︽ᠠᠷᠪᠠᠨ ᠳᠥᠷᠪᠡᠳᠦᠭᠡᠷ ᠬᠤᠭᠤᠴᠠᠭᠠᠨ ᠤ ᠪᠥᠬᠦ ᠤᠯᠤᠰ ᠤᠨ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ︾ ᠥᠨᠳᠥᠷᠯᠡᠪᠡ
ᠨᠡᠶᠢᠲᠡᠯᠡᠭᠰᠡᠨ ᠴᠠᠭ᠄
2024/2/29
     2 ᠳ᠋ᠤᠭᠠᠷ ᠰᠠᠷ᠎ᠠ ᠶᠢᠨ 27 ᠤ ᠡᠳᠦᠷ ᠥᠪᠥᠷ ᠮᠣᠩᠭᠤᠯ ᠤᠨ ᠮᠥᠰᠥᠨ ᠳᠡᠭᠡᠷᠡᠬᠢ ᠪᠡᠶ᠎ᠡ ᠶᠢᠨ ᠲᠠᠮᠢᠷ ᠤᠨ ᠪᠣᠯᠪᠠᠰᠤᠷᠠᠯ ᠤᠨ ᠲᠥᠪ ᠲᠤ ᠰᠡᠭᠦᠳᠡᠷᠯᠡᠭᠰᠡᠨ ᠠᠷᠪᠠᠨ ᠳᠥᠷᠪᠡᠳᠦᠭᠡᠷ ᠬᠤᠭᠤᠴᠠᠭᠠᠨ ᠤ ᠪᠥᠬᠦ ᠤᠯᠤᠰ ᠤᠨ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠤ ᠭᠤᠣᠯ ᠭᠠᠯ ᠪᠠᠮᠪᠠᠷ      ᠰᠢᠨᠬᠤᠸᠠ ᠬᠤᠷᠢᠶᠠᠨ ᠤ ᠰᠤᠷᠪᠤᠯᠵᠢᠯᠠᠭᠴᠢ ᠳ᠋ᠧᠩ ᠬᠤᠸᠠ ᠰᠡᠭᠦᠳᠡᠷᠯᠡᠪᠡ
     ᠲᠣᠭᠯᠠᠭᠴᠢᠳ ᠥᠨᠳᠥᠷᠯᠡᠬᠦ ᠶᠣᠰᠣᠯᠠᠯ ᠤᠨ ᠠᠬᠤᠢ ᠲᠠᠯᠠᠪᠠᠢ ᠳᠤ ᠲᠣᠭᠯᠠᠯᠲᠠ ᠭᠠᠷᠭᠠᠵᠤ ᠪᠠᠶᠢᠭ᠎ᠠ ᠨᠢ      ᠰᠢᠨᠬᠤᠸᠠ ᠬᠤᠷᠢᠶᠠᠨ ᠤ ᠰᠤᠷᠪᠤᠯᠵᠢᠯᠠᠭᠴᠢ ᠰᠢᠦᠢ ᠪᠢᠩ ᠵᠢᠶᠧ ᠰᠡᠭᠦᠳᠡᠷᠯᠡᠪᠡ      27 ᠤ ᠡᠳᠦᠷ᠂ ᠠᠷᠪᠠᠨ ᠳᠥᠷᠪᠡᠳᠦᠭᠡᠷ ᠬᠤᠭᠤᠴᠠᠭᠠᠨ ᠤ ᠪᠥᠬᠦ ᠤᠯᠤᠰ ᠤᠨ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠯᠥᠨ ᠪᠤᠶᠢᠷ ᠬᠤᠲᠠ ᠳᠤ ᠥᠨᠳᠥᠷᠯᠡᠪᠡ᠃      ᠲᠣᠰ ᠬᠤᠭᠤᠴᠠᠭᠠᠨ ᠤ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠳᠤ ᠠᠩᠬ᠎ᠠ ᠤᠳᠠᠭ᠎ᠠ ᠮᠤᠵᠢ ᠣᠷᠣᠨ ᠬᠤᠲᠠ ᠪᠠᠷ ᠨᠢᠭᠡᠴᠢ ᠪᠣᠯᠭᠠᠨ ᠪᠦᠯᠬᠦᠮ ᠪᠠᠶᠢᠭᠤᠯᠤᠨ ᠣᠷᠣᠯᠴᠠᠵᠤ᠂ ᠨᠡᠶᠢᠲᠡ 35 ᠲᠥᠯᠥᠭᠡᠯᠡᠭᠴᠢᠳ ᠤᠨ ᠪᠦᠯᠬᠦᠮ ᠤᠨ 3000 ᠭᠠᠷᠤᠢ ᠲᠠᠮᠢᠷᠴᠢᠨ ᠤᠷᠤᠯᠳᠤᠭᠠᠨ ᠤ ᠪᠡᠶ᠎ᠡ ᠶᠢᠨ ᠲᠠᠮᠢᠷ ᠪᠠ ᠪᠦᠯᠬᠦᠮ ᠤᠨ ᠲᠦᠷᠦᠯ ᠵᠦᠢᠯ ᠤᠨ ᠤᠷᠤᠯᠳᠤᠭᠠᠨ ᠳᠤ ᠣᠷᠣᠯᠴᠠᠵᠠᠢ᠃ 35 ᠲᠥᠯᠥᠭᠡᠯᠡᠭᠴᠢᠳ ᠤᠨ ᠪᠦᠯᠬᠦᠮ ᠤᠨ ᠳᠣᠲᠣᠷ᠎ᠠ ᠠᠴᠠ 26 ᠲᠥᠯᠥᠭᠡᠯᠡᠭᠴᠢᠳ ᠤᠨ ᠪᠦᠯᠬᠦᠮ ᠠᠯᠲᠠᠨ ᠮᠧᠳᠠᠯ ᠣᠯᠵᠤ᠂ 30 ᠲᠥᠯᠥᠭᠡᠯᠡᠭᠴᠢᠳ ᠤᠨ ᠪᠦᠯᠬᠦᠮ ᠱᠠᠩᠨᠠᠯ ᠤᠨ ᠮᠧᠳᠠᠯ ᠣᠯᠵᠤ᠂ ︽ᠠᠷᠪᠠᠨ ᠳᠥᠷᠪᠡᠳᠦᠭᠡᠷ ᠬᠤᠭᠤᠴᠠᠭᠠᠨ ᠤ ᠪᠥᠬᠦ ᠤᠯᠤᠰ ᠤᠨ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ︾ ᠤ ᠤᠷᠤᠯᠳᠤᠭᠠᠨ ᠳᠤ ᠤᠷᠤᠯᠴᠠᠭᠰᠠᠨ ᠲᠥᠯᠥᠭᠡᠯᠡᠭᠴᠢᠳ ᠤᠨ ᠪᠦᠯᠬᠦᠮ ᠤᠨ ᠲᠤᠭ᠎ᠠ᠂ ᠠᠯᠲᠠᠨ ᠮᠧᠳᠠᠯ ᠱᠠᠩᠨᠠᠯ ᠤᠨ ᠮᠧᠳᠠᠯ ᠤᠨ ᠬᠠᠮᠤᠷᠬᠤ ᠬᠡᠪᠴᠢᠶ᠎ᠡ ᠶᠡᠭᠡ ᠪᠠᠷ ᠳᠡᠭᠡᠭᠰᠢᠯᠡᠵᠦ᠂ ᠪᠡᠭᠡᠵᠢᠩ ᠤᠨ ᠡᠪᠦᠯ ᠤᠠᠯᠷᠢᠯ ᠤᠨ ᠣᠯᠧᠮᠫᠢᠺ ᠴᠤᠭᠯᠠᠭᠠᠨ ᠤ ᠳᠠᠷᠠᠭᠠᠬᠢ ᠮᠠᠨ ᠤ ᠤᠯᠤᠰ ᠤᠨ ᠡᠪᠦᠯ ᠤᠨ ᠤᠯᠠᠷᠢᠯ ᠤᠨ ᠪᠡᠶ᠎ᠡ ᠶᠢᠨ ᠲᠠᠮᠢᠷ ᠤᠨ ᠬᠥᠳᠡᠯᠭᠡᠭᠡᠨ ᠤ ᠬᠥᠭᠵᠢᠯᠲᠡ ᠶᠢᠨ ᠰᠢᠨ᠎ᠡ ᠪᠠᠶᠢᠷᠢᠰᠢᠯ᠂ ᠰᠢᠨ᠎ᠡ ᠳᠦᠷᠰᠦ ᠪᠠᠶᠢᠳᠠᠯ ᠢ ᠭᠦᠢᠴᠡᠳ ᠬᠠᠷᠠᠭᠤᠯᠤᠭᠰᠠᠨ ᠪᠠᠶᠢᠨ᠎ᠠ᠃
 
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000611号-1号