ᠬᠤᠲᠣᠩ ᠠᠷᠠᠳ ᠤᠨ ᠲᠣᠭᠤᠷᠢᠭ ᠰᠤᠷᠭᠠᠭᠤᠯᠢ ᠶᠢᠨ ᠬᠦᠷᠢᠶ᠎ᠡ ᠵᠢᠴᠢ ᠡᠷᠬᠢᠨ ᠲᠣᠭᠤᠷᠢᠨ ᠤ ᠲᠤᠰᠬᠠᠢ ᠪᠠᠶᠢᠴᠠᠭᠠᠯᠲᠠ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/2/29
      ᠰᠢᠨ᠎ᠡ ᠰᠤᠷᠤᠯᠭ᠎ᠠ ᠶᠢᠨ ᠬᠤᠭᠤᠴᠠᠭ᠎ᠠ ᠡᠬᠢᠯᠡᠮᠡᠭᠴᠡ᠂ ᠰᠤᠷᠭᠠᠭᠤᠯᠢ ᠶᠢᠨ ᠬᠦᠷᠢᠶ᠎ᠡ ᠵᠢᠴᠢ ᠡᠷᠬᠢᠨ ᠲᠣᠭᠤᠷᠢᠨ ᠤ ᠠᠮᠤᠷ ᠲᠦᠪᠰᠢᠨ ᠢ ᠪᠥᠬᠦ ᠬᠦᠴᠦᠨ ᠢᠶᠠᠷ ᠢᠶᠠᠨ ᠪᠠᠲᠤᠯᠠᠵᠤ᠂ ᠰᠤᠷᠭᠠᠭᠤᠯᠢ ᠶᠢᠨ ᠬᠦᠷᠢᠶᠡᠨ ᠤ ᠡᠷᠬᠢᠨ ᠲᠣᠭᠤᠷᠢᠨ ᠤ ᠵᠠᠬ᠎ᠠ ᠳᠡᠯᠭᠡᠭᠦᠷ᠂ ᠰᠣᠶᠣᠯ᠂ ᠡᠷᠡᠭᠦᠯ ᠬᠠᠮᠠᠭᠠᠯᠠᠯ᠂ ᠠᠮᠤᠷ ᠲᠦᠪᠰᠢᠨ ᠤ ᠣᠷᠴᠢᠨ ᠲᠣᠭᠤᠷᠢᠨ ᠢ ᠴᠡᠪᠡᠷᠰᠢᠭᠦᠯᠬᠦ ᠶᠢᠨ ᠲᠥᠯᠥᠭᠡ᠂ ᠰᠤᠷᠭᠠᠭᠤᠯᠢ ᠡᠬᠢᠯᠡᠭᠰᠡᠨ ᠨᠢᠭᠡᠳᠦᠭᠡᠷ ᠭᠠᠷᠠᠭ ᠲᠤ᠂ ᠬᠤᠲᠣᠩ ᠠᠷᠠᠳ ᠤᠨ ᠲᠣᠭᠤᠷᠢᠭ ᠤᠨ ᠨᠠᠮ ᠤᠨ ᠬᠤᠷᠢᠶ᠎ᠠ ᠶᠢᠨ ᠤᠯᠤᠰ ᠲᠥᠷᠥ ᠬᠠᠤᠯᠢ ᠴᠠᠭᠠᠵᠠ ᠶᠢᠨ ᠵᠥᠪᠯᠡᠯ ᠤᠨ ᠬᠠᠮᠲᠤᠷᠠᠭᠰᠠᠨ ᠲᠣᠭᠤᠷᠢᠭ ᠤᠨ ᠵᠠᠬ᠎ᠠ ᠳᠡᠯᠭᠡᠭᠦᠷ ᠤᠨ ᠲᠣᠪᠴᠢᠶ᠎ᠠ᠂ ᠬᠤᠲᠠ ᠶᠢᠨ ᠬᠠᠮᠢᠶᠠᠷᠤᠯᠲᠠ ᠶᠢᠨ ᠲᠣᠪᠴᠢᠶ᠎ᠠ᠂ ᠰᠤᠷᠭᠠᠨ ᠬᠥᠮᠦᠵᠢᠯ ᠤᠨ ᠲᠣᠪᠴᠢᠶ᠎ᠠ᠂ ᠨᠠᠪᠴᠢᠨ ᠲᠠᠮᠠᠬᠢ ᠶᠢᠨ ᠲᠣᠪᠴᠢᠶ᠎ᠠ᠂ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠶᠡᠭᠡ ᠠᠩᠭᠢ ᠰᠤᠷᠭᠠᠭᠤᠯᠢ ᠶᠢᠨ ᠬᠦᠷᠢᠶ᠎ᠡ ᠵᠢᠴᠢ ᠡᠷᠬᠢᠨ ᠲᠣᠭᠤᠷᠢᠨ ᠤ ᠠᠮᠤᠷ ᠲᠦᠪᠰᠢᠨ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠲᠤᠰᠬᠠᠢ ᠠᠵᠢᠯᠯᠠᠭ᠎ᠠ ᠥᠷᠨᠢᠭᠦᠯᠪᠡ᠃
     ᠲᠤᠰᠬᠠᠢ ᠠᠵᠢᠯᠯᠠᠭᠠᠨ ᠤ ᠳᠤᠭᠤᠶᠢᠯᠠᠩ ᠤᠨ ᠬᠢᠨ ᠰᠤᠷᠭᠠᠭᠤᠯᠢ ᠶᠢᠨ ᠬᠦᠷᠢᠶᠡᠨ ᠤ ᠡᠷᠭᠢᠨ ᠲᠣᠭᠤᠷᠢᠨ ᠤ ᠬᠠᠤᠯᠢ ᠪᠤᠰᠤ ᠡᠵᠡᠩᠨᠡᠯᠲᠡ ᠶᠢᠨ ᠠᠵᠢᠯᠯᠠᠭ᠎ᠠ ᠬᠢᠵᠦ ᠪᠠᠶᠢᠭ᠎ᠠ ᠲᠡᠨᠦᠭᠦᠯ ᠬᠤᠳᠠᠯᠳᠤᠭᠠᠴᠢᠨ ᠪᠠ ᠦᠨᠡᠮᠯᠡᠯ ᠦᠭᠡᠢ ᠳᠡᠯᠭᠡᠭᠦᠷ᠂ ︽ᠭᠤᠷᠪᠠ ᠦᠭᠡᠢ ᠢᠳᠡᠭᠡᠨ︾ ᠢ ᠡᠵᠡᠩᠨᠡᠨ ᠬᠤᠳᠠᠯᠳᠤᠭᠰᠠᠨ᠂ ᠬᠠᠤᠯᠢ ᠪᠤᠰᠤ ᠬᠡᠪᠯᠡᠭᠳᠡᠬᠦᠨ ᠢ ᠪᠣᠷᠣᠯᠠᠭᠤᠯᠤᠭᠰᠠᠨ ᠵᠡᠷᠭᠡ ᠪᠠᠶᠢᠳᠠᠯ ᠢ ᠲᠥᠪᠯᠡᠷᠡᠭᠦᠯᠦᠨ ᠪᠠᠶᠢᠴᠠᠭᠠᠨ ᠰᠢᠢᠳᠪᠦᠷᠢᠯᠡᠵᠡᠢ᠃ ᠰᠤᠷᠭᠠᠭᠤᠯᠢ ᠶᠢᠨ ᠬᠦᠷᠢᠶᠡᠨ ᠤ ᠡᠷᠬᠢᠨ ᠲᠣᠭᠤᠷᠢᠨ ᠤ ᠲᠠᠮᠠᠬᠢ᠂ ᠠᠷᠢᠬᠢ ᠪᠣᠷᠣᠯᠠᠭᠤᠯᠬᠤ ᠠᠵᠢᠯᠯᠠᠭ᠎ᠠ ᠵᠢᠴᠢ ᠠᠷᠢᠬᠢ ᠲᠠᠮᠠᠬᠢ ᠬᠤᠳᠠᠯᠳᠤᠬᠤ ᠶᠢ ᠴᠠᠭᠠᠵᠠᠯᠠᠬᠤ ᠲᠡᠮᠳᠡᠭ ᠢ ᠵᠢᠷᠤᠮᠵᠢᠯ ᠲᠠᠢ ᠨᠠᠭᠠᠭᠰᠠᠨ ᠡᠰᠡᠬᠦ ᠵᠡᠷᠭᠡ ᠠᠰᠠᠭᠤᠳᠠᠯ ᠢ ᠵᠢᠭᠰᠠᠭᠠᠨ ᠪᠠᠶᠢᠴᠠᠭᠠᠵᠤ ᠰᠤᠷᠪᠤᠯᠵᠢᠯᠠᠵᠤ᠂ ᠬᠠᠤᠯᠢ ᠪᠤᠰᠤ ᠪᠠᠷ ᠡᠵᠡᠩᠨᠡᠭᠰᠡᠨ ᠲᠡᠷᠭᠡ ᠬᠥᠰᠬᠡ ᠶᠢᠨ ᠰᠣᠷᠣᠭᠴᠢ ᠶᠢ ᠲᠤᠰᠴᠤ ᠬᠦᠷᠭᠡᠭᠰᠡᠨ ᠪᠠᠶᠢᠳᠠᠯ ᠢ ᠲᠥᠪᠯᠡᠷᠡᠭᠦᠯᠦᠨ ᠵᠢᠭᠰᠠᠭᠠᠨ ᠪᠠᠶᠢᠴᠠᠭᠠᠭᠰᠠᠨ ᠪᠥᠭᠡᠳ ᠰᠤᠷᠭᠠᠭᠤᠯᠢ ᠶᠢᠨ ᠲᠠᠯ᠎ᠠ ᠶᠢᠨ  ᠬᠢᠨ ᠲᠠᠢ ᠠᠮᠤᠷ ᠲᠦᠪᠰᠢᠨ ᠤ ᠬᠠᠷᠢᠭᠤᠴᠠᠯᠭ᠎ᠠ ᠶᠢᠨ ᠪᠢᠴᠢᠭ ᠲᠤ ᠭᠠᠷ ᠤᠨ ᠥᠰᠥᠭ ᠵᠢᠷᠤᠪᠠ᠃ ᠲᠤᠰᠬᠠᠢ ᠠᠵᠢᠯᠯᠠᠭ᠎ᠠ ᠨᠢ ᠰᠠᠯᠠᠭ᠎ᠠ ᠮᠥᠴᠢᠷ ᠤᠨ ᠠᠵᠢᠯ ᠤᠨ ᠨᠡᠶᠢᠯᠡᠮᠡᠯ ᠬᠦᠴᠦᠨ ᠢ ᠳᠡᠭᠡᠭᠰᠢᠯᠡᠭᠦᠯᠵᠦ᠂ ᠰᠠᠯᠠᠭ᠎ᠠ ᠮᠥᠴᠢᠷ ᠤᠨ ᠰᠣᠯᠪᠢᠴᠠᠬᠤ ᠠᠰᠠᠭᠤᠳᠠᠯ ᠪᠠ ᠬᠠᠮᠢᠶᠠᠷᠤᠯᠲᠠ ᠠᠴᠠ ᠭᠤᠭᠤᠵᠢᠭᠳᠠᠬᠤ ᠠᠰᠠᠭᠤᠳᠠᠯ ᠭᠠᠷᠬᠤ ᠠᠴᠠ ᠪᠦᠲᠦᠮᠵᠢᠲᠡᠶ ᠪᠠᠷ ᠵᠠᠶᠢᠯᠠᠰᠬᠢᠵᠦ᠂ ᠰᠤᠷᠭᠠᠭᠤᠯᠢ ᠶᠢᠨ ᠬᠦᠷᠢᠶᠡᠨ ᠤ ᠡᠷᠭᠢᠨ ᠲᠣᠭᠤᠷᠢᠨ ᠤ ᠣᠷᠴᠢᠨ ᠠᠬᠤᠢ ᠶᠢ ᠴᠡᠭᠴᠡᠯᠡᠨ ᠵᠠᠰᠠᠬᠤ ᠠᠵᠢᠯ ᠤᠨ ᠪᠣᠳᠠᠲᠤ ᠦᠷ᠎ᠡ ᠪᠦᠲᠦᠮᠵᠢ ᠣᠯᠬᠤ ᠶᠢ ᠦᠨᠡᠨᠬᠦ ᠪᠠᠲᠤᠯᠠᠭᠰᠠᠨ ᠪᠠᠶᠢᠨ᠎ᠠ᠃
      ᠬᠤᠲᠣᠩ ᠠᠷᠠᠳ ᠤᠨ ᠲᠣᠭᠤᠷᠢᠭ ᠤᠨ ᠬᠢᠨ ᠨᠠᠰᠤᠨ ᠳᠤ ᠥᠯᠥ ᠬᠦᠷᠦᠭᠰᠡᠳ ᠤᠨ ᠬᠠᠤᠯᠢ ᠶᠣᠰᠣᠨ ᠤ ᠡᠷᠬᠡ ᠠᠰᠢᠭ ᠢ ᠦᠨᠡᠨᠬᠦ ᠬᠠᠮᠠᠭᠠᠯᠠᠵᠤ᠂ ᠨᠠᠰᠤᠨ ᠳᠤ ᠥᠯᠥ ᠬᠦᠷᠦᠭᠰᠡᠳ ᠤᠨ ᠡᠷᠡᠭᠦᠯ ᠢᠶᠠᠷ ᠦᠰᠦᠨ ᠪᠣᠶᠢᠵᠢᠬᠤ ᠶᠢ ᠬᠠᠮᠠᠭᠠᠯᠠᠬᠤ ᠶᠢᠨ ᠲᠥᠯᠥᠭᠡ᠂ ᠠᠵᠢᠯᠯᠠᠬᠤ ᠠᠷᠭ᠎ᠠ ᠶᠢᠨ ᠲᠠᠯ᠎ᠠ ᠪᠠᠷ ᠲᠠᠰᠤᠷᠠᠯᠲᠠ ᠦᠭᠡᠢ ᠰᠢᠨ᠎ᠡ ᠶᠢ ᠡᠭᠦᠳᠦᠨ ᠠᠵᠢᠯᠯᠠᠬᠤ ᠲᠣᠭᠲᠠᠴᠠ ᠪᠠᠨ ᠲᠡᠭᠦᠯᠳᠡᠷᠵᠢᠭᠦᠯᠵᠦ᠂ ᠰᠤᠷᠤᠯᠭ᠎ᠠ ᠶᠢᠨ ᠬᠤᠭᠤᠴᠠᠭ᠎ᠠ ᠪᠦᠷᠢ ᠶᠢᠨ ᠰᠤᠷᠭᠠᠭᠤᠯᠢ ᠡᠬᠢᠯᠡᠬᠦ ᠠᠴᠠ ᠡᠮᠦᠨ᠎ᠡ ᠰᠤᠷᠭᠠᠭᠤᠯᠢ ᠶᠢᠨ ᠬᠦᠷᠢᠶ᠎ᠡ ᠵᠢᠴᠢ ᠡᠷᠭᠢᠨ ᠲᠣᠭᠤᠷᠢᠨ ᠳᠤ ᠲᠥᠪᠯᠡᠷᠡᠩᠭᠦᠢ ᠲᠤᠰᠬᠠᠢ ᠲᠥᠷᠥᠯ ᠤᠨ ᠪᠠᠶᠢᠴᠠᠭᠠᠯᠲᠠ ᠬᠢᠵᠦ᠂ ᠰᠤᠷᠤᠯᠭ᠎ᠠ ᠶᠢᠨ ᠬᠤᠭᠤᠴᠠᠭᠠᠨ ᠳᠤ ᠲᠣᠭᠲᠠᠮᠠᠯ ᠪᠤᠰᠤ ᠬᠤᠭᠤᠴᠠᠭ᠎ᠠ ᠲᠠᠢ ᠪᠠᠷ ᠰᠤᠭᠤᠴᠢᠨ ᠪᠠᠶᠢᠴᠠᠭᠠᠯᠲᠠ ᠬᠢᠵᠦ᠂ ᠰᠤᠷᠭᠠᠭᠤᠯᠢ ᠶᠢᠨ ᠬᠦᠷᠢᠶ᠎ᠡ ᠵᠢᠴᠢ ᠡᠷᠭᠢᠨ ᠲᠣᠭᠤᠷᠢᠨ ᠤ ᠬᠡᠳᠦᠨ ᠵᠢᠯ ᠤᠨ ᠦᠷᠭᠦᠯᠵᠢᠯᠡᠭᠰᠡᠨ ᠭᠦᠨᠵᠡᠭᠡᠢ ᠠᠵᠢᠯᠯᠠᠭ᠎ᠠ ᠪᠠᠷ ᠳᠡᠮᠵᠢᠨ᠂ ᠬᠠᠷᠢᠶᠠᠲᠤ ᠣᠷᠣᠨ ᠤ ᠡᠯ᠎ᠡ ᠰᠤᠷᠭᠠᠭᠤᠯᠢ ᠶᠢᠨ ᠬᠦᠷᠢᠶᠡᠨ ᠤ ᠡᠷᠬᠢᠨ ᠲᠣᠭᠤᠷᠢᠨ ᠳᠤ ᠣᠯᠠᠨ ᠲᠠᠯ᠎ᠠ ᠶᠢᠨ ᠬᠠᠮᠢᠶᠠᠷᠤᠯᠲᠠ ᠶᠢ ᠵᠡᠷᠭᠡ ᠪᠠᠷ ᠬᠡᠷᠡᠭᠵᠢᠭᠦᠯᠬᠦ᠂ ᠵᠡᠷᠭᠡ ᠪᠠᠷ ᠠᠳᠬᠤᠨ ᠬᠠᠮᠲᠤ ᠪᠠᠷ ᠬᠠᠮᠢᠶᠠᠷᠬᠤ᠂ ᠣᠯᠠᠨ ᠢᠶᠠᠷ ᠢᠶᠠᠨ ᠰᠡᠷᠭᠡᠶᠢᠯᠡᠵᠦ ᠣᠯᠠᠨ ᠢᠶᠠᠷ ᠢᠶᠠᠨ ᠵᠠᠰᠠᠬᠤ ᠰᠠᠶᠢᠨ ᠰᠠᠶᠢᠬᠠᠨ ᠪᠠᠶᠢᠳᠠᠯ ᠢ ᠪᠣᠶ ᠪᠣᠯᠭᠠᠵᠤ᠂ ᠳᠤᠮᠳᠠᠳᠤ ᠪᠠᠭ᠎ᠠ ᠰᠤᠷᠭᠠᠭᠤᠯᠢ ᠵᠢᠴᠢ ᠡᠷᠬᠢᠨ ᠲᠣᠭᠤᠷᠢᠨ ᠤ ᠣᠷᠴᠢᠨ ᠲᠣᠭᠤᠷᠢᠨ ᠢ ᠪᠦᠲᠦᠮᠵᠢᠲᠡᠶ ᠳᠡᠭᠡᠭᠰᠢᠯᠡᠭᠦᠯᠦᠨ ᠰᠠᠶᠢᠵᠢᠷᠠᠭᠤᠯᠵᠤ᠂ ᠨᠠᠰᠤᠨ ᠳᠤ ᠥᠯᠥ ᠭᠦᠷᠦᠭᠰᠡᠳ ᠤᠨ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠪᠠ᠃ ᠳᠠᠷᠠᠭᠠᠴᠢ ᠶᠢᠨ ᠠᠯᠬᠤᠮ ᠳᠤ᠂ ᠬᠤᠲᠣᠩ ᠠᠷᠠᠳ ᠤᠨ ᠲᠣᠭᠤᠷᠢᠭ ᠤᠨ ᠬᠢᠨ ᠰᠢᠨ᠎ᠡ ᠶᠢ ᠡᠭᠦᠳᠬᠦ ᠤᠬᠠᠮᠰᠠᠷ ᠢᠶᠠᠨ ᠦᠷᠭᠦᠯᠵᠢᠯᠡᠨ ᠴᠢᠩᠭᠠᠳᠬᠠᠵᠤ᠂ ᠠᠮᠤᠷ ᠲᠦᠪᠰᠢᠨ ᠤ ᠠᠷᠭ᠎ᠠ ᠬᠡᠮᠵᠢᠶ᠎ᠡ ᠪᠠᠨ ᠲᠡᠭᠦᠯᠳᠡᠷᠵᠢᠭᠦᠯᠵᠦ᠂ ᠰᠠᠨᠠᠭᠠᠴᠢᠯᠠᠭ᠎ᠠ ᠲᠠᠢ ᠪᠠᠷ ᠳᠠᠭᠠᠷᠢᠯᠲᠠ ᠬᠢᠵᠦ᠂ ᠰᠤᠷᠭᠠᠭᠤᠯᠢ ᠶᠢᠨ ᠬᠦᠷᠢᠶ᠎ᠡ ᠵᠢᠴᠢ ᠡᠷᠬᠢᠨ ᠲᠣᠭᠤᠷᠢᠨ ᠤ ᠣᠷᠴᠢᠨ ᠲᠣᠭᠤᠷᠢᠨ ᠢ ᠶᠡᠷᠦᠩᠬᠡᠶᠢᠯᠡᠨ ᠴᠡᠭᠴᠡᠯᠡᠨ ᠵᠠᠰᠠᠬᠤ ᠠᠵᠢᠯ ᠢ ᠰᠡᠳᠬᠢᠯ ᠲᠠᠯᠪᠢᠨ ᠬᠦᠴᠦ ᠣᠷᠣᠭᠤᠯᠤᠨ ᠰᠠᠶᠢᠲᠤᠷ ᠬᠢᠵᠦ᠂ ᠰᠤᠷᠤᠭᠴᠢᠳ ᠤᠨ ᠪᠡᠶ᠎ᠡ ᠰᠡᠳᠬᠢᠯ ᠤᠨ ᠡᠷᠡᠭᠦᠯ ᠮᠡᠨᠳᠤ ᠪᠣᠯᠣᠨ ᠠᠮᠢ ᠨᠠᠰᠤᠨ ᠤ ᠠᠮᠤᠷ ᠲᠦᠪᠰᠢᠨ ᠢ ᠪᠦᠬᠦ ᠬᠦᠴᠦᠨ ᠢᠶᠠᠷ ᠢᠶᠠᠨ ᠪᠠᠲᠤᠯᠠᠨ᠎ᠠ᠃      ᠢᠷᠡᠯᠲᠡ᠄ ᠬᠤᠲᠣᠩ ᠠᠷᠠᠳ ᠤᠨ ᠲᠣᠭᠤᠷᠢᠭ ᠤᠨ ᠵᠠᠰᠠᠭ ᠤᠨ ᠣᠷᠳᠣᠨ ᠤ ᠠᠯᠪᠠᠨ ᠰᠦᠯᠵᠢᠶ᠎ᠡ
 
ᠢᠷᠡᠯᠲᠡ᠄ ᠬᠤᠲᠤᠩ ᠠᠷᠠᠳ ᠤᠨ ᠲᠣᠭᠤᠷᠢᠭ ᠤᠨ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000611号-1号