ᠬᠤᠲᠣᠩ ᠠᠷᠠᠳ ᠤᠨ ᠲᠣᠭᠤᠷᠢᠭ ᠤᠨ ᠭᠤᠥᠯᠴᠢ ᠥᠷᠢᠰᠦᠯᠳᠦᠭᠡᠨ ᠢ ᠬᠢᠨᠠᠨ ᠪᠠᠶᠢᠴᠠᠭᠠᠬᠤ ᠠᠵᠢᠯ ᠤᠨ ᠲᠣᠪᠴᠢᠶ᠎ᠠ ᠶᠢᠨ ᠬᠤᠭᠤᠷᠣᠨᠳᠣᠬᠢ ᠬᠠᠮᠲᠤᠷᠠᠭᠰᠠᠨ ᠬᠤᠷᠠᠯ ᠤᠨ ᠠᠯᠪᠠᠨ ᠭᠡᠷ ᠤᠨ ᠭᠤᠥᠯᠴᠢ ᠥᠷᠢᠰᠦᠯᠳᠦᠭᠡᠨ ᠢ ᠬᠢᠨᠠᠨ ᠪᠠᠶᠢᠴᠠᠭᠠᠵᠤ ᠵᠠᠭᠠᠯᠳᠤᠬᠤ ᠢᠯᠡᠴᠢᠯᠡᠨ ᠮᠡᠳᠡᠭᠦᠯᠬᠦ ᠪᠠ ᠰᠢᠢᠳᠪᠦᠷᠢᠯᠡᠬᠦ ᠳᠤ ᠬᠠᠷᠢᠭᠤ ᠥᠭᠬᠦ ᠲᠣᠭᠲᠠᠴᠠ ᠶᠢ ᠪᠠᠶᠢᠭᠤᠯᠬᠤ ᠲᠤᠬᠠᠢ ᠵᠠᠷᠯᠠᠯ
ᠨᠡᠶᠢᠲᠡᠯᠡᠭᠰᠡᠨ ᠴᠠᠭ᠄
2024/2/29
      ᠭᠤᠣᠯᠴᠢ ᠪᠠᠷ ᠥᠷᠢᠰᠦᠯᠳᠦᠬᠦ ᠶᠢ ᠬᠢᠨᠠᠨ ᠪᠠᠶᠢᠴᠠᠭᠠᠬᠤ ᠪᠣᠯ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ᠂ ᠭᠤᠣᠯᠴᠢ ᠪᠠᠷ ᠥᠷᠢᠰᠦᠯᠳᠦᠬᠦ ᠶᠢ ᠬᠠᠮᠠᠭᠠᠯᠠᠬᠤ ᠴᠢᠬᠤᠯᠠ ᠳᠦᠷᠢᠮ ᠮᠥᠨ᠃ ᠰᠠᠯᠠᠭ᠎ᠠ ᠮᠥᠴᠢᠷ ᠤᠨ ᠡᠷᠬᠡ ᠲᠡᠭᠰᠢ ᠥᠷᠢᠰᠦᠯᠳᠦᠭᠡᠨ ᠤ ᠬᠢᠨᠠᠨ ᠪᠠᠶᠢᠴᠠᠭᠠᠬᠤ ᠲᠥᠷᠥ ᠶᠢᠨ ᠪᠣᠳᠣᠯᠭ᠎ᠠ ᠶᠢᠨ ᠢᠯᠡ ᠲᠣᠳᠣ ᠶᠢᠨ ᠡᠷᠬᠡ ᠲᠡᠭᠰᠢ ᠥᠷᠢᠰᠦᠯᠳᠦᠭᠡᠨ ᠤ ᠬᠢᠨᠠᠨ ᠪᠠᠶᠢᠴᠠᠭᠠᠬᠤ ᠵᠠᠭᠠᠯᠳᠤᠬᠤ ᠢᠯᠡᠴᠢᠯᠡᠨ ᠮᠡᠳᠡᠭᠦᠯᠬᠦ ᠠᠷᠭ᠎ᠠ ᠵᠠᠮ ᠢ ᠰᠠᠭᠠᠳ ᠦᠭᠡᠢ ᠨᠠᠪᠲᠠᠷᠡᠭᠦᠯᠵᠦ᠂ ᠡᠷᠬᠡ ᠲᠡᠭᠰᠢ ᠥᠷᠢᠰᠦᠯᠳᠦᠭᠡᠨ ᠤ ᠬᠢᠨᠠᠨ ᠪᠠᠶᠢᠴᠠᠭᠠᠬᠤ ᠳᠦᠷᠢᠮ ᠤᠨ ᠨᠠᠶᠢᠳᠠᠪᠤᠷᠢᠵᠢᠭᠤᠯᠤᠯᠲᠠ ᠶᠢ ᠤᠯᠠᠮ ᠨᠢᠭᠡ ᠠᠯᠬᠤᠮ ᠠᠬᠢᠭᠤᠯᠵᠤ᠂ ᠨᠡᠶᠢᠭᠡᠮ ᠤᠨ ᠬᠢᠨᠠᠯᠲᠠ ᠲᠠᠯᠪᠢᠬᠤ ᠦᠢᠯᠡᠳᠦᠯ ᠢ ᠦᠨᠡᠨᠬᠦ ᠪᠠᠳᠠᠷᠠᠭᠤᠯᠵᠤ᠂ ︽ᠭᠤᠥᠯᠴᠢ ᠥᠷᠢᠰᠦᠯᠳᠦᠭᠡᠨ ᠤ ᠬᠢᠨᠠᠨ ᠪᠠᠶᠢᠴᠠᠭᠠᠬᠤ ᠳᠦᠷᠢᠮ ᠤᠨ ᠬᠡᠷᠡᠭᠵᠢᠭᠦᠯᠬᠦ ᠨᠠᠷᠢᠨ ᠳᠦᠷᠢᠮ︾ ᠢ ᠳᠠᠷᠤᠮᠠᠯᠯᠠᠨ ᠶᠠᠪᠤᠭᠤᠯᠬᠤ ᠲᠤᠬᠠᠢ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠶᠡᠷᠦᠩᠬᠡᠢ ᠲᠣᠪᠴᠢᠶ᠎ᠠ ᠵᠡᠷᠭᠡ ᠲᠠᠪᠤᠨ ᠰᠠᠯᠠᠭ᠎ᠠ ᠮᠥᠴᠢᠷ ᠤᠨ ᠮᠡᠳᠡᠭᠳᠡᠯ ︵ᠤᠯᠤᠰ ᠤᠨ ᠵᠠᠬ᠎ᠠ ᠳᠡᠯᠭᠡᠭᠦᠷ ᠤᠨ  ᠬᠢᠨᠠᠨ ᠬᠠᠮᠢᠶᠠᠷᠤᠯᠲᠠ ᠶᠢᠨ ᠲᠠᠯᠠᠩ ᠢ ᠡᠰᠡᠷᠭᠦᠴᠡᠬᠦ ᠲᠣᠭᠲᠠᠭᠠᠯ ﹇2021﹈ 2 ᠳ᠋ᠤᠭᠠᠷ ᠲᠣᠭᠠᠲᠤ︶ ᠵᠢᠴᠢ ︽ᠭᠤᠥᠯᠴᠢ ᠥᠷᠢᠰᠦᠯᠳᠦᠭᠡᠨ ᠤ ᠬᠢᠨᠠᠨ ᠪᠠᠶᠢᠴᠠᠭᠠᠬᠤ ᠠᠵᠢᠯ ᠢ ᠤᠯᠠᠮ ᠨᠢᠭᠡ ᠠᠯᠬᠤᠮ ᠠᠬᠢᠭᠤᠯᠬᠤ ᠲᠤᠬᠠᠢ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠵᠡᠷᠭᠡ ᠳᠥᠷᠪᠡᠨ ᠰᠠᠯᠠᠭ᠎ᠠ ᠮᠥᠴᠢᠷ ᠤᠨ ᠮᠡᠳᠡᠭᠳᠡᠯ︾ ︵ᠰᠢᠨ᠎ᠡ ᠬᠤᠲᠠ ᠶᠢᠨ ᠬᠢᠨᠠᠨ ᠥᠷᠢᠰᠦᠯᠳᠦᠭᠡᠨ ﹇2020﹈ 143 ᠳ᠋ᠤᠭᠠᠷ ᠲᠣᠭᠠᠲᠤ︶ ᠤᠨ ᠱᠠᠭᠠᠷᠳᠠᠯᠭ᠎ᠠ ᠶᠢ ᠦᠨᠳᠦᠰᠦᠯᠡᠨ᠂ ᠣᠲᠣ ᠭᠤᠥᠯᠴᠢ ᠥᠷᠢᠰᠦᠯᠳᠦᠭᠡᠨ ᠤ ᠬᠢᠨᠠᠨ ᠪᠠᠶᠢᠴᠠᠭᠠᠬᠤ ᠵᠠᠭᠠᠯᠳᠤᠬᠤ ᠢᠯᠡᠴᠢᠯᠡᠨ ᠮᠡᠳᠡᠭᠦᠯᠬᠦ ᠶᠢ ᠭᠥᠯᠢᠶᠡᠨ ᠠᠪᠴᠤ ᠰᠢᠢᠳᠪᠦᠷᠢᠯᠡᠬᠦ ᠬᠠᠷᠢᠭᠤ ᠥᠭᠬᠦ ᠲᠣᠭᠲᠠᠴᠠ ᠶᠢ ᠪᠠᠶᠢᠭᠤᠯᠵᠤ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠬᠦᠷᠢᠶᠡᠨ ᠳᠠᠬᠢ ᠭᠤᠥᠯᠴᠢ ᠥᠷᠢᠰᠦᠯᠳᠦᠭᠡᠨ ᠤ ᠬᠢᠨᠠᠨ ᠪᠠᠶᠢᠴᠠᠭᠠᠬᠤ ᠠᠰᠠᠭᠤᠨ ᠯᠠᠪᠯᠠᠬᠤ ᠢᠯᠡᠴᠢᠯᠡᠨ ᠮᠡᠳᠡᠭᠦᠯᠬᠦ ᠶᠢ ︽ᠨᠢᠭᠡ ᠯᠡ ᠥᠷᠲᠡᠭᠡᠨ ᠤ ᠮᠠᠶ᠋ᠢᠭ︾ ᠢᠶᠠᠷ ᠭᠥᠯᠢᠶᠡᠨ ᠠᠪᠴᠤ ᠰᠢᠢᠳᠪᠦᠷᠢᠯᠡᠬᠦ ᠶᠢ ᠪᠡᠶᠡᠯᠡᠭᠦᠯᠦᠨ᠎ᠡ᠃      ᠨᠢᠭᠡ᠂ ᠬᠦᠯᠢᠶᠡᠨ ᠠᠪᠴᠤ ᠰᠢᠢᠳᠪᠦᠷᠢᠯᠡᠬᠦ ᠬᠦᠷᠢᠶ᠎ᠡ ᠬᠡᠪᠴᠢᠶ᠎ᠡ      ᠬᠤᠲᠣᠩ ᠠᠷᠠᠳ ᠤᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠵᠢᠴᠢ ᠡᠯ᠎ᠡ ᠪᠦᠷᠢᠯᠳᠦᠭᠦᠨ ᠰᠠᠯᠠᠭ᠎ᠠ ᠮᠥᠴᠢᠷ ᠤᠨ ᠲᠣᠭᠲᠠᠭᠠᠭᠰᠠᠨ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠠᠵᠤ ᠠᠬᠤᠢ ᠶᠢᠨ ᠠᠵᠢᠯᠯᠠᠭ᠎ᠠ ᠳᠤ ᠬᠤᠯᠪᠣᠭᠳᠠᠭᠰᠠᠨ ᠵᠠᠰᠠᠭ ᠵᠠᠬᠢᠷᠭᠠᠨ ᠤ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠪᠠ ᠪᠤᠰᠤᠳ ᠲᠦᠷᠦ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠳᠤ ᠬᠢᠨᠠᠬᠤ ᠶᠣᠰᠣᠲᠠᠢ ᠪᠠᠶᠢᠲᠠᠯ᠎ᠠ ᠡᠰᠡ ᠬᠢᠨᠠᠭᠰᠠᠨ᠂ ᠬᠢᠨᠠᠨ ᠪᠠᠶᠢᠴᠠᠭᠠᠬᠤ ᠪᠠᠷᠢᠮᠵᠢᠶ᠎ᠠ ᠠᠴᠠ ᠵᠥᠷᠢᠴᠡᠭᠰᠡᠨ ᠪᠠᠶᠢᠳᠠᠯ ᠤᠨ ᠲᠤᠬᠠᠢ ᠵᠠᠭᠠᠯᠳᠤᠯᠭ᠎ᠠ ᠬᠢᠵᠦ ᠢᠯᠡᠴᠢᠯᠡᠨ ᠮᠡᠳᠡᠭᠦᠯᠦᠭᠰᠡᠨ ᠪᠠᠶᠢᠳᠠᠯ ᠣᠷᠣᠰᠢᠵᠤ ᠪᠠᠶᠢᠨ᠎ᠠ᠃      ᠬᠤᠶᠠᠷ᠂ ᠵᠠᠭᠠᠯᠳᠤᠯᠭ᠎ᠠ ᠢᠯᠡᠴᠢᠯᠡᠨ ᠮᠡᠳᠡᠭᠦᠯᠦᠯᠲᠡ ᠶᠢ ᠬᠦᠯᠢᠶᠡᠨ ᠠᠪᠴᠤ ᠰᠢᠢᠳᠪᠦᠷᠢᠯᠡᠬᠦ ᠠᠷᠭ᠎ᠠ ᠵᠠᠮ      ᠢᠮᠧᠯ᠄ wxjwxj750924ab@126.com      ᠢᠯᠡᠴᠢᠯᠡᠨ ᠮᠡᠳᠡᠭᠦᠯᠬᠦ ᠤᠲᠠᠰᠤ᠄ 0471-3241487      ᠭᠤᠷᠪᠠ᠂ ᠵᠠᠭᠠᠯᠳᠤᠯᠭ᠎ᠠ ᠢᠯᠡᠴᠢᠯᠡᠨ ᠮᠡᠳᠡᠭᠦᠯᠦᠯᠲᠡ ᠶᠢ ᠰᠢᠢᠳᠪᠦᠷᠢᠯᠡᠬᠦ ᠳᠤ ᠬᠠᠷᠢᠭᠤ ᠥᠭᠬᠦ ᠲᠣᠭᠲᠠᠴᠠ      ᠨᠡᠶᠢᠭᠡᠮ ᠤᠨ ᠡᠯ᠎ᠡ ᠡᠲᠡᠭᠡᠳ ᠵᠢᠴᠢ ᠬᠠᠮᠢᠶ᠎ᠠ ᠪᠦᠬᠦᠢ ᠠᠰᠢᠭ ᠲᠤᠰᠠ ᠶᠢᠨ ᠬᠥᠮᠥᠰ ᠤᠨ ᠬᠤᠲᠣᠩ ᠠᠷᠠᠳ ᠤᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠵᠢᠴᠢ ᠡᠯ᠎ᠡ ᠪᠦᠷᠢᠯᠳᠦᠭᠦᠨ ᠰᠠᠯᠠᠭ᠎ᠠ ᠮᠥᠴᠢᠷ ᠲᠤ ᠬᠤᠯᠪᠣᠭᠳᠠᠭᠰᠠᠨ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢᠨ ᠭᠤᠥᠯᠴᠢ ᠥᠷᠢᠰᠦᠯᠳᠦᠭᠡᠨ ᠤ ᠲᠤᠬᠠᠢ ᠬᠢᠨᠠᠨ ᠪᠠᠶᠢᠴᠠᠭᠠᠯᠲᠠ ᠶᠢᠨ ᠣᠨᠳᠣᠣ ᠰᠠᠨᠠᠯ ᠪᠤᠶᠤ ᠢᠯᠡᠴᠢᠯᠡᠨ ᠮᠡᠳᠡᠭᠦᠯᠦᠯᠲᠡ ᠶᠢ ᠭᠥᠯᠢᠶᠡᠨ ᠠᠪᠤᠭᠰᠠᠨ ᠦᠶ᠎ᠡ ᠳᠤ᠂ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠲᠣᠭᠲᠠᠭᠠᠬᠤ ᠰᠠᠯᠠᠭ᠎ᠠ ᠮᠥᠴᠢᠷ ᠲᠤ ᠴᠠᠭ ᠲᠤᠬᠠᠢ ᠳᠤᠨᠢ ᠰᠢᠯᠵᠢᠭᠦᠯᠦᠨ ᠲᠤᠰᠢᠶᠠᠵᠤ ᠰᠢᠢᠳᠪᠦᠷᠢᠯᠡᠭᠦᠯᠦᠨ᠎ᠡ᠃ ᠬᠠᠮᠢᠶ᠎ᠠ ᠪᠦᠬᠦᠢ ᠰᠠᠯᠠᠭ᠎ᠠ ᠮᠥᠴᠢᠷ ᠤᠳ ᠴᠠᠭ ᠲᠤᠬᠠᠢ ᠳᠤᠨᠢ ᠪᠠᠶᠢᠴᠠᠭᠠᠨ ᠬᠠᠷᠭᠤᠭᠤᠯᠵᠤ᠂ ᠬᠠᠷᠭᠤᠭᠤᠯᠤᠨ ᠪᠠᠶᠢᠴᠠᠭᠠᠭᠠᠳ ᠦᠨᠡᠨ ᠪᠣᠳᠠᠲᠠᠢ ᠪᠠᠶᠢᠪᠠᠯ᠂ ︽ᠭᠤᠥᠯᠴᠢ ᠥᠷᠢᠰᠦᠯᠳᠦᠭᠡᠨ ᠤ ᠬᠢᠨᠠᠨ ᠪᠠᠶᠢᠴᠠᠭᠠᠬᠤ ᠳᠦᠷᠢᠮ ᠤᠨ ᠬᠡᠷᠡᠭᠵᠢᠭᠦᠯᠬᠦ ᠨᠠᠷᠢᠨ ᠳᠦᠷᠢᠮ ︵ᠲᠦᠷ ᠬᠡᠷᠡᠭᠵᠢᠭᠦᠯᠬᠦ︶︾ ᠤᠨ ᠬᠠᠮᠢᠶ᠎ᠠ ᠪᠦᠬᠦᠢ ᠲᠣᠭᠲᠠᠭᠠᠯ ᠶᠣᠰᠣᠭᠠᠷ ᠴᠡᠭᠴᠡᠯᠡᠨ ᠰᠠᠶᠢᠵᠢᠷᠠᠭᠤᠯᠵᠤ ᠰᠢᠢᠳᠪᠦᠷᠢᠯᠡᠨ᠎ᠡ ︵ᠰᠢᠢᠳᠪᠦᠷᠢᠯᠡᠬᠦ ᠶᠠᠪᠤᠴᠠ ᠳᠤ ᠪᠣᠳᠠᠲᠤ ᠪᠠᠶᠢᠳᠠᠯ ᠢ ᠦᠨᠳᠦᠰᠦᠯᠡᠨ ᠭᠤᠷᠪᠠᠳᠠᠭᠢ ᠡᠲᠡᠭᠡᠳ ᠤᠨ ᠦᠨᠡᠯᠡᠨ ᠵᠢᠱᠢᠯᠲᠡ ᠶᠢ ᠣᠷᠣᠭᠤᠯᠵᠤ ᠪᠣᠯᠣᠨ᠎ᠠ︶ ᠶᠢᠨ ᠬᠠᠮᠲᠤ ᠴᠡᠭᠴᠡᠯᠡᠨ ᠰᠠᠶᠢᠵᠢᠷᠠᠭᠤᠯᠵᠤ ᠰᠢᠢᠳᠪᠦᠷᠢᠯᠡᠭᠰᠡᠨ ᠦᠷ᠎ᠡ ᠳ᠋ᠦᠩ ᠢᠶᠠᠨ ᠴᠠᠭ ᠲᠤᠬᠠᠢ ᠳᠤᠨᠢ ᠵᠠᠭᠠᠯᠳᠤᠭᠴᠢ ᠪᠤᠶᠤ ᠦᠨᠡᠨ ᠨᠡᠷ᠎ᠡ ᠪᠠᠷ ᠢᠯᠡᠴᠢᠯᠡᠨ ᠮᠡᠳᠡᠭᠦᠯᠦᠭᠴᠢ ᠳᠤ ᠪᠢᠴᠢᠭ ᠢᠶᠠᠷ ᠬᠠᠷᠢᠭᠤ ᠲᠤᠰᠬᠠᠬᠤ ᠬᠡᠷᠡᠭᠲᠡᠢ᠃ ᠡᠭᠦᠨ ᠤ ᠬᠠᠮᠲᠤ ᠬᠠᠤᠯᠢ ᠴᠠᠭᠠᠵᠠ ᠬᠠᠤᠯᠢ ᠲᠣᠭᠲᠠᠭᠠᠯ ᠢ ᠦᠨᠳᠦᠰᠦᠯᠡᠨ ᠬᠤᠯᠪᠣᠭᠳᠠᠯ ᠪᠦᠬᠦᠢ ᠰᠢᠢᠳᠪᠦᠷᠢᠯᠡᠭᠰᠡᠨ ᠦᠷ᠎ᠡ ᠳ᠋ᠦᠩ ᠢ ᠨᠡᠶᠢᠭᠡᠮ ᠳᠤ ᠢᠯᠡ ᠪᠣᠯᠭᠠᠬᠤ ᠬᠡᠷᠡᠭᠲᠡᠢ᠃                     ᠬᠤᠲᠣᠩ ᠠᠷᠠᠳ ᠤᠨ ᠲᠣᠭᠤᠷᠢᠭ ᠤᠨ ᠭᠤᠣᠯᠴᠢ ᠥᠷᠢᠰᠦᠯᠳᠦᠭᠡᠨ ᠢ                         ᠬᠢᠨᠠᠨ ᠪᠠᠶᠢᠴᠠᠭᠠᠬᠤ ᠠᠵᠢᠯ ᠤᠨ ᠲᠣᠪᠴᠢᠶ᠎ᠠ ᠶᠢᠨ                     ᠬᠤᠭᠤᠷᠣᠨᠳᠣᠬᠢ ᠬᠠᠮᠲᠤᠷᠠᠭᠰᠠᠨ ᠬᠤᠷᠠᠯᠳᠤᠭᠠᠨ ᠤ ᠠᠯᠪᠠᠨ ᠭᠡᠷ                  ︵ᠬᠤᠲᠣᠩ ᠠᠷᠠᠳ ᠤᠨ ᠲᠣᠭᠤᠷᠢᠭ ᠤᠨ ᠵᠠᠬ᠎ᠠ ᠳᠡᠯᠭᠡᠭᠦᠷ ᠤᠨ                    ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠣᠷᠣᠯᠠᠭᠴᠢ ᠲᠠᠮᠠᠭ᠎ᠠ︶                              2024 ᠣᠨ ᠤ 2 ᠰᠠᠷ᠎ᠠ ᠶᠢᠨ 28 ᠤ ᠡᠳᠦᠷ      ᠢᠷᠡᠯᠲᠡ᠄ ᠬᠤᠲᠣᠩ ᠠᠷᠠᠳ ᠤᠨ ᠲᠣᠭᠤᠷᠢᠭ ᠤᠨ ᠵᠠᠰᠠᠭ ᠤᠨ ᠣᠷᠳᠣᠨ ᠤ ᠠᠯᠪᠠᠨ ᠰᠦᠯᠵᠢᠶ᠎ᠡ
 
ᠢᠷᠡᠯᠲᠡ᠄ ᠬᠤᠲᠤᠩ ᠠᠷᠠᠳ ᠤᠨ ᠲᠣᠭᠤᠷᠢᠭ ᠤᠨ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000611号-1号