ᠬᠤᠲᠣᠩ ᠠᠷᠠᠳ ᠤᠨ ᠲᠣᠭᠤᠷᠢᠭ ᠤᠨ ᠪᠣᠯᠣᠳ ᠲᠡᠮᠦᠷ ᠵᠠᠮ ᠤᠨ ᠬᠡᠷᠡᠭ ᠡᠷᠬᠢᠯᠡᠬᠦ ᠭᠠᠵᠠᠷ ᠤᠨ ᠰᠢᠨᠬᠤᠸᠠ ᠶᠤᠸᠠᠨ ᠨᠡᠶᠢᠭᠡᠮ ᠲᠣᠭᠤᠷᠢᠭ ︽ᠦᠨᠳᠦᠰᠦᠨ ᠬᠠᠤᠯᠢ︾ ᠨᠢ ᠬᠤᠷᠢᠶᠠᠯᠠᠯ ᠳᠤ ᠣᠷᠣᠵᠤ᠂ ᠬᠠᠤᠯᠢ ᠪᠠᠷ ᠵᠠᠰᠠᠬᠤ ᠰᠣᠶᠣᠯ ᠠᠷᠠᠳ ᠤᠨ ᠰᠡᠳᠬᠢᠯ ᠢ ᠰᠢᠩᠭᠡᠭᠡᠬᠦ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/2/29
      ᠬᠤᠲᠣᠩ ᠠᠷᠠᠳ ᠤᠨ ᠲᠣᠭᠤᠷᠢᠭ ᠤᠨ ᠪᠣᠯᠣᠳ ᠲᠡᠮᠦᠷ ᠵᠠᠮ ᠤᠨ ᠬᠡᠷᠡᠭ ᠡᠷᠬᠢᠯᠡᠬᠦ ᠭᠠᠵᠠᠷ ᠤᠨ ᠰᠢᠨᠬᠤᠸᠠ ᠶᠤᠸᠠᠨ ᠨᠡᠶᠢᠭᠡᠮ ᠲᠣᠭᠤᠷᠢᠭ ᠤᠨ ᠬᠢᠨ ᠰᠢᠨ᠎ᠡ ᠴᠠᠭ ᠦᠶ᠎ᠡ ᠶᠢᠨ ︽ᠹᠧᠩᠴᠢᠶᠤᠤ ᠶᠢᠨ ᠲᠤᠷᠰᠢᠯᠭ᠎ᠠ︾ ᠶᠢ ᠪᠠᠷᠢᠮᠲᠠᠯᠠᠨ ᠬᠥᠭᠵᠢᠭᠦᠯᠵᠦ᠂ ᠰᠠᠭᠤᠭᠠᠯᠢ ᠠᠷᠠᠳ ᠲᠤ ᠦᠢᠯᠡᠴᠢᠯᠡᠬᠦ ᠪᠠᠷ ᠤᠳᠤᠷᠢᠳᠤᠮᠵᠢ ᠪᠣᠯᠭᠠᠨ᠂ ᠦᠢᠯᠡᠳᠦᠯᠭᠡ ᠶᠢᠨ ᠳᠤᠮᠳᠠ ᠰᠠᠭᠤᠭᠠᠯᠢ ᠠᠷᠠᠳ ᠲᠤ ᠦᠢᠯᠡᠴᠢᠯᠡᠬᠦ ᠰᠢᠨ᠎ᠡ ᠠᠷᠭ᠎ᠠ ᠶᠢ ᠰᠦᠪᠡᠭᠴᠢᠯᠡᠵᠦ᠂ ᠵᠥᠪ ᠴᠢᠭᠯᠡᠯ ᠢᠶᠠᠷ ᠬᠥᠲᠥᠯᠥᠨ ᠵᠢᠯᠤᠭᠤᠳᠬᠤ ᠶᠢ ᠴᠢᠩᠭᠠᠳᠬᠠᠵᠤ᠂ ᠦᠨᠳᠦᠰᠦᠨ ᠬᠠᠤᠯᠢ ᠪᠠᠷ ᠭᠤᠣᠯ ᠠᠭᠤᠯᠭ᠎ᠠ ᠪᠣᠯᠭᠠᠭᠰᠠᠨ ᠬᠠᠤᠯᠢ ᠴᠠᠭᠠᠵᠠ ᠶᠢ ᠲᠦᠭᠡᠮᠡᠯᠵᠢᠭᠦᠯᠬᠦ ᠤᠬᠠᠭᠤᠯᠭ᠎ᠠ ᠶᠢᠨ ᠠᠵᠢᠯᠯᠠᠭ᠎ᠠ ᠶᠢ ᠲᠠᠰᠤᠷᠠᠯᠲᠠ ᠦᠭᠡᠢ ᠴᠢᠩᠭᠠᠳᠬᠠᠵᠤ᠂ ᠰᠠᠭᠤᠭᠠᠯᠢ ᠠᠷᠠᠳ ᠲᠤ ᠦᠢᠯᠡᠴᠢᠯᠡᠬᠦ ᠳᠤᠮᠳᠠ ᠰᠠᠭᠤᠭᠠᠯᠢ ᠠᠷᠠᠳ ᠢ ᠰᠤᠷᠭᠠᠨ ᠬᠥᠮᠥᠵᠢᠭᠦᠯᠬᠦ ᠶᠢ ᠪᠡᠶᠡᠯᠡᠭᠦᠯᠵᠦ᠂ ᠰᠠᠭᠤᠭᠠᠯᠢ ᠠᠷᠠᠳ ᠤᠨ ᠳᠣᠲᠣᠭᠠᠳᠤ ᠰᠡᠳᠬᠢᠯ ᠳᠤ ᠬᠠᠤᠯᠢ ᠴᠠᠭᠠᠵᠠ ᠶᠢ ᠦᠨᠡᠨ ᠬᠦ ᠬᠦᠷᠢᠶᠡᠯᠡᠬᠦ ᠪᠠ ᠦᠨᠡᠨ ᠰᠡᠳᠬᠢᠯ ᠠᠴᠠ ᠪᠠᠨ ᠢᠳᠡᠭᠡᠨ ᠪᠢᠰᠢᠷᠡᠬᠦ ᠪᠣᠯᠭᠠᠨ᠎ᠠ᠃      ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ︽ᠦᠨᠳᠦᠰᠦᠨ ᠬᠠᠤᠯᠢ︾ ᠶᠢ ᠬᠡᠷᠡᠭᠵᠢᠭᠦᠯᠬᠦ
     ᠦᠨᠳᠦᠰᠦᠨ ᠬᠠᠤᠯᠢ ᠶᠢ ᠲᠦᠭᠡᠮᠡᠯᠵᠢᠭᠦᠯᠬᠦ ᠡᠩᠨᠡᠭᠡᠨ ᠤ ᠪᠠᠶᠢᠭᠤᠯᠤᠯᠲᠠ ᠶᠢ ᠤᠯᠠᠮ ᠨᠢᠭᠡ ᠠᠯᠬᠤᠮ ᠴᠢᠩᠭᠠᠳᠬᠠᠬᠤ ᠶᠢᠨ ᠲᠥᠯᠥᠭᠡ᠂ ︽ᠬᠠᠷᠢᠶ᠎ᠠ ᠣᠷᠣᠨ ᠤ ᠬᠠᠷᠢᠭᠤᠴᠠᠯᠭ᠎ᠠ︾ ᠶᠢ ᠴᠢᠩᠭᠠᠳᠬᠠᠵᠤ᠂ ᠰᠢᠨᠬᠤᠸᠠ ᠶᠤᠸᠠᠨ ᠨᠡᠶᠢᠭᠡᠮ ᠲᠣᠭᠤᠷᠢᠭ ᠤᠨ ᠬᠢᠨ ᠡᠯ᠎ᠡ ᠬᠤᠷᠢᠶᠠᠯᠠᠯ ᠳᠤ ᠠᠵᠢᠯ ᠠᠴᠠ ᠪᠠᠨ ᠠᠮᠠᠷᠠᠭᠰᠠᠨ ᠨᠠᠮ ᠤᠨ ᠭᠡᠰᠢᠭᠦᠨ᠂ ᠰᠠᠶᠢᠨ ᠳᠤᠷ᠎ᠠ ᠶᠢᠨ ᠠᠵᠢᠯᠯᠠᠭᠴᠢ᠂ ᠬᠠᠯᠠᠭᠤᠨ ᠰᠡᠳᠬᠢᠯᠲᠦ ᠰᠠᠭᠤᠭᠠᠯᠢ ᠠᠷᠠᠳ᠂ ᠨᠡᠶᠢᠭᠡᠮ ᠲᠣᠭᠤᠷᠢᠭ ᠤᠨ ᠬᠠᠤᠯᠢ ᠴᠠᠭᠠᠵᠠ ᠶᠢᠨ ᠣᠶᠢᠯᠠᠭᠠᠬᠤ ᠬᠥᠮᠥᠨ᠂ ᠨᠡᠶᠢᠭᠡᠮ ᠲᠣᠭᠤᠷᠢᠭ ᠤᠨ ᠠᠷᠠᠳ ᠤᠨ ᠴᠠᠭᠳᠠᠭ᠎ᠠ ᠵᠡᠷᠭᠡ ᠶᠢ ᠬᠠᠤᠯᠢ ᠴᠠᠭᠠᠵᠠ ᠶᠢᠨ ᠮᠡᠳᠡᠯᠭᠡ ᠶᠢ ᠲᠦᠭᠡᠮᠡᠯᠵᠢᠭᠦᠯᠬᠦ ᠤᠬᠠᠭᠤᠯᠭ᠎ᠠ ᠶᠢᠨ ᠰᠠᠶᠢᠨ ᠳᠤᠷ᠎ᠠ ᠶᠢᠨ ᠦᠢᠯᠡᠴᠢᠯᠡᠭᠡᠨ ᠤ ᠠᠩᠭᠢ ᠳᠤ ᠥᠷᠭᠡᠨ ᠢᠶᠠᠷ ᠣᠷᠣᠯᠴᠠᠭᠤᠯᠵᠤ᠂ ᠦᠨᠳᠦᠰᠦᠨ ᠬᠠᠤᠯᠢ ᠶᠢ ᠲᠦᠭᠡᠮᠡᠯᠵᠢᠭᠦᠯᠬᠦ ᠶᠡᠭᠡ ᠬᠢᠴᠢᠶᠡᠯ ᠤᠨ ᠲᠠᠩᠬᠢᠮ᠂ ᠬᠤᠷᠢᠶᠠᠯᠠᠯ ᠤᠨ ᠲᠣᠭᠤᠷᠢᠨ ᠪᠠᠶᠢᠴᠠᠭᠠᠬᠤ᠂ ᠡᠭᠦᠳᠡ ᠲᠣᠭᠰᠢᠬᠤ ᠠᠵᠢᠯᠯᠠᠭ᠎ᠠ᠂ ᠪᠣᠯᠪᠠᠰᠤᠨ ᠢᠶᠠᠷ ᠰᠠᠨᠠᠭᠠᠴᠢᠯᠠᠬᠤ ᠵᠡᠷᠭᠡ ᠠᠵᠢᠯᠯᠠᠭ᠎ᠠ ᠪᠠᠷ ᠳᠠᠮᠵᠢᠭᠤᠯᠵᠤ᠂ ᠰᠠᠭᠤᠭᠠᠯᠢ ᠠᠷᠠᠳ ᠤᠨ ᠦᠨᠳᠦᠰᠦᠨ ᠬᠠᠤᠯᠢ ᠶᠢᠨ ᠮᠡᠳᠡᠯᠭᠡ ᠶᠢᠨ ᠲᠤᠬᠠᠢ ᠣᠶᠢᠯᠠᠭᠠᠯᠲᠠ ᠶᠢ ᠳᠡᠭᠡᠭᠰᠢᠯᠡᠭᠦᠯᠵᠦ᠂ ᠦᠨᠳᠦᠰᠦᠨ ᠬᠠᠤᠯᠢ ᠶᠢᠨ ᠵᠣᠷᠢᠭ ᠰᠠᠨᠠᠭ᠎ᠠ ᠶᠢ ᠦᠨᠡᠨᠬᠦ ᠪᠠᠳᠠᠷᠠᠭᠤᠯᠵᠤ᠂ ᠦᠨᠳᠦᠰᠦᠨ ᠬᠠᠤᠯᠢ ᠶᠢᠨ ᠡᠷᠬᠡ ᠰᠦᠷ ᠢ ᠪᠤᠢ ᠪᠣᠯᠭᠠᠪᠠ᠃ ᠡᠭᠦᠨ ᠠᠴᠠ ᠭᠠᠳᠠᠨ᠎ᠠ᠂ ᠨᠡᠶᠢᠭᠡᠮ ᠲᠣᠭᠤᠷᠢᠭ ᠤᠨ ᠤᠷᠠᠨ ᠰᠠᠶᠢᠬᠠᠨ ᠤ ᠠᠩᠭᠢ ︽ᠰᠢᠨᠬᠤᠸᠠ ᠤᠰᠤᠨ ᠴᠡᠷᠢᠭ ᠤᠨ ᠪᠥᠵᠢᠭ ᠤᠨ ᠪᠦᠯᠬᠦᠮ︾ ᠢ ᠳᠠᠶᠢᠴᠢᠯᠠᠨ ᠤᠷᠠᠨ ᠰᠠᠶᠢᠬᠠᠨ ᠤ ᠲᠣᠭᠯᠠᠯᠲᠠ᠂ ᠭᠤᠷᠪᠠᠨ ᠥᠭᠦᠯᠡᠪᠦᠷᠢ ᠬᠠᠭᠠᠰ ᠵᠡᠷᠭᠡ ᠬᠡᠯᠪᠡᠷᠢ ᠪᠠᠷ ᠨᠡᠶᠢᠭᠡᠮ ᠲᠣᠭᠤᠷᠢᠭ ᠤᠨ ᠬᠠᠤᠯᠢ ᠲᠦᠭᠡᠮᠡᠯᠵᠢᠭᠦᠯᠬᠦ ᠰᠠᠶᠢᠨ ᠳᠤᠷ᠎ᠠ ᠶᠢᠨ ᠦᠢᠯᠡᠴᠢᠯᠡᠭᠡ ᠶᠢ ᠪᠠᠶᠢᠩᠭᠤᠵᠢᠭᠤᠯᠤᠨ ᠬᠥᠭᠵᠢᠭᠦᠯᠬᠦ ᠶᠢ ᠲᠦᠯᠬᠢᠨ ᠠᠬᠢᠭᠤᠯᠪᠠ᠃      ︽ᠦᠨᠳᠦᠰᠦᠨ ᠬᠠᠤᠯᠢ︾ ᠡᠬᠢᠯᠡᠬᠦ ᠪᠠᠷ ᠪᠠᠶᠢᠨ᠎ᠠ      2 ᠰᠠᠷ᠎ᠠ ᠶᠢᠨ 27 ᠤ ᠡᠳᠦᠷ᠂ ᠨᠡᠶᠢᠭᠡᠮ ᠲᠣᠭᠤᠷᠢᠭ ᠤᠨ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠤᠬᠠᠭᠤᠯᠭ᠎ᠠ ᠶᠢᠨ ᠰᠠᠶᠢᠨ ᠳᠤᠷ᠎ᠠ ᠶᠢᠨ ᠦᠢᠯᠡᠴᠢᠯᠡᠭᠡᠨ ᠤ ᠠᠩᠭᠢ ᠭᠤᠸᠠᠨ ᠹᠧᠩ ᠭᠡᠷ ᠲᠣᠭᠤᠷᠢᠭ ᠤᠨ ᠬᠤᠷᠢᠶᠠᠯᠠᠯ ᠳᠤ ᠬᠦᠷᠴᠦ᠂ ᠤᠬᠠᠭᠤᠯᠭ᠎ᠠ ᠶᠢᠨ ᠬᠠᠭᠤᠳᠠᠰᠤ ᠲᠠᠷᠬᠠᠭᠠᠬᠤ ᠪᠠ ᠲᠤᠬᠠᠢ ᠶᠢᠨ ᠲᠠᠯᠠᠪᠤᠷ ᠲᠤ ᠬᠠᠷᠢᠭᠤᠯᠲᠠ ᠥᠭᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠦᠨᠳᠦᠰᠦᠨ ᠬᠠᠤᠯᠢ ᠶᠢᠨ ᠰᠠᠶᠢᠨ ᠳᠤᠷ᠎ᠠ ᠶᠢᠨ ᠠᠵᠢᠯᠯᠠᠭᠴᠢᠳ ᠦᠨᠳᠦᠰᠦᠨ ᠬᠠᠤᠯᠢ ᠶᠢ ᠰᠤᠷᠤᠯᠴᠠᠬᠤ ᠶᠢᠨ ᠴᠢᠬᠤᠯᠠ ᠴᠢᠨᠠᠷ ᠤᠨ ᠲᠣᠭᠤᠷᠢᠨ ᠳᠤ ᠰᠠᠭᠤᠭᠠᠯᠢ ᠠᠷᠠᠳ ᠢ ᠬᠥᠲᠥᠯᠥᠨ ᠵᠢᠯᠤᠭᠤᠳᠴᠤ ᠪᠠᠶᠢᠭᠠᠳ ᠬᠠᠤᠯᠢ ᠪᠠᠷ ᠵᠠᠰᠠᠬᠤ ᠤᠬᠠᠮᠰᠠᠷ ᠢ ᠨᠢ ᠴᠢᠩᠭᠠᠳᠬᠠᠬᠤ ᠪᠠ ᠨᠡᠶᠢᠭᠡᠮ ᠤᠨ ᠲᠣᠭᠲᠠᠭᠤᠨ ᠪᠠᠶᠢᠳᠠᠯ ᠢ ᠡᠭᠦᠨ ᠤ ᠬᠠᠮᠲᠤ ᠦᠨᠳᠦᠰᠦᠨ ᠬᠠᠤᠯᠢ ᠶᠢᠨ ᠮᠡᠳᠡᠯᠭᠡ ᠶᠢ ᠲᠦᠭᠡᠮᠡᠯᠵᠢᠭᠦᠯᠬᠦ ᠭᠠᠵᠢᠭᠤ ᠨᠣᠮᠯᠠᠯ ᠢ ᠡᠰᠡᠷᠭᠦᠴᠡᠬᠦ᠂ ᠮᠡᠬᠡᠯᠡᠯ ᠢ ᠡᠰᠡᠷᠭᠦᠴᠡᠬᠦ ᠵᠡᠷᠭᠡ ᠰᠠᠭᠤᠭᠠᠯᠢ ᠠᠷᠠᠳ ᠤᠨ ᠠᠩᠬᠠᠷᠤᠯ ᠲᠠᠯᠪᠢᠵᠤ ᠪᠠᠶᠢᠭ᠎ᠠ ᠬᠠᠯᠠᠮᠰᠢᠯ ᠠᠰᠠᠭᠤᠳᠠᠯ ᠲᠠᠢ ᠤᠶᠠᠯᠳᠤᠭᠤᠯᠵᠤ᠂ ᠬᠡᠷᠡᠭ ᠤᠨ ᠵᠢᠱᠢᠶ᠎ᠡ ᠶᠢᠨ ᠦᠯᠢᠭᠡᠷ ᠢ ᠡᠰᠢᠯᠡᠨ ᠬᠡᠷᠡᠭᠯᠡᠵᠦ᠂ ᠰᠠᠭᠤᠭᠠᠯᠢ ᠠᠷᠠᠳ ᠲᠤ ᠦᠨᠳᠦᠰᠦᠨ ᠬᠠᠤᠯᠢ ᠶᠢᠨ ᠬᠦᠴᠦᠨ ᠴᠢᠳᠠᠯ ᠪᠠ ᠦᠨ᠎ᠡ ᠦᠷᠳᠡᠭ ᠢ ᠭᠦᠨᠵᠡᠭᠡᠢ ᠮᠡᠳᠡᠷᠡᠭᠦᠯᠪᠡ᠃
     ︽ᠦᠨᠳᠦᠰᠦᠨ ᠬᠠᠤᠯᠢ︾ ᠶᠢᠨ ᠰᠠᠭᠤᠭᠠᠯᠢ ᠠᠷᠠᠳ ᠤᠨ ᠵᠣᠯ ᠵᠢᠷᠭᠠᠯ ᠤᠨ ᠬᠡᠮᠵᠢᠶ᠎ᠡ ᠶᠢ ᠳᠡᠭᠡᠭᠰᠢᠯᠡᠭᠦᠯᠦᠨ᠎ᠡ      ᠰᠢᠨᠬᠤᠸᠠ ᠶᠤᠸᠠᠨ ᠨᠡᠶᠢᠭᠡᠮ ᠲᠣᠭᠤᠷᠢᠭ ᠤᠨ ᠬᠢᠨ ᠬᠠᠷᠢᠶ᠎ᠠ ᠣᠷᠣᠨ ᠤ ᠪᠠᠨ ᠪᠣᠳᠠᠲᠤ ᠪᠠᠶᠢᠳᠠᠯ ᠲᠠᠢ ᠤᠶᠠᠯᠳᠤᠭᠤᠯᠵᠤ᠂ ᠦᠨᠳᠦᠰᠦᠨ ᠬᠠᠤᠯᠢ ᠶᠢ ᠲᠦᠭᠡᠮᠡᠯᠵᠢᠭᠦᠯᠬᠦ ᠠᠵᠢᠯ ᠢ ᠨᠡᠶᠢᠭᠡᠮ ᠲᠣᠭᠤᠷᠢᠭ ᠤᠨ ᠡᠯ᠎ᠡ ᠵᠦᠢᠯ ᠤᠨ ᠭᠤᠣᠯ ᠠᠵᠢᠯ ᠲᠠᠢ ᠤᠶᠠᠯᠳᠤᠭᠤᠯᠵᠤ᠂ ᠦᠨᠳᠦᠰᠦᠨ ᠬᠠᠤᠯᠢ ᠶᠢᠨ ᠤᠬᠠᠭᠤᠯᠭ᠎ᠠ ᠪᠠᠷ ᠭᠤᠣᠯ ᠪᠣᠯᠭᠠᠭᠰᠠᠨ᠂ ᠨᠡᠶᠢᠭᠡᠮ ᠲᠣᠭᠤᠷᠢᠭ ᠤᠨ ᠠᠷᠠᠳ ᠤᠨ ᠠᠮᠢᠳᠤᠷᠠᠯ ᠲᠠᠢ ᠨᠢᠭᠲᠠ ᠤᠶᠠᠯᠳᠤᠭᠤᠯᠤᠭᠰᠠᠨ ᠦᠨᠳᠦᠰᠦᠨ ᠱᠠᠲᠤᠨ ᠤ ᠵᠠᠰᠠᠯᠲᠠ ᠶᠢᠨ ᠰᠢᠨ᠎ᠡ ᠵᠠᠭᠪᠤᠷ ᠢ ᠪᠦᠷᠢᠯᠳᠦᠭᠦᠯᠵᠦ᠂ ᠭᠤᠣᠯᠳᠠᠭᠤ ᠵᠥᠷᠢᠴᠡᠯ ᠵᠠᠭᠤᠷᠠᠯᠳᠤᠭᠠᠨ ᠢ ᠡᠶᠡᠳᠡᠭᠦᠯᠬᠦ᠂ ᠭᠠᠵᠢᠭᠤ ᠨᠣᠮᠯᠠᠯ ᠤᠨ ᠨᠡᠷᠪᠡᠯᠲᠡ ᠶᠢ ᠬᠤᠷᠢᠭᠯᠠᠬᠤ᠂ ᠹᠧᠣᠳᠠᠯ ᠤᠨ ᠮᠤᠬᠤᠷ ᠪᠢᠰᠢᠷᠡᠯ ᠢ ᠡᠰᠡᠷᠭᠦᠴᠡᠬᠦ᠂ ᠴᠠᠬᠢᠯᠭᠠᠨ ᠬᠤᠯᠪᠣᠭ᠎ᠠ ᠪᠠᠷ ᠮᠡᠬᠡᠯᠡᠬᠦ ᠶᠢ ᠰᠡᠷᠭᠡᠶᠢᠯᠡᠬᠦ ᠵᠡᠷᠭᠡ ᠶᠢ ᠪᠠᠭᠲᠠᠭᠠᠵᠤ᠂ ᠡᠳᠦᠷ ᠲᠤᠳᠤᠮ ᠤᠨ ᠠᠵᠢᠯ ᠳᠤ ᠠᠭᠤᠰᠤᠯᠴᠠᠭᠤᠯᠵᠤ᠂ ᠪᠠᠶᠢᠩᠭᠤ ᠠᠳᠬᠤᠬᠤ ᠶᠢ ᠦᠨᠡᠨᠬᠦ ᠪᠡᠶᠡᠯᠡᠭᠦᠯᠬᠦ ᠬᠡᠷᠡᠭᠲᠡᠢ᠃ ᠡᠭᠦᠨ ᠤ ᠵᠡᠷᠭᠡ ᠳᠤ ᠭᠤᠣᠯᠳᠠᠯᠭ᠎ᠠ ᠲᠠᠢ ᠲᠠᠯᠠᠪᠤᠷ ᠭᠠᠵᠠᠷ ᠢ ᠴᠢᠩᠭ᠎ᠠ ᠠᠩᠬᠠᠷᠴᠤ᠂ ᠭᠤᠣᠯᠳᠠᠯᠭ᠎ᠠ ᠲᠠᠢ ᠡᠲᠡᠭᠡᠳ ᠲᠤ ᠴᠢᠭᠯᠡᠭᠦᠯᠦᠨ ᠨᠠᠷᠢᠯᠢᠭ ᠣᠨᠣᠴᠠᠲᠠᠢ ᠪᠠᠷ ᠣᠶᠢᠯᠠᠭᠠᠨ ᠵᠢᠭᠰᠠᠭᠠᠬᠤ ᠠᠵᠢᠯ ᠢ ᠥᠷᠨᠢᠭᠦᠯᠵᠦ᠂ ︽ᠭᠤᠣᠯᠳᠠᠯᠭ᠎ᠠ ᠲᠠᠢ ᠲᠦᠭᠡᠮᠡᠯ+ᠴᠠᠭ ᠲᠤᠬᠠᠢ ᠳᠤᠨᠢ ᠲᠦᠭᠡᠮᠡᠯ ᠪᠠᠶᠢᠯᠭᠠᠬᠤ︾ ᠵᠠᠭᠪᠤᠷ ᠢ ᠬᠡᠷᠡᠭᠯᠡᠨ᠂ ᠰᠠᠭᠤᠭᠠᠯᠢ ᠠᠷᠠᠳ ᠤᠨ ᠠᠵᠢᠯ ᠶᠠᠪᠤᠳᠠᠯ ᠭᠦᠢᠴᠡᠳᠬᠡᠬᠦ ᠳᠡᠭᠡᠨ ᠬᠠᠤᠯᠢ ᠶᠣᠰᠣᠭᠠᠷ᠂ ᠤᠴᠢᠷ ᠶᠠᠪᠤᠳᠠᠯ ᠲᠣᠬᠢᠶᠠᠯᠳᠤᠪᠠᠯ ᠬᠠᠤᠯᠢ ᠡᠷᠢᠬᠦ᠂ ᠵᠥᠷᠢᠴᠡᠯ ᠢ ᠠᠷᠢᠯᠭᠠᠬᠤ ᠳᠤ ᠬᠠᠤᠯᠢ ᠳᠤ ᠲᠦᠰᠢᠭᠯᠡᠬᠦ ᠬᠠᠤᠯᠢ ᠪᠠᠷ ᠵᠠᠰᠠᠬᠤ ᠤᠬᠠᠮᠰᠠᠷ ᠢ ᠤᠯᠠᠮ ᠨᠢᠭᠡ ᠠᠯᠬᠤᠮ ᠴᠢᠩᠭᠠᠳᠬᠠᠵᠤ᠂ ᠪᠣᠯᠪᠠᠰᠤᠨ ᠡᠶ᠎ᠡ ᠵᠣᠬᠢᠴᠠᠯ ᠲᠠᠢ ᠨᠡᠶᠢᠭᠡᠮ ᠤᠨ ᠠᠭᠤᠷ ᠠᠮᠢᠰᠬᠤᠯ ᠢ ᠪᠣᠶ ᠪᠣᠯᠭᠠᠵᠤ᠂ ᠰᠠᠭᠤᠭᠠᠯᠢ ᠠᠷᠠᠳ ᠤᠨ ᠵᠣᠯ ᠵᠢᠷᠭᠠᠯ ᠤᠨ ᠵᠢᠭᠠᠯᠲᠠ ᠲᠤᠭ᠎ᠠ ᠶᠢ ᠳᠡᠭᠡᠭᠰᠢᠯᠡᠭᠦᠯᠦᠨ᠎ᠡ᠃
     ᠳᠠᠷᠠᠭᠠᠴᠢ ᠶᠢᠨ ᠠᠯᠬᠤᠮ ᠳᠤ᠂ ᠰᠢᠨᠬᠤᠸᠠ ᠶᠤᠸᠠᠨ ᠨᠡᠶᠢᠭᠡᠮ ᠲᠣᠭᠤᠷᠢᠭ ᠤᠨ ᠬᠢᠨ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠡᠩᠨᠡᠭᠡ ᠶᠢᠨ ᠪᠠᠶᠢᠭᠤᠯᠤᠯᠲᠠ ᠶᠢ ᠦᠷᠭᠦᠯᠵᠢᠯᠡᠨ ᠴᠢᠩᠭᠠᠳᠬᠠᠵᠤ᠂ ᠬᠠᠷᠢᠶ᠎ᠠ ᠲᠣᠭᠤᠷᠢᠭ ᠤᠨ ᠰᠠᠭᠤᠭᠠᠯᠢ ᠠᠷᠠᠳ ᠤᠨ ᠢᠳᠡᠪᠬᠢᠵᠢᠯ᠂ ᠰᠠᠨᠠᠭᠠᠴᠢᠯᠠᠭᠠᠲᠤ ᠴᠢᠨᠠᠷ ᠪᠣᠯᠣᠨ ᠪᠦᠲᠦᠭᠡᠯᠴᠢ ᠴᠢᠨᠠᠷ ᠢ ᠭᠦᠢᠴᠡᠳ ᠬᠥᠭᠵᠢᠭᠡᠵᠦ᠂ ᠦᠨᠳᠦᠰᠦᠨ ᠱᠠᠲᠤᠨ ᠤ ᠵᠠᠰᠠᠯᠲᠠ ᠳᠤ ᠣᠷᠣᠯᠴᠠᠬᠤ ᠭᠤᠣᠯ ᠴᠣᠭᠴᠠ ᠶᠢᠨ ᠬᠡᠪᠴᠢᠶ᠎ᠡ ᠶᠢ ᠥᠷᠭᠡᠳᠬᠡᠵᠦ᠂ ᠨᠡᠶᠢᠭᠡᠮ ᠲᠣᠭᠤᠷᠢᠭ ᠤᠨ ᠵᠠᠰᠠᠯᠲᠠ ᠳᠤ ᠬᠥᠮᠥᠨ ᠪᠦᠬᠦᠨ ᠣᠷᠣᠯᠴᠠᠵᠤ᠂ ᠬᠥᠮᠥᠨ ᠪᠦᠬᠦᠨ ᠬᠠᠷᠢᠭᠤᠴᠠᠯᠭ᠎ᠠ ᠪᠠᠨ ᠭᠦᠢᠴᠡᠳᠬᠡᠬᠦ ᠰᠠᠶᠢᠨ ᠰᠠᠶᠢᠬᠠᠨ ᠪᠠᠶᠢᠳᠠᠯ ᠢ ᠪᠦᠷᠢᠯᠳᠦᠭᠦᠯᠵᠦ᠂ ᠤᠨᠢᠨ ᠳᠡᠭᠡᠷ᠎ᠡ ᠨᠢ ᠥᠨᠳᠥᠷ ᠪᠦᠲᠦᠮᠵᠢᠲᠡᠢ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠪᠠᠷ ᠨᠡᠩ ᠥᠨᠳᠥᠷ ᠲᠦᠪᠰᠢᠨ ᠪᠦᠬᠦᠢ ᠡᠶ᠎ᠡ ᠵᠣᠬᠢᠴᠠᠩᠭᠤᠢ ᠨᠡᠶᠢᠭᠡᠮ ᠲᠣᠭᠤᠷᠢᠭ ᠤᠨ ᠪᠠᠶᠢᠭᠤᠯᠤᠯᠲᠠ ᠶᠢ ᠠᠬᠢᠭᠤᠯᠬᠤ ᠪᠣᠯᠣᠨ᠎ᠠ᠃      ᠢᠷᠡᠯᠲᠡ᠄ ᠬᠤᠲᠣᠩ ᠠᠷᠠᠳ ᠤᠨ ᠲᠣᠭᠤᠷᠢᠭ ᠤᠨ ᠵᠠᠰᠠᠭ ᠤᠨ ᠣᠷᠳᠣᠨ ᠤ ᠠᠯᠪᠠᠨ ᠰᠦᠯᠵᠢᠶ᠎ᠡ
 
ᠢᠷᠡᠯᠲᠡ᠄ ᠬᠤᠲᠤᠩ ᠠᠷᠠᠳ ᠤᠨ ᠲᠣᠭᠤᠷᠢᠭ ᠤᠨ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000611号-1号