ᠴᠠᠭᠢᠯᠭᠠᠨ ᠭᠦᠳᠡᠯᠭᠡᠭᠦᠷᠲᠦ ᠳᠤᠭᠤᠢ ᠲᠡᠷᠭᠡ ᠶᠢ ᠠᠰᠠᠷ ᠲᠤ ᠤᠷᠤᠭᠤᠯᠬᠤ ᠶᠢ ᠲᠥᠪᠯᠡᠷᠡᠭᠦᠯᠦᠨ ᠵᠠᠰᠠᠨ᠎ᠠ
ᠨᠡᠶᠢᠲᠡᠯᠡᠭᠰᠡᠨ ᠴᠠᠭ᠄
2024/2/29
      2 ᠰᠠᠷ᠎ᠠ ᠶᠢᠨ 26 ᠤ ᠡᠳᠦᠷ᠂ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠶᠠᠮᠤᠨ ᠶᠠᠮᠤᠨ ᠤ ᠨᠠᠮ ᠤᠨ ᠬᠤᠷᠢᠶᠠᠨ ᠤ ᠬᠤᠷᠠᠯ ᠪᠠ ᠶᠠᠮᠤᠨ ᠤ ᠶᠠᠪᠤᠳᠠᠯ ᠤᠨ ᠬᠤᠷᠠᠯ ᠬᠤᠷᠠᠯᠳᠤᠭᠤᠯᠪᠠ᠃ ᠬᠤᠷᠠᠯ ᠠᠴᠠ᠂ ᠣᠶᠢᠷ᠎ᠠ ᠶᠢᠨ ᠬᠤᠭᠤᠴᠠᠭᠠᠨ ᠤ ᠭᠠᠯ ᠤᠨ ᠠᠳᠡᠯ ᠠᠴᠠ ᠭᠦᠨᠵᠡᠭᠡᠢ ᠰᠤᠷᠭᠠᠮᠵᠢ ᠠᠪᠴᠤ᠂ ᠡᠯ᠎ᠡ ᠭᠠᠵᠠᠷ ᠤᠨ ᠬᠢᠨ ᠢ ᠱᠠᠯᠠᠪᠳᠠᠭᠤᠯᠵᠤ ᠪᠠᠶᠢᠭᠠᠳ︽ᠭᠤᠷᠪᠠᠨ ᠲᠦᠷᠦᠯ ᠤᠨ ᠲᠠᠯᠠᠪᠤᠷ ᠭᠠᠵᠠᠷ︾ᠪᠣᠯᠣᠨ ᠰᠠᠭᠤᠭᠠᠯᠢ ᠠᠷᠠᠳ ᠤᠨ ᠥᠨᠳᠥᠷ ᠳᠠᠪᠬᠤᠷᠭ᠎ᠠ ᠶᠢᠨ ᠠᠰᠠᠷ ᠢᠶᠠᠷ ᠭᠤᠣᠯᠳᠠᠭᠤᠯᠵᠤ᠂ ᠡᠯ᠎ᠡ ᠲᠦᠷᠦᠯ ᠤᠨ ᠭᠠᠯ ᠰᠡᠷᠭᠡᠶᠢᠯᠡᠵᠦ ᠭᠠᠯ ᠤᠨᠲᠠᠷᠠᠭᠠᠬᠤ ᠠᠮᠤᠷ ᠲᠦᠪᠰᠢᠨ ᠤ ᠠᠶᠤᠯ ᠲᠦᠭᠰᠢᠭᠦᠷᠢ ᠶᠢᠨ ᠭᠡᠮ ᠰᠣᠭᠤᠭ ᠢ ᠪᠦᠭᠦ ᠲᠠᠯ᠎ᠠ ᠪᠠᠷ ᠲᠤᠶᠢᠯᠪᠤᠷᠢᠲᠠᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠵᠤ᠂ ᠴᠠᠭᠢᠯᠭᠠᠨ ᠭᠦᠳᠡᠯᠭᠡᠭᠦᠷᠲᠦ ᠳᠤᠭᠤᠢ ᠲᠡᠷᠭᠡ ᠶᠢ ᠠᠰᠠᠷ ᠲᠤ ᠣᠷᠣᠭᠤᠯᠬᠤ ᠵᠡᠷᠭᠡ ᠲᠣᠪᠣᠶᠢᠮ᠎ᠠ ᠠᠰᠠᠭᠤᠳᠠᠯ ᠢ ᠲᠥᠪᠯᠡᠷᠡᠭᠦᠯᠦᠨ ᠵᠠᠰᠠᠬᠤ ᠬᠡᠷᠡᠭᠲᠡᠢ ᠭᠡᠵᠦ ᠱᠠᠭᠠᠷᠳᠠᠵᠠᠢ᠃      ᠠᠭᠤᠷᠬᠠᠢ᠂ ᠬᠢᠮᠢ ᠶᠢᠨ ᠠᠵᠤ ᠦᠢᠯᠡᠳᠪᠦᠷᠢ ᠵᠡᠷᠭᠡ ᠲᠦᠭᠰᠢᠭᠦᠷᠢ ᠶᠡᠬᠡᠲᠡᠢ ᠠᠵᠤ ᠠᠬᠤᠶᠢᠯᠠᠯ ᠤᠨ ᠠᠵᠢᠯ ᠦᠢᠯᠡᠳᠪᠦᠷᠢᠯᠡᠯ ᠢᠶᠠᠨ ᠰᠡᠷᠭᠦᠭᠡᠬᠦ ᠲᠠᠰ ᠳᠠᠷᠠᠭᠠᠯᠠᠯ ᠪᠠ ᠪᠠᠷᠢᠮᠵᠢᠶ᠎ᠠ ᠶᠢ ᠴᠢᠩᠳᠠᠯᠠᠵᠤ᠂ ᠬᠦᠨᠳᠦ ᠶᠡᠭᠡ ᠲᠦᠭᠰᠢᠭᠦᠷᠢ ᠶᠢᠨ ᠡᠬᠢ ᠰᠤᠷᠪᠤᠯᠵᠢ ᠶᠢ ᠳᠠᠭᠠᠭᠠᠨ ᠪᠠᠲᠤᠯᠠᠬᠤ ᠬᠠᠷᠢᠭᠤᠴᠠᠯᠭ᠎ᠠ ᠶᠢᠨ ᠳᠦᠷᠢᠮ ᠢ ᠬᠢᠨᠠᠮᠠᠭᠠᠢ ᠨᠠᠶᠢᠳᠠᠪᠤᠷᠢᠵᠢᠭᠤᠯᠤᠨ᠂ ᠭᠠᠯ ᠨᠣᠴᠣᠭᠠᠬᠤ᠂ ᠪᠠᠶᠢᠴᠠᠭᠠᠨ ᠵᠠᠰᠠᠵᠤ ᠰᠡᠯᠪᠢᠨ ᠵᠠᠰᠠᠬᠤ ᠵᠡᠷᠭᠡ ᠣᠨᠴᠠᠭᠠᠢ ᠠᠵᠢᠯ ᠤᠨ ᠬᠠᠮᠢᠶᠠᠷᠤᠯᠲᠠ ᠶᠢ ᠴᠢᠩᠭᠠᠷᠠᠭᠤᠯᠤᠨ᠎ᠠ᠃ ᠠᠶᠤᠯᠭᠦᠢ ᠦᠢᠯᠡᠳᠪᠦᠷᠢᠯᠡᠯ ᠤᠨ ᠶᠡᠭᠡ ᠵᠢᠭᠰᠠᠭᠠᠨ ᠪᠠᠶᠢᠴᠠᠭᠠᠯᠲᠠ ᠶᠢ ᠦᠷᠭᠦᠯᠵᠢᠯᠡᠨ ᠭᠦᠨᠵᠡᠭᠡᠢ ᠥᠷᠨᠢᠭᠦᠯᠵᠦ᠂ ᠭᠤᠣᠯᠳᠠᠯᠭ᠎ᠠ ᠲᠠᠢ ᠠᠵᠢᠯ ᠲᠥᠷᠥᠯ ᠤᠨ ᠬᠦᠷᠢᠶᠡᠨ ᠳᠠᠬᠢ ᠲᠤᠰᠬᠠᠢ ᠴᠡᠭᠴᠡᠯᠡᠨ ᠵᠠᠰᠠᠯᠲᠠ ᠶᠢ ᠭᠦᠨᠵᠡᠭᠡᠶᠢᠷᠡᠭᠦᠯᠦᠨ᠂ ᠬᠢᠨᠠᠯᠲᠠ ᠬᠠᠮᠢᠶᠠᠷᠤᠯᠲᠠ ᠶᠢᠨ ᠬᠦᠴᠦᠨ ᠢ ᠨᠢᠭᠡᠳᠦᠭᠡᠷ ᠹᠷᠣᠨᠲ ᠲᠤ ᠪᠠᠭᠤᠯᠭᠠᠬᠤ ᠶᠢ ᠠᠬᠢᠭᠤᠯᠵᠤ᠂ ᠢᠯᠡ ᠪᠠᠷ ᠪᠠᠶᠢᠴᠠᠭᠠᠵᠤ ᠳᠠᠯᠳᠠᠭᠤᠷ ᠰᠤᠷᠪᠤᠯᠵᠢᠯᠠᠬᠤ᠂ ᠰᠡᠷᠡᠮᠵᠢᠯᠡᠭᠦᠯᠦᠨ ᠢᠯᠡᠴᠢᠯᠡᠬᠦ ᠶᠢ ᠴᠢᠩᠭᠠᠷᠠᠭᠤᠯᠤᠨ᠎ᠠ᠃      ᠤᠢ ᠰᠢᠭᠤᠢ ᠨᠤᠲᠤᠭ ᠪᠡᠯᠴᠢᠭᠡᠷ ᠤᠨ ᠲᠦᠢᠮᠡᠷ ᠵᠡᠷᠭᠡ ᠪᠠᠶᠢᠭᠠᠯᠢ ᠶᠢᠨ ᠭᠠᠮᠰᠢᠭ ᠢ ᠴᠢᠩᠭ᠎ᠠ ᠰᠡᠷᠭᠡᠶᠢᠯᠡᠨ ᠡᠵᠡᠮᠳᠡᠬᠦ ᠬᠡᠷᠡᠭᠲᠡᠢ᠃ ᠡᠯ᠎ᠡ ᠲᠠᠯ᠎ᠠ ᠶᠢᠨ ᠬᠦᠴᠦᠨ ᠢ ᠳᠠᠶᠢᠴᠢᠯᠠᠨ᠂ ᠣᠶ ᠰᠢᠭᠤᠢ ᠨᠤᠲᠤᠭ ᠪᠡᠯᠴᠢᠭᠡᠷ ᠤᠨ ᠭᠠᠯ ᠤᠨ ᠠᠶᠤᠯ ᠤᠨ ᠬᠦᠨᠳᠦ ᠶᠡᠭᠡ ᠳᠠᠯᠳᠠ ᠭᠡᠮ ᠢ ᠴᠠᠭ ᠢᠮᠠᠭᠲᠠ ᠢᠯᠡᠷᠡᠭᠦᠯᠦᠨ ᠴᠡᠭᠴᠡᠯᠡᠬᠦ ᠪᠠ ᠲᠣᠭᠲᠠᠭᠠᠯ ᠠᠴᠠ ᠵᠥᠷᠢᠴᠡᠨ ᠭᠠᠯ ᠬᠡᠷᠡᠭᠯᠡᠭᠰᠡᠨ ᠦᠶᠯᠡ ᠠᠵᠢᠯᠯᠠᠭ᠎ᠠ ᠶᠢ ᠪᠠᠶᠢᠴᠠᠭᠠᠨ ᠰᠢᠢᠳᠪᠦᠷᠢᠯᠡᠬᠦ ᠲᠤᠰᠬᠠᠢ ᠠᠵᠢᠯᠯᠠᠭ᠎ᠠ ᠶᠢ ᠯᠠᠪᠳᠠᠭᠤᠨ ᠪᠠᠲᠤᠲᠠᠢ ᠥᠷᠨᠢᠭᠦᠯᠵᠦ᠂ ᠬᠡᠭᠡᠷ᠎ᠡ ᠭᠠᠳᠠᠨᠠᠬᠢ ᠭᠠᠯ ᠤᠨ ᠡᠬᠢ ᠰᠤᠷᠪᠤᠯᠵᠢ ᠶᠢ ᠬᠠᠮᠢᠶᠠᠷᠤᠨ ᠡᠵᠡᠮᠳᠡᠬᠦ ᠡᠷᠴᠢᠮ ᠢᠶᠠᠨ ᠴᠢᠩᠭᠠᠷᠠᠭᠤᠯᠤᠨ᠂ ᠲᠣᠰᠬᠤᠨ ᠪᠠ ᠡᠷᠦᠭᠡ ᠳᠤ ᠬᠦᠷᠴᠦ ᠭᠠᠯ ᠰᠡᠷᠭᠡᠶᠢᠯᠡᠬᠦ ᠤᠬᠠᠭᠤᠯᠭ᠎ᠠ ᠥᠷᠨᠢᠭᠦᠯᠵᠦ᠂ ᠣᠶ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠠᠷᠠᠳ ᠲᠦᠮᠡᠨ ᠤ ᠰᠡᠷᠭᠡᠶᠢᠯᠡᠯᠲᠡ ᠶᠢᠨ ᠱᠤᠭᠤᠮ ᠢ ᠪᠠᠬᠢᠵᠢᠭᠦᠯᠦᠨ᠎ᠡ᠃      ᠭᠠᠯ ᠤᠨ ᠴᠡᠭ ᠢ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠭᠦ ᠶᠢ ᠤᠯᠠᠮ ᠨᠢᠭᠡ ᠠᠯᠬᠤᠮ ᠴᠢᠩᠭᠠᠳᠬᠠᠵᠤ᠂ ᠵᠢᠯᠣᠭᠤᠳᠤᠯᠭ᠎ᠠ᠂ ᠬᠦᠴᠦᠨ ᠪᠠ ᠲᠣᠨᠣᠭᠯᠠᠯ ᠵᠡᠷᠭᠡ ︽ᠭᠤᠷᠪᠠ ᠶᠢ ᠲᠡᠷᠢᠭᠦᠨ ᠳᠤ ᠲᠠᠯᠪᠢᠬᠤ︾ ᠶᠢ ᠠᠬᠢᠭᠤᠯᠵᠤ᠂ ᠭᠠᠯ ᠤᠨ ᠠᠶᠤᠯ ᠭᠠᠷᠪᠠᠯ ᠡᠷᠲᠡ ᠠᠴᠠ ᠪᠠᠭ᠎ᠠ ᠳᠡᠭᠡᠷ᠎ᠡ ᠨᠢ ᠤᠨᠲᠠᠷᠠᠭᠠᠬᠤ ᠬᠡᠷᠡᠭᠲᠡᠢ᠃ ᠡᠭᠦᠨ ᠤ ᠬᠠᠮᠲᠤ᠂ ᠭᠠᠵᠠᠷ ᠬᠥᠳᠡᠯᠦᠯᠲᠡ ᠠᠴᠠ ᠰᠡᠷᠭᠡᠶᠢᠯᠡᠨ ᠭᠠᠮᠰᠢᠭ ᠢ ᠪᠠᠭᠠᠰᠬᠠᠬᠤ ᠪᠠ ᠪᠣᠷᠣᠭᠠᠨ ᠴᠠᠰᠤ ᠮᠥᠰᠥᠲᠦᠯ᠂ ᠰᠦᠩ ᠬᠠᠯᠢᠶ᠎ᠠ᠂ ᠡᠯᠡᠰᠦᠨ ᠰᠢᠭᠤᠷᠭ᠎ᠠ ᠵᠡᠷᠭᠡ ᠭᠠᠮᠰᠢᠭ ᠢ ᠰᠡᠷᠭᠡᠶᠢᠯᠡᠨ ᠠᠷᠭᠠᠴᠠᠭᠠᠬᠤ ᠠᠵᠢᠯ ᠢ ᠦᠷᠭᠦᠯᠵᠢᠯᠡᠨ ᠰᠠᠶᠢᠲᠤᠷ ᠠᠳᠬᠤᠬᠤ ᠬᠡᠷᠡᠭᠲᠡᠢ᠃
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000611号-1号