯᠠᠮ ᠠᠴᠠ ᠤᠯᠠᠮ ᠥᠨᠳᠥᠷ ᠪᠦᠲᠦᠮᠵᠢᠲᠡᠶ ᠪᠠᠷ ᠬᠢᠵᠦ᠂ ᠠᠷᠠᠳ ᠲᠤ ᠳᠥᠭᠦᠮ ᠦᠵᠡᠭᠦᠯᠵᠦ ᠪᠠᠶᠢᠨ᠎ᠠ︾ ᠣᠶᠢᠷ᠎ᠠ ᠳᠤ᠂ ᠥᠪᠥᠷ ᠮᠣᠩᠭᠤᠯ ᠤᠨ ᠰᠢᠦᠢ ᠼᠠᠢ ᠬᠤᠳᠠᠯᠳᠤᠭ᠎ᠠ ᠠᠷᠠᠯᠵᠢᠶᠠᠨ ᠤ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠸᠠᠩ ᠠᠪᠤᠭᠠᠢ ᠰᠣᠴᠢᠰᠬᠢᠨ ᠪᠠᠶᠠᠷᠲᠠᠢ ᠪᠠᠷ ᠬᠡᠯᠡᠪᠡ᠃
 ᠲᠡᠷᠢᠭᠦᠨ ᠵᠡᠷᠭᠡ ᠶᠢᠨ ᠬᠤᠳᠠᠯᠳᠤᠭ᠎ᠠ ᠡᠷᠭᠢᠯᠡᠬᠦ ᠣᠷᠴᠢᠨ ᠲᠣᠭᠤᠷᠢᠨ ᠢ ᠡᠭᠦᠳᠦᠨ ᠪᠠᠶᠢᠭᠤᠯᠬᠤ ᠶᠢᠨ ᠲᠥᠯᠥᠭᠡ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠤᠬᠤᠷᠢᠨ ᠭᠠᠷᠬᠤ ᠶᠢ ᠳᠥᠭᠦᠮᠴᠢᠯᠡᠬᠦ ᠬᠢᠷᠢ ᠬᠡᠮᠵᠢᠶ᠎ᠡ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠬᠥᠬᠡᠬᠤᠲᠠ ᠶᠢᠨ ᠬᠤᠲᠣᠩ ᠠᠷᠠᠳ ᠤᠨ ᠲᠣᠭᠤᠷᠢᠭ ᠤᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠨᠢ ᠦᠢᠯᠡᠴᠢᠯᠡᠭᠡᠨ ᠤ ᠲᠣᠭᠲᠠᠴᠠ ᠳᠤ ᠦᠷᠭᠦᠯᠵᠢᠯᠡᠨ ᠰᠢᠨ᠎ᠡ ᠶᠢ ᠡᠭᠦᠳᠴᠦ᠂ ᠬᠢᠨᠠᠨ ᠵᠥᠪᠰᠢᠶᠡᠷᠡᠬᠦ ᠴᠤᠪᠤᠷᠠᠯ ᠢ ᠰᠢᠯᠢᠳᠡᠭᠵᠢᠭᠦᠯᠦᠨ᠂ ︽ᠦᠨᠡᠮᠯᠡᠯ ᠢ ᠬᠦᠴᠦᠨ ᠦᠭᠡᠢ ᠪᠣᠯᠭᠠᠬᠤ ᠬᠠᠮᠲᠤᠷᠠᠨ ᠭᠦᠢᠴᠡᠳᠬᠡᠬᠦ︾ ᠪᠠᠷ ᠭᠠᠷᠳᠠᠴᠠ ᠪᠣᠯᠭᠠᠵᠤ᠂ ᠢᠳᠡᠭᠡᠨ ᠡᠵᠡᠩᠨᠡᠬᠦ ᠡᠷᠦᠬᠡ ᠶᠢᠨ ᠡᠵᠡᠩᠨᠡᠯᠲᠡ ᠶᠢᠨ ᠦᠨᠡᠮᠯᠡᠯ᠂ ᠢᠳᠡᠭᠡᠨ ᠡᠵᠡᠩᠨᠡᠬᠦ ᠵᠥᠪᠰᠢᠶᠡᠷᠡᠯ ᠤᠨ ᠦᠨᠡᠮᠯᠡᠯ ᠢ ︽ᠦᠨᠡᠮᠯᠡᠯ ᠢ ᠵᠡᠷᠭᠡᠪᠡᠷ ᠪᠣᠷᠣᠯᠠᠭᠤᠯᠬᠤ︾ ᠶᠢ ᠬᠡᠷᠡᠭᠵᠢᠭᠦᠯᠵᠦ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ︽ᠨᠢᠭᠡ ᠯᠡ ᠤᠳᠠᠭ᠎ᠠ ᠳᠤ ᠰᠠᠶᠢᠲᠤᠷ ᠭᠦᠢᠴᠡᠳᠬᠡᠬᠦ︾ ᠶᠢ ᠠᠬᠢᠭᠤᠯᠤᠨ᠎ᠠ᠃  ᠣᠶᠢᠯᠠᠭᠠᠭᠰᠠᠨ ᠢᠶᠠᠷ᠂ ᠲᠣᠰ ᠲᠣᠪᠴᠢᠶ᠎ᠠ ᠠᠵᠢᠯ ᠶᠠᠪᠤᠳᠠᠯ ᠭᠦᠢᠴᠡᠳᠬᠡᠬᠦ ᠶᠠᠪᠤᠴᠠ ᠶᠢ ᠰᠢᠯᠢᠳᠡᠭᠵᠢᠭᠦᠯᠬᠦ᠂ ᠬᠦᠴᠦᠨ ᠦᠭᠡᠢ ᠪᠣᠯᠭᠠᠬᠤ ᠴᠠᠭ ᠢ ᠪᠠᠭᠠᠰᠬᠠᠬᠤ᠂ ᠭᠤᠶᠤᠴᠢᠯᠠᠬᠤ ᠮᠠᠲ᠋ᠧᠷᠢᠶᠠᠯ ᠢ ᠴᠣᠮᠬᠠᠳᠬᠠᠬᠤ ᠪᠠᠷ ᠬᠠᠷᠠᠯᠲᠠ ᠪᠣᠯᠭᠠᠵᠤ᠂ ᠵᠠᠬ᠎ᠠ ᠳᠡᠯᠭᠡᠭᠦᠷ ᠤᠨ ᠪᠡᠶᠡᠴᠢ ᠴᠣᠭᠴᠠ ᠳᠤ ᠡᠵᠡᠩᠨᠡᠯᠲᠡ ᠶᠢᠨ ᠦᠨᠡᠮᠯᠡᠯ ᠪᠣᠯᠣᠨ ᠢᠳᠡᠭᠡᠨ ᠤ ᠡᠵᠡᠩᠨᠡᠯᠲᠡ ᠶᠢᠨ ᠵᠥᠪᠰᠢᠶᠡᠷᠡᠯ ᠤᠨ ᠦᠨᠡᠮᠯᠡᠯ ᠢ ᠬᠠᠮᠲᠤᠷᠠᠨ ᠬᠦᠴᠦᠨ ᠦᠭᠡᠢ ᠪᠣᠯᠭᠠᠬᠤ ᠢᠵᠢ ᠦᠢᠯᠡᠴᠢᠯᠡᠭᠡᠨ ᠤ ᠬᠡᠯᠪᠡᠷᠢ ᠶᠢᠨ ᠬᠤᠷᠠᠮᠠᠯ ᠦᠢᠯᠡᠴᠢᠯᠡᠭᠡ ᠶᠢ ᠬᠠᠩᠭᠠᠨ᠎ᠠ᠃ ᠤᠤᠯ ᠤᠨ ᠡᠵᠡᠩᠨᠡᠯᠲᠡ ᠶᠢᠨ ᠦᠨᠡᠮᠯᠡᠯ ᠢ ᠬᠦᠴᠦᠨ ᠦᠭᠡᠢ ᠪᠣᠯᠭᠠᠬᠤ ᠳᠤ ᠬᠡᠷᠡᠭᠰᠡᠬᠦ 3 ᠶᠠᠪᠤᠴᠠ᠂ ᠢᠳᠡᠭᠡᠨ ᠤ ᠡᠵᠡᠩᠨᠡᠯᠲᠡ ᠶᠢᠨ ᠵᠥᠪᠰᠢᠶᠡᠷᠡᠯ ᠤᠨ ᠦᠨᠡᠮᠯᠡᠯ ᠢ ᠬᠦᠴᠦᠨ ᠦᠭᠡᠢ ᠪᠣᠯᠭᠠᠬᠤ 2 ᠶᠠᠪᠤᠴᠠ ᠶᠢ ᠠᠵᠤ ᠠᠬᠤᠶᠢᠯᠠᠯ ᠤᠨ ︽ᠢᠳᠡᠭᠡᠨ ᠤ ᠡᠵᠡᠩᠨᠡᠯᠲᠡ ᠶᠢᠨ ᠡᠵᠡᠩᠨᠡᠯᠲᠡ ᠶᠢᠨ ᠦᠨᠡᠮᠯᠡᠯ ᠪᠠ ᠵᠥᠪᠰᠢᠶᠡᠷᠡᠯ ᠤᠨ ᠦᠨᠡᠮᠯᠡᠯ ᠢ ᠬᠦᠴᠦᠨ ᠦᠭᠡᠢ ᠪᠣᠯᠭᠠᠬᠤ ᠬᠠᠮᠲᠤᠷᠠᠨ ᠭᠦᠢᠴᠡᠳᠬᠡᠬᠦ︾ 2 ᠶᠠᠪᠤᠴᠠ ᠪᠣᠯᠭᠠᠨ ᠨᠡᠶᠢᠯᠡᠭᠦᠯᠵᠦ᠂ ᠦᠨᠡᠮᠯᠡᠯ ᠢ ᠬᠦᠴᠦᠨ ᠦᠭᠡᠢ ᠪᠣᠯᠭᠠᠬᠤ ᠶᠢ ᠬᠢᠨᠠᠨ ᠵᠥᠪᠰᠢᠶᠡᠷᠡᠬᠦ ᠬᠡᠯᠬᠢᠶᠡᠰᠦ ᠶᠢ ᠤᠯᠠᠮ ᠨᠢᠭᠡ ᠠᠯᠬᠤᠮ ᠪᠣᠭᠤᠨᠢᠰᠬᠠᠨ᠎ᠠ︔ ᠡᠵᠡᠩᠨᠡᠯᠲᠡ ᠶᠢᠨ ᠦᠨᠡᠮᠯᠡᠯ ᠢ ᠬᠦᠴᠦᠨ ᠦᠭᠡᠢ ᠪᠣᠯᠭᠠᠬᠤ ᠳᠤ ᠲᠤᠰᠢᠶᠠᠭᠰᠠᠨ 7 ᠮᠠᠲ᠋ᠧᠷᠢᠶᠠᠯ᠂ ᠢᠳᠡᠭᠡᠨ ᠤ ᠡᠵᠡᠩᠨᠡᠯᠲᠡ ᠶᠢᠨ ᠵᠥᠪᠰᠢᠶᠡᠷᠡᠯ ᠤᠨ ᠦᠨᠡᠮᠯᠡᠯ ᠢ ᠬᠦᠴᠦᠨ ᠦᠭᠡᠢ ᠪᠣᠯᠭᠠᠬᠤ 3 ᠮᠠᠲ᠋ᠧᠷᠢᠶᠠᠯ ᠢ ᠢᠳᠡᠭᠡᠨ ᠤ ᠡᠵᠡᠩᠨᠡᠯᠲᠡ ᠶᠢᠨ ︽ᠦᠨᠡᠮᠯᠡᠯ ᠢ ᠬᠦᠴᠦᠨ ᠦᠭᠡᠢ ᠪᠣᠯᠭᠠᠬᠤ ᠬᠠᠮᠲᠤᠷᠠᠨ ᠭᠦᠢᠴᠡᠳᠬᠡᠬᠦ︾ 4 ᠮᠠᠲ᠋ᠧᠷᠢᠶᠠᠯ ᠪᠣᠯᠭᠠᠨ ᠪᠠᠭᠠᠰᠬᠠᠬᠤ ᠶᠢᠨ ᠬᠠᠮᠲᠤ ︽ᠨᠢᠭᠡ ᠢᠵᠢ ᠮᠠᠲ᠋ᠧᠷᠢᠶᠠᠯ ᠢ ᠭᠤᠶᠤᠴᠢᠯᠠᠬᠤ᠂ ᠨᠢᠭᠡ ᠴᠣᠩᠬᠤᠨ ᠳᠤ ᠭᠥᠯᠢᠶᠡᠨ ᠠᠪᠴᠤ ᠰᠢᠢᠳᠪᠦᠷᠢᠯᠡᠬᠦ᠂ ᠲᠤᠬᠠᠢ ᠶᠢᠨ ᠲᠠᠯᠠᠪᠤᠷ ᠲᠤ ᠨᠢᠭᠡ ᠯᠡ ᠤᠳᠠᠭ᠎ᠠ ᠳᠤ ᠭᠦᠢᠴᠡᠳᠬᠡᠵᠦ ᠳᠠᠭᠤᠰᠬᠠᠬᠤ︾ ᠠᠵᠢᠯ ᠤᠨ ᠵᠠᠭᠪᠤᠷ ᠢ ᠬᠡᠷᠡᠭᠯᠡᠨ᠂ ᠠᠵᠢᠯ ᠭᠦᠢᠴᠡᠳᠬᠡᠬᠦ ᠶᠠᠪᠤᠴᠠ ᠶᠢ ᠡᠮᠬᠢᠯᠡᠨ ᠨᠡᠶᠢᠯᠡᠭᠦᠯᠵᠦ ᠰᠢᠯᠢᠳᠡᠭᠵᠢᠭᠦᠯᠬᠦ ᠶᠢ ᠪᠡᠶᠡᠯᠡᠭᠦᠯᠦᠨ᠎ᠡ᠃  ᠢᠳᠡᠭᠡᠨ ᠤ ᠵᠦᠢᠯ ᠤᠨ ᠡᠵᠡᠩᠨᠡᠯᠲᠡ ᠶᠢᠨ ︽ᠦᠨᠡᠮᠯᠡᠯ ᠢ ᠨᠡᠶᠢᠯᠡᠭᠦᠯᠦᠨ ᠪᠣᠷᠣᠯᠠᠭᠤᠯᠬᠤ︾ ᠲᠤᠷᠰᠢᠨ ᠬᠡᠷᠡᠭᠵᠢᠭᠦᠯᠬᠦ ᠶᠢ ᠪᠦᠬᠦ ᠲᠠᠯ᠎ᠠ ᠪᠠᠷ ᠡᠬᠢᠯᠡᠭᠦᠯᠦᠭᠰᠡᠨ ᠤ ᠳᠠᠷᠠᠭ᠎ᠠ᠂ ᠬᠤᠲᠣᠩ ᠠᠷᠠᠳ ᠤᠨ ᠲᠣᠭᠤᠷᠢᠭ ᠤᠨ ᠵᠠᠰᠠᠭ ᠤᠨ ᠣᠷᠳᠣᠨ ᠤ ᠠᠯᠪᠠᠨ ᠰᠦᠯᠵᠢᠶ᠎ᠡ  ᠲᠣᠭᠤᠷᠢᠭ ᠤᠨ 52 ᠵᠠᠬ᠎ᠠ ᠳᠡᠯᠭᠡᠭᠦᠷ ᠤᠨ ᠪᠡᠶᠡᠴᠢ ᠴᠣᠭᠴᠠ ᠨᠢᠭᠡᠨᠲᠡ ᠡᠨᠡ ᠬᠦ ᠥᠭᠡᠷᠡᠴᠢᠯᠡᠯᠲᠡ ᠶᠢᠨ ᠠᠰᠢᠭ ᠢ ᠬᠦᠷᠲᠡᠵᠡᠢ᠂ ᠲᠤᠬᠠᠶᠢᠯᠠᠪᠠᠯ ᠨᠢᠭᠡ ᠴᠣᠩᠬᠤ ᠪᠠᠷ ᠭᠥᠯᠢᠶᠡᠨ ᠠᠪᠴᠤ ᠭᠦᠢᠴᠡᠳᠬᠡᠬᠦ᠂ ᠳᠣᠲᠣᠭᠠᠳᠤ ᠳᠠᠭᠠᠨ ᠰᠢᠯᠵᠢᠭᠦᠯᠬᠦ᠂ ᠮᠡᠳᠡᠭᠡ ᠵᠠᠩᠭᠢ ᠶᠢ ᠬᠠᠮᠲᠤ ᠪᠠᠷ ᠡᠳ᠋ᠯᠡᠬᠦ᠂ ᠨᠡᠶᠢᠯᠡᠭᠦᠯᠦᠨ ᠬᠢᠨᠠᠨ ᠵᠥᠪᠰᠢᠶᠡᠷᠡᠬᠦ ᠬᠡᠯᠪᠡᠷᠢ ᠪᠠᠷ ᠳᠠᠮᠵᠢᠭᠤᠯᠤᠨ᠂ ᠢᠳᠡᠭᠡᠨ ᠡᠵᠡᠩᠨᠡᠬᠦ ᠡᠷᠦᠬᠡ ᠶᠢᠨ ᠡᠵᠡᠩᠨᠡᠯᠲᠡ ᠶᠢᠨ ᠦᠨᠡᠮᠯᠡᠯ᠂ ᠢᠳᠡᠭᠡᠨ ᠡᠵᠡᠩᠨᠡᠬᠦ ᠵᠥᠪᠰᠢᠶᠡᠷᠡᠯ ᠤᠨ ᠦᠨᠡᠮᠯᠡᠯ ᠢ ᠬᠦᠴᠦᠨ ᠦᠭᠡᠢ ᠪᠣᠯᠭᠠᠬᠤ ᠳᠠᠩᠰᠠᠯᠠᠯᠲᠠ ᠶᠢ ︽ᠬᠤᠯᠪᠣᠭᠠᠯᠠᠬᠤ︾ ᠠᠴᠠ ︽ᠨᠡᠶᠢᠯᠡᠭᠦᠯᠦᠨ ᠬᠤᠯᠪᠣᠬᠤ︾ ᠪᠣᠯᠭᠠᠨ ᠬᠤᠪᠢᠷᠠᠭᠤᠯᠵᠤ᠂ ᠭᠤᠶᠤᠴᠢᠯᠠᠭᠴᠢ ᠳᠤ ︽ᠦᠨᠡᠮᠯᠡᠯ︾ ᠢ ᠬᠦᠴᠦᠨ ᠦᠭᠡᠢ ᠪᠣᠯᠭᠠᠬᠤ ᠭᠠᠷ ᠭᠦᠢᠴᠡᠳᠬᠡᠯ ᠢ ᠨᠢᠭᠡ ᠯᠡ ᠤᠳᠠᠭ᠎ᠠ ᠳᠤ ᠭᠦᠢᠴᠡᠳᠬᠡᠵᠦ ᠥᠭᠭᠦᠨ᠎ᠡ᠃  ᠳᠠᠷᠠᠭᠠᠴᠢ ᠶᠢᠨ ᠠᠯᠬᠤᠮ ᠳᠤ᠂ ᠬᠤᠲᠣᠩ ᠠᠷᠠᠳ ᠤᠨ ᠲᠣᠭᠤᠷᠢᠭ ᠤᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠯ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠨᠢ ᠠᠷᠠᠳ ᠲᠦᠮᠡᠨ ᠢ ᠳᠡᠭᠡᠳᠦᠯᠡᠬᠦ ᠦᠢᠯᠡᠴᠢᠯᠡᠭᠡᠨ ᠤ ᠣᠶᠢᠯᠠᠭᠠᠭᠳᠠᠬᠤᠨ ᠢ ᠦᠷᠭᠦᠯᠵᠢᠯᠡᠨ ᠪᠤᠶ ︽ᠨᠢᠭᠡ ᠯᠡ ᠤᠳᠠᠭ᠎ᠠ ᠳᠤ ᠰᠠᠶᠢᠲᠤᠷ ᠭᠦᠢᠴᠡᠳᠬᠡᠬᠦ︾ ᠳᠥᠭᠦᠮᠴᠢᠯᠡᠯᠲᠡ ᠶᠢᠨ ᠥᠭᠡᠷᠡᠴᠢᠯᠡᠯᠲᠡ ᠳᠤ ᠦᠷᠭᠦᠯᠵᠢᠯᠡᠨ ᠠᠩᠬᠠᠷᠤᠯ ᠢᠶᠠᠨ ᠲᠥᠪᠯᠡᠷᠡᠭᠦᠯᠵᠦ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠬᠡᠷᠡᠭᠴᠡᠭᠡ ᠱᠠᠭᠠᠷᠳᠠᠯᠭ᠎ᠠ ᠲᠠᠢ ᠨᠢᠭᠲᠠ ᠤᠶᠠᠯᠳᠤᠭᠤᠯᠤᠨ᠂ ᠡᠵᠡᠩᠨᠡᠯᠲᠡ ᠶᠢᠨ ᠭᠤᠣᠯ ᠴᠣᠭᠴᠠ ᠶᠢᠨ ᠬᠥᠭᠵᠢᠯᠲᠡ ᠶᠢᠨ ᠬᠡᠷᠡᠭᠴᠡᠭᠡ᠂ ᠦᠨᠳᠦᠰᠦᠨ ᠱᠠᠲᠤᠨ ᠤ ᠬᠦᠰᠡᠯ᠂ ᠠᠷᠠᠳ ᠤᠨ ᠰᠡᠳᠬᠢᠯ ᠤᠨ ᠬᠠᠨᠳᠤᠰᠢ ᠶᠢ ᠲᠠᠰᠤᠷᠠᠯᠲᠠ ᠦᠭᠡᠢ ᠵᠣᠯᠭᠠᠭᠤᠯᠵᠤ᠂ ᠬᠢᠨᠠᠨ ᠵᠥᠪᠰᠢᠶᠡᠷᠡᠵᠦ ᠭᠦᠢᠴᠡᠳᠬᠡᠬᠦ ᠴᠤᠪᠤᠷᠠᠯ ᠢ ᠰᠢᠯᠢᠳᠡᠭᠵᠢᠭᠦᠯᠦᠨ᠂ ᠬᠢᠨᠠᠨ ᠵᠥᠪᠰᠢᠶᠡᠷᠡᠬᠦ ᠰᠢᠨ᠎ᠡ ᠵᠠᠭᠪᠤᠷ ᠢ ᠬᠠᠶᠢᠨ ᠰᠦᠪᠡᠭᠴᠢᠯᠡᠵᠦ᠂ ᠠᠵᠤ ᠠᠬᠤᠶᠢᠯᠠᠯ ᠤᠨ ᠣᠯᠠᠨ ᠲᠦᠮᠡᠨ ᠤ ᠠᠵᠢᠯ ᠶᠠᠪᠤᠳᠠᠯ ᠭᠦᠢᠴᠡᠳᠬᠡᠬᠦ ᠶᠢᠨ ᠬᠠᠨᠤᠮᠵᠢ ᠶᠢᠨ ᠬᠡᠮᠵᠢᠶ᠎ᠡ ᠪᠠ ᠬᠦᠷᠲᠡᠮᠵᠢ ᠶᠢᠨ ᠲᠥᠷᠥᠭᠳᠡᠯ ᠢ ᠦᠨᠡᠨᠬᠦ ᠳᠡᠭᠡᠭᠰᠢᠯᠡᠭᠦᠯᠵᠦ᠂ ᠬᠤᠳᠠᠯᠳᠤᠭ᠎ᠠ ᠡᠷᠭᠢᠯᠡᠬᠦ ᠣᠷᠴᠢᠨ ᠲᠣᠭᠤᠷᠢᠨ ᠤ ᠳᠠᠬᠢᠨ ᠲᠠᠰ ᠳᠡᠪᠰᠢᠬᠦ ᠳᠤ ᠬᠦᠴᠦᠨ ᠨᠡᠮᠡᠷᠢᠯᠡᠨ᠎ᠡ᠃  ᠢᠷᠡᠯᠲᠡ᠄ ᠬᠤᠲᠣᠩ ᠠᠷᠠᠳ ᠤᠨ ᠲᠣᠭᠤᠷᠢᠭ ᠤᠨ ᠵᠠᠰᠠᠭ ᠤᠨ ᠣᠷᠳᠣᠨ ᠤ ᠠᠯᠪᠠᠨ ᠰᠦᠯᠵᠢᠶ᠎ᠡ
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000611号-1号