ᠬᠤᠲᠣᠩ ᠠᠷᠠᠳ ᠤᠨ ᠲᠣᠭᠤᠷᠢᠭ ᠤᠨ ᠭᠤᠥᠯᠴᠢ ᠥᠷᠢᠰᠦᠯᠳᠦᠭᠡᠨ ᠢ ᠬᠢᠨᠠᠨ ᠪᠠᠶᠢᠴᠠᠭᠠᠬᠤ ᠠᠵᠢᠯ ᠤᠨ ᠲᠣᠪᠴᠢᠶ᠎ᠠ ᠶᠢᠨ ᠬᠤᠭᠤᠷᠣᠨᠳᠣᠬᠢ ᠬᠠᠮᠲᠤᠷᠠᠭᠰᠠᠨ ᠬᠤᠷᠠᠯ ᠤᠨ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ 2024 ᠣᠨ ᠤ ᠰᠤᠭᠤᠴᠢᠨ ᠪᠠᠶᠢᠴᠠᠭᠠᠬᠤ ᠲᠥᠰᠥᠯ
ᠨᠡᠶᠢᠲᠡᠯᠡᠭᠰᠡᠨ ᠴᠠᠭ᠄
2024/2/29
      ᠬᠤᠲᠣᠩ ᠠᠷᠠᠳ ᠤᠨ ᠲᠣᠭᠤᠷᠢᠭ ᠤᠨ ᠭᠤᠥᠯᠴᠢ ᠥᠷᠢᠰᠦᠯᠳᠦᠭᠡᠨ ᠢ ᠬᠢᠨᠠᠨ ᠪᠠᠶᠢᠴᠠᠭᠠᠬᠤ ᠠᠵᠢᠯ ᠤᠨ ᠲᠣᠪᠴᠢᠶ᠎ᠠ ᠶᠢᠨ ᠬᠤᠭᠤᠷᠣᠨᠳᠣᠬᠢ ᠬᠠᠮᠲᠤᠷᠠᠭᠰᠠᠨ ᠬᠤᠷᠠᠯ ᠤᠨ ᠡᠯ᠎ᠡ ᠪᠦᠷᠢᠯᠳᠦᠭᠦᠨ ᠨᠢᠭᠡᠴᠢ ᠳᠤ᠄      ᠭᠤᠥᠯᠴᠢ ᠥᠷᠢᠰᠦᠯᠳᠦᠭᠡᠨ ᠤ ᠬᠢᠨᠠᠨ ᠪᠠᠶᠢᠴᠠᠭᠠᠬᠤ ᠳᠦᠷᠢᠮ ᠢ ᠭᠦᠨᠵᠡᠭᠡᠢ ᠨᠠᠶᠢᠳᠠᠪᠤᠷᠢᠵᠢᠭᠤᠯᠬᠤ ᠶᠢᠨ ᠲᠥᠯᠥᠭᠡ᠂ ᠭᠤᠥᠯᠴᠢ ᠥᠷᠢᠰᠦᠯᠳᠦᠭᠡᠨ ᠢ ᠬᠢᠨᠠᠨ ᠪᠠᠶᠢᠴᠠᠭᠠᠬᠤ ᠠᠵᠢᠯ ᠳᠤ ᠬᠢᠨᠠᠯᠲᠠ ᠲᠠᠯᠪᠢᠬᠤ ᠪᠠᠨ ᠴᠢᠩᠭᠠᠳᠬᠠᠵᠤ᠂ ᠬᠢᠨᠠᠨ ᠪᠠᠶᠢᠴᠠᠭᠠᠬᠤ ᠶᠠᠰᠤ ᠴᠢᠨᠠᠷ ᠢ ᠳᠡᠭᠡᠭᠰᠢᠯᠡᠭᠦᠯᠵᠦ᠂ ︽ᠵᠠᠬ᠎ᠠ ᠳᠡᠯᠭᠡᠭᠦᠷ ᠤᠨ ᠰᠢᠰᠲ᠋ᠧᠮᠵᠢ ᠶᠢᠨ ᠪᠠᠶᠢᠭᠤᠯᠤᠯᠲᠠ ᠳᠤ ᠭᠤᠥᠯᠴᠢ ᠥᠷᠢᠰᠦᠯᠳᠦᠭᠡᠨ ᠤ ᠬᠢᠨᠠᠨ ᠪᠠᠶᠢᠴᠠᠭᠠᠬᠤ ᠳᠦᠷᠢᠮ ᠢ ᠪᠠᠶᠢᠭᠤᠯᠬᠤ ᠲᠤᠬᠠᠢ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠰᠠᠨᠠᠯ︾ ︵ᠲᠥᠷᠥ ᠲᠠᠷᠬᠠᠭᠠᠭᠰᠠᠨ ﹇2016﹈ 34 ᠳ᠋ᠦ᠋ᠭᠡᠷ ᠲᠣᠭᠠᠲᠤ︶ ᠪᠠ ︽ᠭᠤᠥᠯᠴᠢ ᠥᠷᠢᠰᠦᠯᠳᠦᠭᠡᠨ ᠤ ᠬᠢᠨᠠᠨ ᠪᠠᠶᠢᠴᠠᠭᠠᠬᠤ ᠳᠦᠷᠢᠮ ᠢ ᠬᠡᠷᠡᠭᠵᠢᠭᠦᠯᠬᠦ ᠨᠠᠷᠢᠨ ᠳᠦᠷᠢᠮ︾ ︵ᠲᠦᠷᠦ ᠶᠢᠨ ᠵᠠᠬ᠎ᠠ ᠳᠡᠯᠭᠡᠭᠦᠷ ᠤᠨ ᠬᠢᠨᠠᠨ ᠪᠠᠶᠢᠴᠠᠭᠠᠬᠤ ᠮᠣᠨᠣᠫᠣᠯᠢᠴᠢᠯᠠᠯ ᠢ ᠡᠰᠡᠷᠭᠦᠴᠡᠬᠦ ᠲᠣᠭᠲᠠᠭᠠᠯ ﹇2021﹈ 2 ᠳ᠋ᠤᠭᠠᠷ ᠲᠣᠭᠠᠲᠤ︶ ᠵᠢᠴᠢ ︽ᠬᠥᠬᠡᠬᠤᠲᠠ ᠶᠢᠨ ᠭᠤᠥᠯᠴᠢ ᠥᠷᠢᠰᠦᠯᠳᠦᠭᠡᠨ ᠤ ᠬᠢᠨᠠᠨ ᠪᠠᠶᠢᠴᠠᠭᠠᠬᠤ ᠠᠵᠢᠯ ᠤᠨ ᠲᠣᠪᠴᠢᠶ᠎ᠠ ᠶᠢᠨ ᠬᠤᠭᠤᠷᠣᠨᠳᠣᠬᠢ ᠬᠠᠮᠲᠤᠷᠠᠭᠰᠠᠨ ᠬᠤᠷᠠᠯ ᠤᠨ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠰᠤᠭᠤᠴᠢᠨ ᠪᠠᠶᠢᠴᠠᠭᠠᠬᠤ ᠳᠦᠷᠢᠮ︾ ᠤᠨ ᠲᠣᠭᠲᠠᠭᠠᠯ ᠢ ᠦᠨᠳᠦᠰᠦᠯᠡᠨ 2024 ᠣᠨ ᠤ ᠰᠤᠭᠤᠴᠢᠨ ᠪᠠᠶᠢᠴᠠᠭᠠᠬᠤ ᠲᠥᠰᠥᠯ ᠢ ᠲᠣᠭᠲᠠᠭᠠᠨ᠎ᠠ᠃ ᠪᠣᠳᠠᠲᠠᠢ ᠠᠭᠤᠯᠭ᠎ᠠ ᠨᠢ ᠳᠣᠣᠷᠠᠬᠢ ᠮᠡᠲᠦ᠄      ᠨᠢᠭᠡ᠂ ᠬᠤᠲᠣᠩ ᠠᠷᠠᠳ ᠤᠨ ᠲᠣᠭᠤᠷᠢᠭ ᠤᠨ ᠭᠤᠥᠯᠴᠢ ᠥᠷᠢᠰᠦᠯᠳᠦᠭᠡᠨ ᠤ ᠬᠢᠨᠠᠨ ᠪᠠᠶᠢᠴᠠᠭᠠᠬᠤ ᠠᠵᠢᠯ ᠤᠨ ᠲᠣᠪᠴᠢᠶ᠎ᠠ ᠶᠢᠨ ᠬᠤᠭᠤᠷᠣᠨᠳᠣᠬᠢ ᠬᠠᠮᠲᠤᠷᠠᠭᠰᠠᠨ ᠬᠤᠷᠠᠯ ᠤᠨ ᠠᠯᠪᠠᠨ ᠭᠡᠷ ︵ᠳᠣᠷᠣᠭᠰᠢ ᠬᠠᠮᠲᠤᠷᠠᠭᠰᠠᠨ ᠬᠤᠷᠠᠯ ᠤᠨ ᠠᠯᠪᠠᠨ ᠭᠡᠷ ᠭᠡᠵᠦ ᠲᠣᠪᠴᠢᠯᠠᠨ᠎ᠠ︶ ᠠᠴᠠ ᠲᠦᠷᠦᠭᠦᠯᠡᠨ ᠵᠣᠬᠢᠶᠠᠨ ᠪᠠᠶᠢᠭᠤᠯᠵᠤ᠂ ︽ᠭᠤᠥᠯᠴᠢ ᠥᠷᠢᠰᠦᠯᠳᠦᠭᠡᠨ ᠤ ᠬᠢᠨᠠᠨ ᠪᠠᠶᠢᠴᠠᠭᠠᠬᠤ ᠳᠦᠷᠢᠮ ᠢ ᠬᠡᠷᠡᠭᠵᠢᠭᠦᠯᠬᠦ ᠨᠠᠷᠢᠨ ᠳᠦᠷᠢᠮ︾ ᠤᠨ ᠬᠤᠯᠪᠣᠭᠳᠠᠯ ᠪᠦᠬᠦᠢ ᠱᠠᠭᠠᠷᠳᠠᠯᠭ᠎ᠠ ᠶᠣᠰᠣᠭᠠᠷ᠂ ᠲᠥᠷᠥ ᠶᠢᠨ ᠪᠣᠳᠣᠯᠭ᠎ᠠ ᠲᠣᠭᠲᠠᠭᠠᠬᠤ ᠪᠠᠶᠢᠭᠤᠯᠭ᠎ᠠ ᠶᠢᠨ ᠲᠣᠭᠲᠠᠭᠠᠭᠰᠠᠨ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠨᠢ ᠨᠢᠭᠡᠳᠦᠯᠲᠡᠢ ᠵᠠᠬ᠎ᠠ ᠳᠡᠯᠭᠡᠭᠦᠷ ᠪᠠ ᠭᠤᠥᠯᠴᠢ ᠥᠷᠢᠰᠦᠯᠳᠦᠭᠡᠨ ᠤ ᠥᠷᠨᠢᠭᠦᠯᠬᠦ ᠶᠢ ᠬᠠᠷᠰᠢᠯᠠᠵᠤ ᠪᠠᠶᠢᠬᠤ ᠡᠰᠡᠬᠦ ᠶᠢ ᠪᠠᠶᠢᠴᠠᠭᠠᠬᠤ ᠠᠵᠢᠯ ᠢ ᠪᠠᠶᠢᠴᠠᠭᠠᠨ᠎ᠠ᠃      ᠬᠤᠶᠠᠷ᠂ ᠬᠤᠲᠣᠩ ᠠᠷᠠᠳ ᠤᠨ ᠲᠣᠭᠤᠷᠢᠭ ᠤᠨ ᠭᠤᠥᠯᠴᠢ ᠥᠷᠢᠰᠦᠯᠳᠦᠭᠡᠨ ᠤ ᠬᠢᠨᠠᠨ ᠪᠠᠶᠢᠴᠠᠭᠠᠬᠤ ᠠᠵᠢᠯ ᠤᠨ ᠲᠣᠪᠴᠢᠶ᠎ᠠ ᠶᠢᠨ ᠬᠤᠭᠤᠷᠣᠨᠳᠣᠬᠢ ᠬᠠᠮᠲᠤᠷᠠᠭᠰᠠᠨ ᠬᠤᠷᠠᠯ ᠠᠴᠠ 2024 ᠣᠨ ᠤ ᠰᠤᠭᠤᠴᠢᠨ ᠪᠠᠶᠢᠴᠠᠭᠠᠬᠤ ᠵᠦᠢᠯᠡᠰ ᠢ ᠵᠥᠪᠯᠡᠨ ᠲᠣᠭᠲᠠᠭᠠᠵᠤ᠂ ᠰᠤᠭᠤᠴᠢᠨ ᠪᠠᠶᠢᠴᠠᠭᠠᠬᠤ ᠠᠵᠢᠯ ᠤᠨ ᠬᠡᠪᠴᠢᠶ᠎ᠡ ᠶᠢ 2024 ᠣᠨ ᠳᠤ ᠪᠦᠷᠢᠯᠳᠦᠭᠦᠨ ᠨᠢᠭᠡᠴᠢ ᠠᠴᠠ ᠪᠢᠴᠢᠭ ᠮᠠᠲ᠋ᠧᠷᠢᠶᠠᠯ ᠶᠠᠪᠤᠭᠤᠯᠬᠤ ᠪᠠ ᠦᠯᠡᠳᠡᠭᠡᠯ ᠪᠢᠴᠢᠭ ᠮᠠᠲ᠋ᠧᠷᠢᠶᠠᠯ ᠢ ᠢᠯᠭᠠᠷᠠᠭᠤᠯᠵᠤ᠂ 2024 ᠣᠨ ᠳᠤ ᠪᠥᠬᠦ ᠵᠢᠯ ᠳᠤ ᠨᠢᠭᠡ ᠤᠳᠠᠭ᠎ᠠ ᠰᠤᠭᠤᠴᠢᠨ ᠪᠠᠶᠢᠴᠠᠭᠠᠨ᠎ᠠ᠂ ᠪᠣᠳᠠᠲᠠᠢ ᠰᠤᠭᠤᠴᠢᠨ ᠪᠠᠶᠢᠴᠠᠭᠠᠬᠤ ᠠᠷᠭ᠎ᠠ ᠮᠠᠶ᠋ᠢᠭ᠂ ᠴᠠᠭ ᠢ ᠬᠠᠮᠲᠤᠷᠠᠭᠰᠠᠨ ᠬᠤᠷᠠᠯ ᠤᠨ ᠠᠯᠪᠠᠨ ᠭᠡᠷ ᠤᠨ ᠪᠦᠷᠢᠯᠳᠦᠭᠦᠨ ᠨᠢᠭᠡᠴᠢ ᠠᠴᠠ ᠬᠠᠭᠠᠰ ᠵᠢᠯ ᠤᠨ ᠳᠡᠭᠡᠭᠰᠢ ᠮᠡᠳᠡᠭᠦᠯᠦᠭᠰᠡᠨ ᠲᠤᠭ᠎ᠠ ᠪᠠᠷᠢᠮᠲᠠ ᠪᠠᠷ ᠲᠣᠭᠲᠠᠭᠠᠨ᠎ᠠ᠃      ᠭᠤᠷᠪᠠ᠂ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠰᠤᠭᠤᠴᠢᠨ ᠪᠠᠶᠢᠴᠠᠭᠠᠵᠤ᠂ ᠭᠤᠣᠯᠳᠠᠯᠭ᠎ᠠ ᠲᠠᠢ ᠪᠠᠷ ᠭᠤᠥᠯᠴᠢ ᠥᠷᠢᠰᠦᠯᠳᠦᠭᠡᠨ ᠤ ᠬᠢᠨᠠᠨ ᠪᠠᠶᠢᠴᠠᠭᠠᠬᠤ ᠲᠠᠰ ᠳᠠᠷᠠᠭᠠᠯᠠᠯ ᠢ ᠭᠦᠢᠴᠡᠳᠬᠡᠭᠰᠡᠨ ᠡᠰᠡᠬᠦ᠂ ᠬᠢᠨᠠᠨ ᠪᠠᠶᠢᠴᠠᠭᠠᠬᠤ ᠲᠠᠰ ᠳᠠᠷᠠᠭᠠᠯᠠᠯ ᠨᠢ ᠵᠢᠷᠤᠮᠵᠢᠯ ᠲᠠᠢ ᠡᠰᠡᠬᠦ᠂ ᠬᠢᠨᠠᠨ ᠪᠠᠶᠢᠴᠠᠭᠠᠭᠰᠠᠨ ᠦᠷ᠎ᠡ ᠳ᠋ᠦᠩ ᠨᠢ ᠣᠨᠣᠪᠴᠢᠲᠠᠶ ᠡᠰᠡᠬᠦ ᠵᠢᠴᠢ ᠬᠢᠨᠠᠨ ᠪᠠᠶᠢᠴᠠᠭᠠᠬᠤ ᠲᠣᠭᠲᠠᠴᠠ ᠨᠢ ᠪᠦᠷᠢᠨ ᠲᠡᠭᠦᠯᠳᠡᠷ ᠡᠰᠡᠬᠦ᠂ ᠨᠢᠭᠡᠨᠲᠡ ᠨᠡᠶᠢᠲᠡᠯᠡᠭᠰᠡᠨ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠨᠢ ᠥᠷᠢᠰᠦᠯᠳᠦᠭᠡᠨ ᠢ ᠭᠠᠳᠠᠭᠤᠷᠴᠢᠯᠠᠬᠤ᠂ ᠬᠢᠵᠠᠭᠠᠷᠯᠠᠬᠤ ᠵᠡᠷᠭᠡ ᠠᠭᠤᠯᠭ᠎ᠠ ᠶᠢᠨ ᠲᠣᠭᠤᠷᠢᠨ ᠳᠤ ᠠᠵᠢᠯ ᠢᠶᠠᠨ ᠥᠷᠨᠢᠭᠦᠯᠦᠨ᠎ᠡ᠃      ᠳᠥᠷᠪᠡ᠂ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠰᠤᠭᠤᠴᠢᠨ ᠪᠠᠶᠢᠴᠠᠭᠠᠬᠤ ᠡᠲᠡᠭᠡᠳ ᠨᠢ ᠲᠣᠭᠤᠷᠢᠭ ᠤᠨ ᠵᠠᠰᠠᠭ ᠤᠨ ᠣᠷᠳᠣᠨ ᠵᠢᠴᠢ ᠬᠠᠮᠢᠶ᠎ᠠ ᠪᠦᠬᠦᠢ ᠰᠠᠯᠠᠭ᠎ᠠ ᠮᠥᠴᠢᠷ ᠪᠠᠶᠢᠵᠤ᠂ ᠵᠠᠬ᠎ᠠ ᠳᠡᠯᠭᠡᠭᠦᠷ ᠲᠤ ᠵᠥᠪᠰᠢᠶᠡᠷᠡᠨ ᠣᠷᠣᠭᠤᠯᠬᠤ ᠪᠠ ᠪᠤᠴᠠᠭᠠᠨ ᠭᠠᠷᠭᠠᠬᠤ᠂ ᠠᠵᠤ ᠦᠢᠯᠡᠰ ᠢ ᠬᠥᠭᠵᠢᠭᠦᠯᠬᠦ᠂ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ᠂ ᠳᠠᠭᠠᠭᠠᠴᠢᠯᠠᠯᠲᠠ ᠵᠠᠷᠯᠠᠵᠤ ᠳᠠᠭᠠᠭᠠᠴᠢᠯᠠᠯᠲᠠ ᠬᠦᠯᠢᠶᠡᠬᠦ᠂ ᠵᠠᠰᠠᠭ ᠤᠨ ᠣᠷᠳᠣᠨ ᠤ ᠬᠤᠳᠠᠯᠳᠤᠨ ᠠᠪᠬᠤ᠂ ᠡᠵᠡᠩᠨᠡᠯᠲᠡ ᠶᠢᠨ ᠠᠵᠢᠯᠯᠠᠭ᠎ᠠ ᠶᠢᠨ ᠵᠢᠷᠤᠮᠵᠢᠯ᠂ ᠬᠢᠷᠢ ᠬᠡᠮ ᠤᠨ ᠪᠠᠷᠢᠮᠵᠢᠶ᠎ᠠ ᠵᠡᠷᠭᠡ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠡᠵᠡᠩᠨᠡᠯᠲᠡ ᠶᠢᠨ ᠠᠵᠢᠯᠯᠠᠭ᠎ᠠ ᠳᠤ ᠬᠤᠯᠪᠣᠭᠳᠠᠬᠤ ᠳᠦᠷᠢᠮ ᠲᠣᠭᠲᠠᠭᠠᠯ᠂ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ᠂ ᠪᠤᠰᠤᠳ ᠲᠥᠷᠥ ᠶᠢᠨ ᠪᠣᠳᠣᠯᠭ᠎ᠠ ᠶᠢᠨ ᠴᠢᠨᠠᠷᠲᠠᠢ ᠪᠢᠴᠢᠭ ᠮᠠᠲ᠋ᠧᠷᠢᠶᠠᠯ ᠵᠢᠴᠢ ︽ᠨᠢᠭᠡ ᠤᠴᠢᠷ ᠢ ᠨᠢᠭᠡ ᠵᠥᠪᠯᠡᠬᠦ︾ ᠬᠡᠯᠪᠡᠷᠢ ᠶᠢᠨ ᠪᠣᠳᠠᠲᠠᠢ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠪᠣᠯᠣᠨ᠎ᠠ᠃      ᠲᠠᠪᠤ᠂ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠰᠤᠭᠤᠴᠢᠨ ᠪᠠᠶᠢᠴᠠᠭᠠᠬᠤ ᠳᠤ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢᠨ ᠠᠭᠤᠯᠭ᠎ᠠ ᠶᠢ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠲᠥᠷᠥ ᠶᠢᠨ ᠪᠣᠳᠣᠯᠭ᠎ᠠ ᠲᠠᠢ ᠬᠠᠷᠢᠴᠠᠭᠤᠯᠤᠨ ᠵᠤᠷᠪᠤᠰ ᠳᠠᠷᠠᠭᠠᠯᠠᠨ ᠬᠢᠨᠠᠨ ᠪᠠᠶᠢᠴᠠᠭᠠᠵᠤ᠂ ᠬᠢᠨᠠᠨ ᠪᠠᠶᠢᠴᠠᠭᠠᠬᠤ ᠪᠠᠷᠢᠮᠵᠢᠶ᠎ᠠ ᠠᠴᠠ ᠵᠥᠷᠢᠴᠡᠭᠰᠡᠨ ᠡᠰᠡᠬᠦ ᠶᠢ ᠣᠨᠣᠪᠴᠢᠲᠠᠶ ᠮᠠᠭᠠᠳᠯᠠᠬᠤ ᠬᠡᠷᠡᠭᠲᠡᠢ᠃ ᠰᠡᠵᠢᠭ ᠲᠠᠢ ᠠᠭᠤᠯᠭ᠎ᠠ ᠪᠠ ᠲᠥᠷᠥ ᠶᠢᠨ ᠪᠣᠳᠣᠯᠭ᠎ᠠ ᠲᠣᠭᠲᠠᠭᠠᠬᠤ ᠪᠠᠶᠢᠭᠤᠯᠭ᠎ᠠ ᠲᠠᠢ ᠰᠠᠨᠠᠯ ᠢᠶᠠᠨ ᠰᠣᠯᠢᠯᠴᠠᠵᠤ᠂ ᠲᠣᠭᠲᠠᠭᠠᠭᠰᠠᠨ ᠦᠨᠳᠦᠰᠦ ᠪᠠᠷᠢᠮᠲᠠ ᠶᠢ ᠨᠢ ᠬᠢᠨᠠᠨ ᠬᠠᠷᠭᠤᠭᠤᠯᠬᠤ ᠬᠡᠷᠡᠭᠲᠡᠢ᠃      ᠵᠢᠷᠭᠤᠭ᠎ᠠ᠂ ᠰᠤᠭᠤᠴᠢᠨ ᠪᠠᠶᠢᠴᠠᠭᠠᠭᠠᠳ ᠢᠯᠡᠷᠡᠭᠦᠯᠦᠭᠰᠡᠨ ᠨᠡᠶᠢᠲᠡᠯᠡᠭᠰᠡᠨ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠳᠤ ᠭᠤᠥᠯᠴᠢ ᠥᠷᠢᠰᠦᠯᠳᠦᠭᠡᠨ ᠤ ᠬᠢᠨᠠᠨ ᠪᠠᠶᠢᠴᠠᠭᠠᠯᠲᠠ ᠬᠢᠭᠰᠡᠨ ᠦᠭᠡᠢ᠂ ᠡᠰᠡᠬᠦᠯ᠎ᠡ ᠨᠡᠶᠢᠲᠡᠯᠡᠭᠰᠡᠨ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠳᠤ ᠥᠷᠢᠰᠦᠯᠳᠦᠭᠡᠨ ᠢ ᠭᠠᠳᠠᠭᠤᠷᠴᠢᠯᠠᠬᠤ᠂ ᠬᠢᠵᠠᠭᠠᠷᠯᠠᠬᠤ ᠠᠭᠤᠯᠭ᠎ᠠ ᠲᠠᠢ ᠪᠠᠶᠢᠪᠠᠯ᠂ ᠬᠠᠮᠲᠤᠷᠠᠭᠰᠠᠨ ᠬᠤᠷᠠᠯ ᠤᠨ ᠠᠯᠪᠠᠨ ᠭᠡᠷ ᠠᠴᠠ ᠲᠥᠷᠥ ᠶᠢᠨ ᠪᠣᠳᠣᠯᠭ᠎ᠠ ᠲᠣᠭᠲᠠᠭᠠᠬᠤ ᠪᠠᠶᠢᠭᠤᠯᠭ᠎ᠠ ᠳᠤ ᠪᠢᠴᠢᠭ ᠢᠶᠠᠷ ᠮᠡᠳᠡᠭᠳᠡᠬᠦ ᠶᠢᠨ ᠬᠠᠮᠲᠤ ᠴᠡᠭᠴᠡᠯᠡᠨ ᠰᠠᠶᠢᠵᠢᠷᠠᠭᠤᠯᠬᠤ ᠰᠠᠨᠠᠭᠤᠯᠭ᠎ᠠ ᠳᠤᠷᠠᠳᠤᠨ᠎ᠠ᠃      ᠳᠣᠯᠤᠭ᠎ᠠ᠂ ᠰᠤᠭᠤᠴᠢᠨ ᠪᠠᠶᠢᠴᠠᠭᠠᠭᠳᠠᠭᠰᠠᠨ ᠲᠥᠷᠥ ᠶᠢᠨ ᠪᠣᠳᠣᠯᠭ᠎ᠠ ᠲᠣᠭᠲᠠᠭᠠᠬᠤ ᠪᠠᠶᠢᠭᠤᠯᠭ᠎ᠠ ᠨᠢ ︽ᠭᠤᠥᠯᠴᠢ ᠪᠠᠷ ᠥᠷᠢᠰᠦᠯᠳᠦᠬᠦ ᠶᠢ ᠬᠢᠨᠠᠨ ᠪᠠᠶᠢᠴᠠᠭᠠᠬᠤ ᠶᠢᠨ ᠬᠡᠷᠡᠭᠵᠢᠭᠦᠯᠬᠦ ᠨᠠᠷᠢᠨ ᠳᠦᠷᠢᠮ︾ ᠤᠨ ᠲᠣᠭᠲᠠᠭᠠᠯ ᠶᠣᠰᠣᠭᠠᠷ᠂ ᠴᠡᠭᠴᠡᠯᠡᠨ ᠰᠠᠶᠢᠵᠢᠷᠠᠭᠤᠯᠬᠤ ᠱᠠᠭᠠᠷᠳᠠᠯᠭ᠎ᠠ ᠶᠣᠰᠣᠭᠠᠷ ᠲᠣᠭᠲᠠᠭᠰᠠᠨ ᠴᠠᠭ ᠬᠤᠭᠤᠴᠠᠭᠠᠨ ᠳᠤ ᠴᠡᠭᠴᠡᠯᠡᠨ ᠰᠠᠶᠢᠵᠢᠷᠠᠭᠤᠯᠬᠤ ᠶᠢ ᠪᠡᠶᠡᠯᠡᠭᠦᠯᠬᠦ ᠶᠢᠨ ᠬᠠᠮᠲᠤ᠂ ᠬᠠᠮᠲᠤᠷᠠᠭᠰᠠᠨ ᠬᠤᠷᠠᠯ ᠤᠨ ᠠᠯᠪᠠᠨ ᠭᠡᠷ ᠲᠤ ᠪᠢᠴᠢᠭ ᠢᠶᠠᠷ ᠬᠠᠷᠢᠭᠤ ᠲᠤᠰᠬᠠᠬᠤ ᠬᠡᠷᠡᠭᠲᠡᠢ᠃ ᠵᠠᠰᠠᠭ ᠵᠠᠬᠢᠷᠭᠠᠨ ᠤ ᠡᠷᠬᠡ ᠪᠠᠨ ᠳᠤᠷ᠎ᠠ ᠪᠠᠷ ᠢᠶᠠᠨ ᠬᠡᠷᠡᠭᠯᠡᠨ ᠥᠷᠢᠰᠦᠯᠳᠦᠭᠡᠨ ᠤ ᠦᠢᠯᠡ ᠠᠵᠢᠯᠯᠠᠭ᠎ᠠ ᠶᠢ ᠭᠠᠳᠠᠭᠤᠷᠴᠢᠯᠠᠵᠤ᠂ ᠬᠢᠵᠠᠭᠠᠷᠯᠠᠭᠰᠠᠨ ᠰᠡᠵᠢᠭᠯᠡᠯᠲᠡᠢ ᠪᠠᠶᠢᠪᠠᠯ᠂ ᠬᠤᠯᠪᠣᠭᠳᠠᠯ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠤᠨ ᠶᠣᠰᠣᠭᠠᠷ ᠰᠢᠢᠳᠪᠦᠷᠢᠯᠡᠨ᠎ᠡ᠃      ᠨᠠᠢᠮᠠ᠂ ᠬᠠᠮᠲᠤᠷᠠᠭᠰᠠᠨ ᠬᠤᠷᠠᠯ ᠤᠨ ᠠᠯᠪᠠᠨ ᠭᠡᠷ ᠨᠢ ᠰᠤᠭᠤᠴᠢᠨ ᠪᠠᠶᠢᠴᠠᠭᠠᠭᠰᠠᠨ ᠠᠵᠢᠯ ᠤᠨ ᠪᠠᠶᠢᠳᠠᠯ ᠢᠶᠠᠨ ᠴᠠᠭ ᠲᠤᠬᠠᠢ ᠳᠤᠨᠢ ᠳ᠋ᠦᠩᠨᠡᠵᠦ᠂ ᠣᠷᠣᠰᠢᠵᠤ ᠪᠠᠶᠢᠭ᠎ᠠ ᠠᠰᠠᠭᠤᠳᠠᠯ ᠢ ᠵᠢᠭᠰᠠᠭᠠᠨ᠂ ᠠᠵᠢᠯ ᠤᠨ ᠰᠠᠨᠠᠭᠤᠯᠭ᠎ᠠ ᠳᠤᠷᠠᠳᠴᠤ᠂ ᠪᠢᠴᠢᠭ ᠤᠨ ᠰᠤᠭᠤᠴᠢᠨ ᠪᠠᠶᠢᠴᠠᠭᠠᠭᠰᠠᠨ ᠠᠵᠢᠯ ᠤᠨ ᠮᠡᠳᠡᠭᠦᠯᠦᠯᠲᠡ ᠶᠢ ᠪᠦᠷᠢᠯᠳᠦᠭᠦᠯᠦᠨ᠂ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠳᠤ ᠮᠡᠳᠡᠭᠦᠯᠬᠦ ᠶᠢᠨ ᠬᠠᠮᠲᠤ᠂ ᠵᠣᠬᠢᠬᠤ ᠠᠷᠭ᠎ᠠ ᠮᠠᠶ᠋ᠢᠭ ᠢᠶᠠᠷ ᠨᠡᠶᠢᠭᠡᠮ ᠳᠤ ᠢᠯᠡ ᠪᠣᠯᠭᠠᠬᠤ ᠬᠡᠷᠡᠭᠲᠡᠢ᠃                       ᠬᠤᠲᠣᠩ ᠠᠷᠠᠳ ᠤᠨ ᠲᠣᠭᠤᠷᠢᠭ ᠤᠨ ᠭᠤᠣᠯᠴᠢ ᠥᠷᠢᠰᠦᠯᠳᠦᠭᠡᠨ ᠢ                             ᠬᠢᠨᠠᠨ ᠪᠠᠶᠢᠴᠠᠭᠠᠬᠤ ᠠᠵᠢᠯ ᠤᠨ ᠲᠣᠪᠴᠢᠶ᠎ᠠ ᠶᠢᠨ                       ᠬᠤᠭᠤᠷᠣᠨᠳᠣᠬᠢ ᠬᠠᠮᠲᠤᠷᠠᠭᠰᠠᠨ ᠬᠤᠷᠠᠯᠳᠤᠭᠠᠨ ᠤ ᠠᠯᠪᠠᠨ ᠭᠡᠷ                         ᠬᠤᠲᠣᠩ ᠠᠷᠠᠳ ᠤᠨ ᠲᠣᠭᠤᠷᠢᠭ ᠤᠨ ᠵᠠᠬ᠎ᠠ ᠳᠡᠯᠭᠡᠭᠦᠷ ᠤᠨ                         ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ︵ᠣᠷᠣᠯᠠᠨ ᠲᠠᠮᠠᠭ᠎ᠠ︶                        2024 ᠣᠨ ᠤ 2 ᠰᠠᠷ᠎ᠠ ᠶᠢᠨ 28 ᠤ ᠡᠳᠦᠷ      ᠢᠷᠡᠯᠲᠡ᠄ ᠬᠤᠲᠣᠩ ᠠᠷᠠᠳ ᠤᠨ ᠲᠣᠭᠤᠷᠢᠭ ᠤᠨ ᠵᠠᠰᠠᠭ ᠤᠨ ᠣᠷᠳᠣᠨ ᠤ ᠠᠯᠪᠠᠨ ᠰᠦᠯᠵᠢᠶ᠎ᠡ
 
ᠢᠷᠡᠯᠲᠡ᠄ ᠬᠤᠲᠤᠩ ᠠᠷᠠᠳ ᠤᠨ ᠲᠣᠭᠤᠷᠢᠭ ᠤᠨ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000611号-1号