2 ᠰᠠᠷ᠎ᠠ ᠶᠢᠨ 27 ᠤ ᠦᠳᠡ ᠶᠢᠨ ᠬᠤᠶᠢᠨ᠎ᠠ᠂ ᠰᠤᠷᠪᠤᠯᠵᠢᠯᠠᠭᠴᠢ ᠪᠦᠭᠦᠳᠡ ᠨᠠᠶᠢᠷᠠᠮᠳᠠᠬᠤ ᠳᠤᠮᠳᠠᠳᠤ | ᠠᠷᠠᠳ ᠤᠯᠤᠰ ᠤᠨ ᠠᠷᠪᠠᠨ ᠳᠥᠷᠪᠡᠳᠦᠭᠡᠷ ᠬᠤᠭᠤᠴᠠᠭᠠᠨ ᠤ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠤ | ᠰᠣᠨᠢᠨ ᠮᠡᠳᠡᠭᠡ ᠨᠡᠶᠢᠲᠡᠯᠡᠬᠦ ᠬᠤᠷᠠᠯ ᠠᠴᠠ ᠣᠶᠢᠯᠠᠭᠠᠭᠰᠠᠨ ᠢᠶᠠᠷ᠂ ᠠᠷᠪᠠᠨ ᠳᠥᠷᠪᠡᠳᠦᠭᠡᠷ ᠬᠤᠭᠤᠴᠠᠭᠠᠨ ᠤ ᠪᠥᠬᠦ | ᠤᠯᠤᠰ ᠤᠨ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠳᠡᠭᠡᠷ᠎ᠡ ᠨᠡᠶᠢᠲᠡ 30 ᠲᠥᠯᠥᠭᠡᠯᠡᠭᠴᠢᠳ ᠤᠨ | ᠪᠦᠯᠬᠦᠮ ᠱᠠᠩᠨᠠᠯ ᠤᠨ ᠮᠧᠳᠠᠯ ᠣᠯᠵᠤ᠂ ᠥᠪᠥᠷ ᠮᠣᠩᠭᠤᠯ ᠤᠨ ᠲᠥᠯᠥᠭᠡᠯᠡᠭᠴᠢᠳ ᠤᠨ ᠪᠦᠯᠬᠦᠮ 18 ᠠᠯᠲᠠᠨ | ᠮᠧᠳᠠᠯ᠂ 17 ᠮᠥᠩᠭᠦᠨ ᠮᠧᠳᠠᠯ᠂ 24 ᠬᠦᠷᠡᠯ ᠮᠧᠳᠠᠯ ᠤᠨ ᠬᠢᠷᠢ ᠪᠦᠲᠦᠮᠵᠢ ᠪᠠᠷ ᠲᠡᠦᠬᠡ ᠶᠢᠨ ᠬᠠᠮᠤᠭ ᠤᠨ ᠰᠠᠶᠢᠨ | ᠲᠡᠮᠳᠡᠭᠯᠡᠯ ᠢ ᠡᠭᠦᠳᠴᠡᠢ᠃ | ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠲᠣᠪᠴᠢᠶ᠎ᠠ ᠶᠢᠨ ᠳᠠᠷᠤᠭ᠎ᠠ᠂ ᠠᠷᠪᠠᠨ ᠳᠥᠷᠪᠡᠳᠦᠭᠡᠷ | ᠬᠤᠭᠤᠴᠠᠭᠠᠨ ᠤ ᠪᠥᠬᠦ ᠤᠯᠤᠰ ᠤᠨ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠤ ᠵᠣᠬᠢᠶᠠᠨ ᠪᠠᠶᠢᠭᠤᠯᠬᠤ | ᠺᠣᠮᠢᠰ ᠤᠨ ᠳᠡᠳ᠋ ᠨᠠᠷᠢᠨ ᠪᠢᠴᠢᠭ ᠤᠨ ᠳᠠᠷᠤᠭ᠎ᠠ ᠳ᠋ᠦ᠋ ᠪᠦᠸᠧ ᠵᠢᠶᠦ᠋ᠨ ᠤ ᠲᠠᠨᠢᠯᠴᠠᠭᠤᠯᠤᠭᠰᠠᠨ ᠢᠶᠠᠷ᠂ ᠠᠷᠪᠠᠨ | ᠳᠥᠷᠪᠡᠳᠦᠭᠡᠷ ᠬᠤᠭᠤᠴᠠᠭᠠᠨ ᠤ ᠪᠥᠬᠦ ᠤᠯᠤᠰ ᠤᠨ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠤ ᠵᠣᠬᠢᠶᠠᠨ | ᠪᠠᠶᠢᠭᠤᠯᠬᠤ ᠺᠣᠮᠢᠰ ᠡᠯ᠎ᠡ ᠲᠥᠷᠥᠯ ᠤᠨ ᠵᠣᠴᠢᠳ ᠤᠨ ᠬᠡᠷᠡᠭᠴᠡᠭᠡ ᠶᠢ ᠭᠦᠢᠴᠡᠳ ᠪᠣᠯᠳᠣᠯᠬᠢᠯᠠᠵᠤ᠂ ᠠᠵᠢᠯ | ᠲᠥᠷᠥᠯ ᠢᠶᠠᠷ ᠵᠣᠴᠢᠯᠠᠬᠤ ᠪᠠᠲᠤᠯᠠᠭ᠎ᠠ ᠶᠢᠨ ᠲᠥᠰᠥᠯ ᠢ ᠲᠥᠷᠥᠯ ᠬᠤᠪᠢᠶᠠᠨ ᠨᠢᠮᠪᠠᠢ ᠲᠣᠭᠲᠠᠭᠠᠵᠤ᠂ 41 | ᠲᠣᠭᠲᠠᠭᠰᠠᠨ ᠴᠡᠭ ᠤᠨ ᠪᠠᠭᠤᠳᠠᠯ ᠳᠤ ᠨᠡᠶᠢᠲᠡ 1.06 ᠲᠦᠮᠡᠨ ᠬᠥᠮᠥᠨ ᠤᠳᠠᠭ᠎ᠠ ᠶᠢ ᠬᠦᠯᠢᠶᠡᠨ ᠠᠪᠴᠤ | ᠵᠣᠴᠢᠯᠠᠵᠠᠢ᠃ ᠡᠯ᠎ᠡ ᠤᠷᠤᠯᠳᠤᠭᠠᠨ ᠤ ᠲᠣᠭᠤᠷᠢᠭ ᠨᠢ ︽ᠬᠠᠮᠤᠭ ᠤᠨ ᠣᠬᠤᠷ ᠴᠠᠭ᠂ ᠬᠠᠮᠤᠭ ᠤᠨ ᠰᠠᠶᠢᠨ ᠵᠠᠮ | ᠱᠤᠭᠤᠮ︾ ᠪᠠᠶᠢᠬᠤ ᠵᠠᠷᠴᠢᠮ ᠶᠣᠰᠣᠭᠠᠷ᠂ ᠤᠷᠤᠯᠳᠤᠭᠠᠨ ᠤ ᠬᠤᠭᠤᠴᠠᠭᠠᠨ ᠳᠠᠬᠢ ᠵᠠᠮ ᠬᠠᠷᠢᠯᠴᠠᠭᠠᠨ ᠤ ᠱᠤᠭᠤᠮ ᠢ | ᠲᠥᠯᠥᠪᠵᠢᠭᠦᠯᠵᠦ᠂ ᠠᠵᠢᠯ ᠤᠨ ᠲᠤᠰᠬᠠᠢ ᠠᠩᠭᠢ ᠶᠢ ᠲᠣᠮᠢᠯᠠᠨ ᠰᠠᠭᠤᠯᠭᠠᠵᠤ᠂ ᠵᠠᠮ ᠬᠠᠷᠢᠯᠴᠠᠭᠠᠨ ᠤ ᠬᠡᠷᠡᠭᠴᠡᠭᠡ | ᠱᠠᠭᠠᠷᠳᠠᠯᠭ᠎ᠠ ᠶᠢ ᠪᠥᠬᠦ ᠬᠦᠴᠦᠨ ᠢᠶᠠᠷ ᠪᠠᠲᠤᠯᠠᠵᠤ᠂ ᠤᠷᠤᠯᠳᠤᠭᠠᠨ ᠤ ᠬᠤᠭᠤᠴᠠᠭᠠᠨ ᠳᠤ ᠨᠡᠶᠢᠲᠡᠯᠡᠭᠰᠡᠨ 4400 | ᠭᠠᠷᠤᠢ ᠲᠡᠷᠭᠡ ᠤᠳᠠᠭ᠎ᠠ ᠲᠣᠮᠢᠯᠠᠨ᠂ 13.7 ᠲᠦᠮᠡᠨ ᠬᠥᠮᠥᠨ ᠤᠳᠠᠭ᠎ᠠ ᠳᠤ ᠲᠦᠷᠭᠡᠨ ᠳᠥᠲᠡ ᠪᠥᠭᠡᠳ ᠥᠨᠳᠥᠷ | ᠪᠦᠲᠦᠮᠵᠢᠲᠡᠢ ᠶᠠᠪᠤᠵᠤ ᠰᠠᠭᠤᠬᠤ ᠦᠢᠯᠡᠴᠢᠯᠡᠭᠡ ᠬᠠᠩᠭᠠᠪᠠ᠃ 2000 ᠰᠠᠶᠢᠨ ᠳᠤᠷᠠᠴᠤᠳ ᠤᠨ ︽ᠮᠥᠰᠥ ᠴᠠᠰᠤᠨ | ᠪᠦᠯᠬᠦᠮ︾ ᠨᠢ ᠠᠷᠪᠠᠨ ᠳᠥᠷᠪᠡᠳᠦᠭᠡᠷ ᠬᠤᠭᠤᠴᠠᠭᠠᠨ ᠤ ᠪᠥᠬᠦ ᠤᠯᠤᠰ ᠤᠨ ᠡᠪᠦᠯ ᠤᠨ ᠤᠯᠠᠷᠢᠯ ᠤᠨ ᠲᠠᠮᠢᠷ ᠤᠨ | ᠴᠤᠭᠯᠠᠭᠠᠨ ᠳᠤ ᠬᠠᠯᠠᠭᠤᠨ ᠦᠢᠯᠡᠴᠢᠯᠡᠭᠡ ᠬᠠᠩᠭᠠᠪᠠ᠃ ᠲᠤᠰᠬᠠᠢ ᠮᠡᠷᠭᠡᠵᠢᠯᠲᠡᠨ ᠢ ᠲᠣᠮᠢᠯᠠᠨ ᠰᠠᠭᠤᠯᠭᠠᠵᠤ᠂ | ᠠᠯᠤᠰ ᠠᠴᠠ ᠬᠠᠮᠲᠤᠷᠠᠨ ᠣᠨᠣᠰᠢᠯᠠᠬᠤ᠂ ᠠᠭᠠᠷ ᠤᠨ ᠲᠡᠭᠡᠭᠡᠪᠦᠷᠢ ᠪᠠᠷ ᠠᠪᠤᠷᠠᠨ ᠲᠤᠰᠠᠯᠠᠬᠤ ᠲᠣᠭᠲᠠᠴᠠ ᠶᠢ | ᠪᠠᠶᠢᠭᠤᠯᠵᠤ᠂ ᠲᠣᠭᠲᠠᠭᠰᠠᠨ ᠴᠡᠭ ᠤᠨ ᠡᠮᠨᠡᠯᠭᠡ ᠶᠢᠨ ᠬᠤᠷᠢᠶ᠎ᠠ ᠶᠢ 23 ᠲᠣᠭᠲᠠᠭᠠᠵᠤ᠂ 980 ᠬᠥᠮᠥᠨ ᠪᠦᠬᠦᠢ | ᠤᠷᠤᠯᠳᠤᠭᠠᠨ ᠤ ᠡᠮᠴᠢᠯᠡᠭᠡᠨ ᠤ ᠪᠠᠲᠤᠯᠠᠭ᠎ᠠ ᠶᠢᠨ ᠡᠩᠨᠡᠭᠡ ᠶᠢ ᠵᠣᠬᠢᠶᠠᠨ ᠪᠠᠶᠢᠭᠤᠯᠪᠠ᠃ ᠳᠥᠷᠪᠡᠳᠦᠭᠡᠷ ᠳᠡᠰ ᠤᠨ | ᠠᠮᠤᠷ ᠢ ᠬᠠᠮᠠᠭᠠᠯᠠᠬᠤ ᠵᠢᠯᠤᠭᠤᠳᠬᠤ ᠰᠢᠰᠲ᠋ᠧᠮ ᠢ ᠪᠠᠶᠢᠭᠤᠯᠵᠤ᠂ ᠡᠳᠦᠷ ᠳᠤᠮᠳᠠᠴᠢ ᠪᠠᠷ 1800 ᠭᠠᠷᠤᠢ ᠬᠥᠮᠥᠨ | ᠤᠳᠠᠭ᠎ᠠ ᠶᠢᠨ ᠴᠠᠭᠳᠠᠭᠠᠨ ᠤ ᠬᠦᠴᠦᠨ ᠲᠣᠬᠢᠷᠠᠭᠤᠯᠵᠤ᠂ ᠠᠮᠤᠷ ᠲᠦᠪᠰᠢᠨ ᠲᠣᠭᠲᠠᠭᠤᠨ ᠤᠷᠤᠯᠳᠤᠭᠠᠨ ᠡᠷᠬᠢᠯᠡᠬᠦ | ᠪᠠ ᠨᠡᠶᠢᠭᠡᠮ ᠤᠨ ᠣᠷᠴᠢᠨ ᠨᠥᠬᠦᠴᠡᠯ ᠢ ᠪᠣᠢ ᠪᠣᠯᠭᠠᠵᠠᠢ ᠭᠡᠪᠡ᠃ | ᠤᠯᠤᠰ ᠤᠨ ᠪᠡᠶ᠎ᠡ ᠶᠢᠨ ᠲᠠᠮᠢᠷ ᠤᠨ ᠶᠡᠷᠦᠩᠬᠡᠢ ᠲᠣᠪᠴᠢᠶ᠎ᠠ ᠶᠢᠨ ᠤᠷᠤᠯᠳᠤᠭᠠᠨ ᠤ ᠪᠡᠶ᠎ᠡ ᠶᠢᠨ ᠲᠠᠮᠢᠷ ᠤᠨ | ᠵᠤᠷᠭᠠᠨ ᠤ ᠳᠠᠷᠤᠭ᠎ᠠ᠂ ᠠᠷᠪᠠᠨ ᠳᠥᠷᠪᠡᠳᠦᠭᠡᠷ ᠬᠤᠭᠤᠴᠠᠭᠠᠨ ᠤ ᠪᠥᠬᠦ ᠤᠯᠤᠰ ᠤᠨ ᠡᠪᠦᠯ ᠤᠨ ᠤᠯᠠᠷᠢᠯ ᠤᠨ | ᠲᠠᠮᠢᠷ ᠤᠨ ᠴᠤᠭᠯᠠᠭᠠᠨ ᠤ ᠵᠣᠬᠢᠶᠠᠨ ᠪᠠᠶᠢᠭᠤᠯᠬᠤ ᠺᠣᠮᠢᠰ ᠤᠨ ᠪᠠᠶᠢᠩᠭᠤ ᠶᠢᠨ ᠳᠡᠳ᠋ ᠨᠠᠷᠢᠨ ᠪᠢᠴᠢᠭ ᠤᠨ ᠳᠠᠷᠤᠭ᠎ᠠ | ᠵᠠᠩ ᠰᠢᠨ ᠲᠠᠨᠢᠯᠴᠠᠭᠤᠯᠬᠤ ᠳᠠᠭᠠᠨ᠂ ᠲᠣᠰ ᠬᠤᠭᠤᠴᠠᠭᠠᠨ ᠤ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠨᠢ | ᠠᠩᠬ᠎ᠠ ᠤᠳᠠᠭ᠎ᠠ ᠮᠤᠵᠢ ᠣᠷᠣᠨ ᠬᠤᠲᠠ ᠪᠠᠷ ᠨᠢᠭᠡᠴᠢ ᠪᠣᠯᠭᠠᠨ ᠪᠦᠯᠬᠦᠮ ᠵᠣᠬᠢᠶᠠᠨ ᠪᠠᠶᠢᠭᠤᠯᠤᠨ ᠤᠷᠤᠯᠳᠤᠭᠠᠨ ᠳᠤ | ᠣᠷᠣᠯᠴᠠᠵᠤ᠂ 35 ᠲᠥᠯᠥᠭᠡᠯᠡᠭᠴᠢᠳ ᠤᠨ ᠪᠦᠯᠬᠦᠮ ᠤᠨ ᠳᠣᠲᠣᠷ᠎ᠠ 26 ᠲᠥᠯᠥᠭᠡᠯᠡᠭᠴᠢᠳ ᠤᠨ ᠪᠦᠯᠬᠦᠮ ᠠᠯᠲᠠᠨ | ᠮᠧᠳᠠᠯ ᠣᠯᠵᠤ᠂ 30 ᠲᠥᠯᠥᠭᠡᠯᠡᠭᠴᠢᠳ ᠤᠨ ᠪᠦᠯᠬᠦᠮ ᠱᠠᠩᠨᠠᠯ ᠤᠨ ᠮᠧᠳᠠᠯ ᠣᠯᠵᠤ᠂ ᠠᠷᠪᠠᠨ ᠳᠥᠷᠪᠡᠳᠦᠭᠡᠷ | ᠬᠤᠭᠤᠴᠠᠭᠠᠨ ᠤ ᠪᠥᠬᠦ ᠤᠯᠤᠰ ᠤᠨ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠳᠤ ᠣᠷᠣᠯᠴᠠᠭᠰᠠᠨ | ᠲᠥᠯᠥᠭᠡᠯᠡᠭᠴᠢᠳ ᠤᠨ ᠪᠦᠯᠬᠦᠮ ᠤᠨ ᠲᠤᠭ᠎ᠠ᠂ ᠠᠯᠲᠠᠨ ᠮᠧᠳᠠᠯ ᠱᠠᠩᠨᠠᠯ ᠤᠨ ᠮᠧᠳᠠᠯ ᠤᠨ ᠬᠠᠮᠤᠷᠤᠭᠰᠠᠨ ᠬᠡᠪᠴᠢᠶ᠎ᠡ | ᠶᠡᠭᠡ ᠪᠠᠷ ᠳᠡᠭᠡᠭᠰᠢᠯᠡᠪᠡ᠃ ᠠᠷᠪᠠᠨ ᠳᠥᠷᠪᠡᠳᠦᠭᠡᠷ ᠬᠤᠭᠤᠴᠠᠭᠠᠨ ᠤ ᠪᠥᠬᠦ ᠤᠯᠤᠰ ᠤᠨ ᠡᠪᠦᠯ ᠤᠨ ᠤᠯᠠᠷᠢᠯ ᠤᠨ | ᠲᠠᠮᠢᠷ ᠤᠨ ᠴᠤᠭᠯᠠᠭᠠᠨ ᠢ ᠡᠷᠬᠢᠯᠡᠬᠦ ᠪᠠᠷ ᠳᠠᠮᠵᠢᠨ᠂ ᠬᠢᠷᠢ ᠲᠦᠪᠰᠢᠨ ᠢ ᠰᠢᠯᠭᠠᠨ ᠪᠠᠶᠢᠴᠠᠭᠠᠬᠤ᠂ ᠡᠩᠨᠡᠭᠡ ᠪᠠᠨ ᠳᠠᠪᠲᠠᠨ | ᠪᠣᠯᠪᠠᠰᠤᠷᠠᠭᠤᠯᠬᠤ᠂ ᠰᠢᠨ᠎ᠡ ᠬᠥᠮᠥᠨ ᠢ ᠢᠯᠡᠷᠡᠭᠦᠯᠬᠦ ᠪᠠ ᠣᠯᠢᠮᠫᠢᠺ ᠤᠨ ᠲᠠᠮᠢᠷ ᠤᠨ ᠴᠤᠭᠯᠠᠭᠠᠨ ᠤ ᠲᠠᠮᠢᠷᠴᠢᠳ ᠢ | ᠪᠣᠯᠪᠠᠰᠤᠷᠠᠭᠤᠯᠬᠤ ᠵᠣᠷᠢᠯᠭ᠎ᠠ ᠳᠠᠭᠠᠨ ᠬᠦᠷᠴᠡᠢ ᠭᠡᠪᠡ᠃ | | | |