ᠰᠢᠨ᠎ᠡ ᠬᠡᠯᠪᠡᠷᠢ ᠶᠢᠨ ᠤᠰᠤᠲᠥ᠋ᠷᠥᠭᠴᠢ ᠠᠯᠺᠣᠣᠯ ᠤᠨ ᠴᠠᠬᠢᠯᠭᠠᠨ ᠬᠥᠳᠡᠯᠭᠡᠭᠦᠷᠲᠦ ᠬᠦᠨᠳᠦ ᠮᠠᠰᠢᠨ ᠤ ᠠᠵᠤ ᠦᠢᠯᠡᠰ ᠤᠨ ᠰᠠᠭᠤᠷᠢᠨ ᠭᠠᠵᠠᠷ ᠤᠨ ᠲᠥᠷᠥᠯ ᠵᠦᠢᠯ ᠮᠠᠨ ᠤ ᠬᠤᠲᠠ ᠳᠤ ᠨᠠᠶᠢᠳᠠᠪᠤᠷᠢᠵᠢᠪᠠ
ᠨᠡᠶᠢᠲᠡᠯᠡᠭᠰᠡᠨ ᠴᠠᠭ᠄
2024/2/29
      ︵ᠰᠤᠷᠪᠤᠯᠵᠢᠯᠠᠭᠴᠢ ᠶᠠᠩ ᠼᠠᠢ ᠰᠢᠶᠠ︶ ᠣᠶᠢᠷ᠎ᠠ ᠶᠢᠨ ᠵᠢᠯ ᠤᠨ ᠲᠤᠷᠰᠢ᠂ ᠮᠠᠨ ᠤ ᠬᠤᠳᠠ ᠥᠪᠡᠷᠲᠡᠭᠡᠨ ᠵᠠᠰᠠᠬᠤ ᠣᠷᠣᠨ ᠤ ᠰᠢᠨ᠎ᠡ ᠡᠨᠧᠷᠭᠢ ᠶᠢᠨ ᠠᠵᠤ ᠦᠢᠯᠡᠰ ᠤᠨ ᠥᠨᠳᠦᠷᠯᠢᠭ ᠭᠠᠵᠠᠷ ᠢ ᠪᠠᠶᠢᠭᠤᠯᠬᠤ ᠶᠢᠨ ᠲᠣᠭᠤᠷᠢᠨ ᠳᠤ᠂ ᠪᠣᠬᠢᠷᠲᠤᠯ ᠦᠭᠡᠢ ᠬᠥᠭᠵᠢᠯᠲᠡ ᠶᠢᠨ ᠮᠡᠷᠭᠡᠵᠢᠯ ᠤᠨ ᠠᠷᠭ᠎ᠠ ᠵᠠᠮ᠂  ᠲᠦᠷᠦ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ᠂ ᠬᠠᠮᠢᠶᠠᠷᠤᠯᠲᠠ ᠶᠢᠨ ᠲᠣᠭᠲᠠᠴᠠ ᠶᠢ ᠢᠳᠡᠪᠬᠢᠲᠡᠢ ᠰᠦᠪᠡᠭᠴᠢᠯᠡᠵᠦ᠂ ᠰᠢᠨ᠎ᠡ ᠡᠨᠧᠷᠭᠢ ᠶᠢᠨ ᠬᠡᠯᠬᠢᠶ᠎ᠡ ᠶᠢ ᠤᠷᠲᠤᠳᠬᠠᠨ ᠬᠡᠯᠬᠢᠶ᠎ᠡ ᠶᠢ ᠨᠥᠬᠦᠪᠦᠷᠢᠯᠡᠵᠦ ᠬᠡᠯᠬᠢᠶ᠎ᠡ ᠶᠢ ᠴᠢᠩᠭᠠᠳᠬᠠᠬᠤ ᠠᠵᠢᠯᠯᠠᠭ᠎ᠠ ᠶᠢ ᠭᠦᠨᠵᠡᠭᠡᠢ ᠬᠡᠷᠡᠭᠵᠢᠭᠦᠯᠵᠦ᠂ ᠨᠢᠭᠡ ᠪᠦᠯᠦᠭ ᠭᠤᠣᠯᠳᠠᠯᠭ᠎ᠠ ᠲᠠᠢ ᠲᠦᠷᠦᠯ ᠵᠦᠢᠯ ᠢ ᠤᠷᠢᠳ ᠬᠤᠵᠢᠳ ᠡᠬᠢᠯᠡᠭᠦᠯᠵᠡᠢ᠃ ᠣᠶᠢᠷ᠎ᠠ ᠳᠤ᠂ ᠰᠢᠨ᠎ᠡ ᠬᠡᠯᠪᠡᠷᠢ ᠶᠢᠨ ᠤᠰᠤᠲᠥ᠋ᠷᠥᠭᠴᠢ ᠠᠯᠺᠣᠣᠯ ᠤᠨ ᠴᠠᠬᠢᠯᠭᠠᠨ ᠬᠥᠳᠡᠯᠭᠡᠭᠦᠷᠲᠦ ᠬᠦᠨᠳᠦ ᠮᠠᠰᠢᠨ ᠤ ᠠᠵᠤ ᠦᠢᠯᠡᠰ ᠤᠨ ᠰᠠᠭᠤᠷᠢᠨ ᠭᠠᠵᠠᠷ ᠤᠨ ᠲᠥᠷᠥᠯ ᠵᠦᠢᠯ ᠢ ᠴᠡᠯᠡᠭᠡᠷ ᠲᠠᠯ᠎ᠠ ᠰᠦ ᠶᠢᠨ ᠦᠢᠯᠡᠰ ᠤᠨ ᠨᠡᠭᠡᠭᠡᠯᠲᠡ ᠶᠢᠨ ᠲᠣᠭᠤᠷᠢᠭ ᠲᠤ ᠨᠠᠶᠢᠳᠠᠪᠤᠷᠢᠵᠢᠭᠤᠯᠪᠠ᠃      ᠰᠢᠨ᠎ᠡ ᠬᠡᠯᠪᠡᠷᠢ ᠶᠢᠨ ᠤᠰᠤᠲᠥ᠋ᠷᠥᠭᠴᠢ ᠠᠯᠺᠣᠣᠯ ᠤᠨ ᠴᠠᠬᠢᠯᠭᠠᠨ ᠬᠥᠳᠡᠯᠭᠡᠭᠦᠷᠲᠦ ᠬᠦᠨᠳᠦ ᠮᠠᠰᠢᠨ ᠤ ᠠᠵᠤ ᠦᠢᠯᠡᠰ ᠤᠨ ᠰᠠᠭᠤᠷᠢᠨ ᠤ ᠲᠦᠷᠦᠯ ᠵᠦᠢᠯ ᠪᠣᠯ 2023 ᠣᠨ ᠤ ᠳᠤᠮᠳᠠᠳᠤ ᠤᠯᠤᠰ ᠤᠨ ᠠᠵᠤ ᠦᠢᠯᠡᠰ ᠤᠨ ᠰᠢᠯᠵᠢᠯᠲᠡ ᠶᠢᠨ ᠬᠥᠭᠵᠢᠯᠲᠡ ᠶᠢ ᠵᠣᠯᠭᠠᠭᠤᠯᠬᠤ ᠠᠵᠢᠯᠯᠠᠭ᠎ᠠ ᠳᠤ ᠭᠡᠷ᠎ᠡ ᠲᠣᠭᠲᠠᠭᠰᠠᠨ ᠴᠢᠬᠤᠯᠠ ᠶᠡᠭᠡ ᠲᠦᠷᠦᠯ ᠵᠦᠢᠯ ᠤᠨ ᠨᠢᠭᠡ ᠪᠣᠯᠣᠨ᠎ᠠ᠃ ᠮᠠᠨ ᠤ ᠬᠤᠲᠠ ᠶᠢᠨ ᠣᠷᠣᠨ ᠪᠠᠶᠢᠷᠢ ᠶᠢᠨ ᠳᠠᠪᠠᠭᠤᠯᠢᠭ ᠪᠠ ᠠᠵᠤ ᠦᠢᠯᠡᠰ ᠤᠨ ᠰᠠᠭᠤᠷᠢ ᠳᠤ ᠲᠦᠰᠢᠭᠯᠡᠨ᠂ ᠲᠣᠰ ᠲᠥᠷᠥᠯ ᠵᠦᠢᠯ ᠳᠤ ᠨᠣᠭᠤᠭᠠᠨ ᠴᠠᠬᠢᠯᠭᠠᠨ ᠤ ᠮᠧᠲ᠋ᠢᠯ ᠠᠯᠺᠣᠣᠯ ᠤᠨ ᠠᠵᠤ ᠦᠢᠯᠡᠰ ᠤᠨ ᠪᠠᠶᠢᠷᠢᠰᠢᠭᠤᠯᠤᠯᠲᠠ ᠶᠢ ᠲᠦᠷᠭᠡᠳᠬᠡᠵᠦ᠂ ᠪᠡᠯᠡ ᠣᠷᠣᠭᠤᠯᠤᠯᠲᠠ ᠶᠢᠨ ᠶᠡᠷᠦᠩᠬᠡᠢ ᠬᠡᠮᠵᠢᠶ᠎ᠡ ᠵᠢᠱᠢᠯᠲᠡ ᠪᠠᠷ 100 ᠳ᠋ᠦᠩᠰᠢᠭᠤᠷ ᠲᠥᠭᠦᠷᠢᠭ ᠬᠦᠷᠦᠨ᠎ᠡ᠃ ᠨᠢᠭᠡᠳᠦᠭᠡᠷ ᠬᠤᠭᠤᠴᠠᠭᠠᠨ ᠤ ᠲᠦᠷᠦᠯ ᠵᠦᠢᠯ ᠨᠢ ᠵᠢᠯ ᠳᠤ 1 ᠲᠦᠮᠡᠨ ᠰᠠᠤᠷᠢ ᠤᠰᠤᠲᠥ᠋ᠷᠥᠭᠴᠢ ᠠᠯᠺᠣᠣᠯ ᠤᠨ ᠴᠠᠬᠢᠯᠭᠠᠨ ᠬᠥᠳᠡᠯᠭᠡᠭᠦᠷᠲᠦ ᠬᠦᠨᠳᠦ ᠮᠠᠰᠢᠨ ᠤ ᠬᠥᠳᠡᠯᠭᠡᠬᠦ ᠬᠦᠴᠦᠨ ᠤ ᠶᠡᠷᠦᠩᠬᠡᠢ ᠪᠦᠲᠦᠴᠡ ᠶᠢ ᠦᠢᠯᠡᠳᠪᠦᠷᠢᠯᠡᠵᠦ᠂ ᠬᠤᠶᠠᠳᠤᠭᠠᠷ ᠬᠤᠭᠤᠴᠠᠭᠠᠨ ᠤ ᠲᠦᠷᠦᠯ ᠵᠦᠢᠯ ᠨᠢ ᠵᠢᠯ ᠳᠤ 3 ᠲᠦᠮᠡᠨ ᠰᠠᠤᠷᠢ ᠤᠰᠤᠲᠥ᠋ᠷᠥᠭᠴᠢ ᠠᠯᠺᠣᠣᠯ ᠤᠨ ᠳᠣᠲᠣᠭᠠᠳᠤ ᠰᠢᠲᠠᠯᠲᠠ ᠶᠢᠨ ᠮᠠᠰᠢᠨ᠂ 10 ᠲᠦᠮᠡᠨ ᠰᠠᠤᠷᠢ ᠴᠠᠬᠢᠯᠭᠠᠨ ᠮᠠᠰᠢᠨ ᠵᠢᠴᠢ ᠴᠠᠬᠢᠯᠭᠠᠨ ᠡᠵᠡᠮᠰᠢᠯ ᠤᠨ ᠰᠢᠰᠲ᠋ᠧᠮ ᠢ ᠦᠢᠯᠡᠳᠪᠦᠷᠢᠯᠡᠨ᠎ᠡ᠃      ᠰᠠᠨᠰᠠᠷ ᠤᠨ ᠠᠶᠠᠯᠠᠯ ᠤᠨ ᠠᠨ ᠬᠤᠸᠠ ︵ᠱᠧᠨᠵᠧᠨ︶ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ ᠬᠡᠷᠡᠭ ᠮᠡᠳᠡᠭᠴᠢ ᠯᠢᠶᠠᠨ ᠪᠥᠸᠧ ᠰᠤᠷᠪᠤᠯᠵᠢᠯᠠᠭᠴᠢ ᠳᠤ ᠲᠠᠨᠢᠯᠴᠠᠭᠤᠯᠬᠤ ᠳᠠᠭᠠᠨ᠄ ︽ᠤᠰᠤᠲᠥ᠋ᠷᠥᠭᠴᠢ ᠠᠯᠺᠣᠣᠯ ᠤᠨ ᠴᠠᠬᠢᠯᠭᠠᠨ ᠬᠥᠳᠡᠯᠭᠡᠭᠦᠷᠲᠦ ᠬᠦᠨᠳᠦ ᠮᠠᠰᠢᠨ ᠨᠢ ᠮᠠᠰᠢ ᠶᠡᠭᠡ ᠡᠨᠧᠷᠭᠢ ᠠᠷᠪᠢᠯᠠᠳᠠᠭ᠂ ᠴᠠᠶᠢᠶ᠋ᠢᠦ ᠲᠣᠰᠣ ᠠᠴᠠ ᠬᠠᠭᠠᠰ ᠢᠯᠡᠭᠦᠦ ᠰᠢᠲᠠᠭᠠᠯᠭ᠎ᠠ ᠶᠢᠨ ᠵᠠᠷᠤᠳᠠᠯ ᠠᠷᠪᠢᠯᠠᠳᠠᠭ ᠪᠥᠭᠡᠳ ᠴᠠᠬᠢᠯᠭᠠᠨ ᠴᠡᠨᠡᠭᠯᠡᠬᠦ ᠱᠣᠩ ᠬᠡᠷᠡᠭᠰᠡᠬᠦ ᠦᠭᠡᠢ᠂ ᠤᠰᠤᠲᠥ᠋ᠷᠥᠭᠴᠢ ᠨᠡᠮᠡᠬᠦ ᠥᠷᠲᠡᠭᠡ ᠴᠦ ᠬᠡᠷᠡᠭᠰᠡᠬᠦ ᠦᠭᠡᠢ᠂ ᠤᠯᠠᠮᠵᠢᠯᠠᠯᠲᠤ ᠲᠣᠰᠣ ᠨᠡᠮᠡᠬᠦ ᠥᠷᠲᠡᠭᠡ ᠪᠠᠷ ᠴᠠᠬᠢᠯᠭᠠᠨ ᠬᠥᠳᠡᠯᠭᠡᠭᠦᠷᠲᠦ ᠮᠠᠰᠢᠨ ᠲᠡᠷᠭᠡᠨ ᠤ ᠴᠡᠪᠡᠷ ᠲᠦᠯᠡᠰᠢ ᠶᠢ ᠴᠠᠬᠢᠯᠭᠠᠨ ᠬᠥᠳᠡᠯᠭᠡᠭᠦᠷᠲᠦ ᠬᠦᠨᠳᠦ ᠮᠠᠰᠢᠨ ᠳᠡᠭᠡᠷ᠎ᠡ ᠰᠢᠭᠤᠳ ᠬᠡᠷᠡᠭᠯᠡᠵᠦ ᠪᠣᠯᠣᠨ᠎ᠠ᠃ ᠤᠰᠤᠲᠥ᠋ᠷᠥᠭᠴᠢ ᠠᠯᠺᠣᠣᠯ ᠤᠨ ᠴᠠᠬᠢᠯᠭᠠᠨ ᠬᠥᠳᠡᠯᠭᠡᠭᠦᠷᠲᠦ ᠬᠦᠨᠳᠦ ᠮᠠᠰᠢᠨ ᠤ ᠪᠦᠬᠦᠯᠢ ᠲᠡᠷᠭᠡᠨ ᠤ ᠦᠨ᠎ᠡ ᠨᠢ ᠲᠦᠭᠦᠬᠡᠢ ᠴᠢᠯᠠᠭᠤᠨ ᠲᠣᠰᠣᠨ ᠤ ᠬᠦᠨᠳᠦ ᠮᠠᠰᠢᠨ ᠲᠠᠢ ᠪᠠᠷᠤᠭ ᠠᠳᠠᠯᠢ ᠪᠠᠶᠢᠵᠤ᠂ ᠲᠦᠭᠡᠮᠡᠯᠵᠢᠭᠦᠯᠬᠦ ᠶᠠᠪᠤᠴᠠ ᠳᠤ ᠤᠯᠤᠰ ᠤᠨ ᠵᠠᠰᠠᠭ ᠤᠨ ᠣᠷᠳᠣᠨ ᠤ ᠨᠥᠬᠦᠪᠦᠷᠢ ᠶᠢ ᠬᠡᠷᠡᠭᠰᠡᠬᠦ ᠦᠭᠡᠢ᠂ ᠪᠦᠷᠢᠮᠦᠰᠦᠨ ᠵᠠᠬ᠎ᠠ ᠳᠡᠯᠭᠡᠭᠦᠷᠴᠢᠯᠡᠨ ᠠᠵᠢᠯᠯᠠᠭᠤᠯᠤᠨ᠎ᠠ᠃ ᠡᠭᠦᠨ ᠠᠴᠠ ᠭᠠᠳᠠᠨ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠯᠪᠡᠭ ᠪᠠᠶᠠᠯᠢᠭ ᠰᠠᠯᠬᠢ ᠭᠡᠷᠡᠯ ᠴᠠᠬᠢᠯᠭᠠᠨ ᠢᠶᠠᠷ ᠰᠢᠭᠤᠳ ᠤᠰᠤᠲᠥ᠋ᠷᠥᠭᠴᠢ ᠶᠢ ᠦᠢᠯᠡᠳᠴᠦ ᠪᠣᠯᠣᠨ᠎ᠠ᠂ ᠤᠰᠤᠲᠥ᠋ᠷᠥᠭᠴᠢ ᠶᠢ ᠦᠢᠯᠡᠳᠦᠭᠰᠡᠨ ᠤ ᠳᠠᠷᠠᠭ᠎ᠠ ᠰᠢᠭᠤᠳ ᠪᠣᠬᠢᠷᠲᠤᠯ ᠦᠭᠡᠢ ᠲᠣᠭᠲᠠᠭᠤᠨ ᠲᠥᠯᠥᠪ ᠲᠠᠢ ᠮᠧᠲ᠋ᠢᠯ ᠠᠯᠺᠤᠤᠯ ᠳᠤ ᠪᠤᠴᠠᠨ ᠢᠷᠡᠵᠦ᠂ ᠤᠰᠤᠲᠥ᠋ᠷᠥᠭᠴᠢ ᠬᠡᠷᠡᠭᠯᠡᠪᠡᠴᠦ ᠤᠰᠤᠲᠥ᠋ᠷᠥᠭᠴᠢ ᠶᠢ ᠣᠯᠵᠤ ᠦᠵᠡᠬᠦ ᠦᠭᠡᠢ᠂ ᠨᠡᠭᠦᠷᠡᠰᠦᠲᠥ᠋ᠷᠥᠭᠴᠢ ᠬᠡᠷᠡᠭᠯᠡᠪᠡᠴᠦ ᠨᠡᠭᠦᠷᠡᠰᠦᠲᠥ᠋ᠷᠥᠭᠴᠢ ᠶᠢ ᠨᠡᠮᠡᠭᠳᠡᠭᠦᠯᠬᠦ ᠦᠭᠡᠢ᠂ ᠡᠩ ᠤᠨ ᠳᠤᠯᠠᠭᠠᠨ ᠡᠩ ᠤᠨ ᠳᠠᠷᠤᠯᠲᠠ ᠲᠠᠢ ᠡᠩ ᠤᠨ ᠲᠥᠬᠦᠭᠡᠷᠦᠮᠵᠢ ᠲᠠᠢ᠂ ᠲᠣᠭᠲᠠᠭᠤᠨ ᠪᠠᠶᠢᠳᠠᠯ ᠲᠠᠢ ᠴᠡᠪᠡᠷ ᠰᠢᠨ᠎ᠡ ᠲᠦᠯᠡᠰᠢ ᠪᠣᠯᠣᠨ᠎ᠠ︾ ᠭᠡᠵᠡᠢ᠃ ᠯᠢᠶᠠᠨ ᠪᠥᠸᠧ ᠤᠰᠤᠲᠥ᠋ᠷᠥᠭᠴᠢ ᠠᠯᠺᠣᠣᠯ ᠤᠨ ᠴᠠᠬᠢᠯᠭᠠᠨ ᠬᠥᠳᠡᠯᠭᠡᠭᠦᠷᠲᠦ ᠬᠦᠨᠳᠦ ᠮᠠᠰᠢᠨ ᠤ ᠠᠷᠤ ᠳᠠᠬᠢ ᠨᠣᠭᠤᠭᠠᠨ ᠥᠩᠭᠡ ᠶᠢᠨ ᠨᠢᠭᠤᠴᠠ ᠶᠢ ᠲᠠᠨᠢᠯᠴᠠᠭᠤᠯᠬᠤ ᠳᠠᠭᠠᠨ᠂ ᠬᠦᠨᠳᠦ ᠮᠠᠰᠢᠨ ᠲᠤ ᠴᠡᠪᠡᠷ ᠤᠰᠤᠲᠥ᠋ᠷᠥᠭᠴᠢ ᠠᠯᠺᠣᠣᠯ ᠢ ︽ᠢᠳᠡᠵᠦ︾᠂ ᠤᠰᠤ ᠶᠢ ︽ᠭᠠᠳᠠᠭᠰᠢᠯᠠᠭᠤᠯᠵᠤ︾᠂ ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠦᠭᠡᠢ᠂ ᠤᠯᠠᠮᠵᠢᠯᠠᠯᠲᠤ ᠬᠦᠨᠳᠦ ᠮᠠᠰᠢᠨ ᠲᠠᠢ ᠬᠠᠷᠢᠴᠠᠭᠤᠯᠪᠠᠯ᠂ ᠤᠰᠤᠲᠥ᠋ᠷᠥᠭᠴᠢ ᠠᠯᠺᠣᠣᠯ ᠤᠨ ᠬᠦᠨᠳᠦ ᠮᠠᠰᠢᠨ ᠬᠦᠬᠦᠷ ᠵᠢᠴᠢ ᠮᠥᠬᠦᠯᠢᠭᠲᠦ ᠪᠣᠳᠠᠰ ᠡᠭᠦᠰᠬᠡᠬᠦ ᠦᠭᠡᠢ ᠪᠠᠶᠢᠵᠤ᠂ ᠭᠠᠳᠠᠭᠰᠢᠯᠠᠭᠤᠯᠬᠤ ᠦᠭᠡᠢ᠂ ᠪᠣᠬᠢᠷᠲᠤᠭᠤᠯᠬᠤ ᠦᠭᠡᠢ ᠪᠠᠶᠢᠬᠤ ᠶᠢ ᠪᠡᠶᠡᠯᠡᠭᠦᠯᠦᠭᠰᠡᠨ ᠪᠠᠶᠢᠨ᠎ᠠ ᠭᠡᠵᠡᠢ᠃      ᠣᠶᠢᠯᠠᠭᠠᠭᠰᠠᠨ ᠢᠶᠠᠷ᠂ ᠰᠠᠨᠰᠠᠷ ᠤᠨ ᠠᠶᠠᠯᠠᠯ ᠤᠨ ᠠᠨ ᠬᠤᠸᠠ ︵ᠱᠧᠨᠵᠧᠨ︶ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠪᠣᠯ ᠱᠧᠨᠵᠧᠨ ᠤ ᠠᠭᠠᠷ ᠤᠨ ᠠᠶᠠᠯᠠᠯ ᠤᠨ ᠡᠨᠧᠷᠭᠢ ᠶᠢᠨ ᠤᠰᠤᠲᠥ᠋ᠷᠥᠭᠴᠢ ᠠᠯᠺᠣᠣᠯ ᠤᠨ ᠡᠨᠧᠷᠭᠢ ᠶᠢᠨ ᠰᠢᠨ᠎ᠡ ᠶᠢ ᠡᠭᠦᠳᠬᠦ ᠰᠤᠳᠤᠯᠭᠠᠨ ᠤ ᠬᠦᠷᠢᠶᠡᠯᠡᠩ ᠤᠨ ᠬᠡᠷᠡᠭ ᠡᠷᠬᠢᠯᠡᠭᠴᠢᠳ ᠤᠨ ᠨᠢᠭᠡᠴᠢ ᠵᠢᠴᠢ ᠠᠵᠤ ᠦᠢᠯᠡᠰ ᠤᠨ ᠰᠠᠭᠤᠷᠢᠰᠢᠯ ᠤᠨ ᠺᠣᠮᠫᠠᠨᠢ ᠪᠣᠯᠣᠨ᠎ᠠ᠂ ᠠᠵᠤ ᠦᠢᠯᠡᠰ ᠤᠨ ᠰᠤᠳᠤᠯᠭᠠᠨ ᠤ ᠬᠦᠷᠢᠶᠡᠯᠡᠩ ᠤᠨ ᠤᠰᠤᠲᠥ᠋ᠷᠥᠭᠴᠢ ᠠᠯᠺᠣᠣᠯ ᠤᠨ ᠴᠠᠬᠢᠯᠭᠠᠨ ᠬᠥᠳᠡᠯᠭᠡᠭᠦᠷᠲᠦ ᠬᠦᠨᠳᠦ ᠮᠠᠰᠢᠨ ᠤ ᠠᠵᠤ ᠦᠢᠯᠡᠰ ᠢ ᠨᠠᠶᠢᠳᠠᠪᠤᠷᠢᠵᠢᠭᠤᠯᠬᠤ ᠠᠵᠢᠯ ᠢ ᠡᠭᠦᠷᠭᠡᠯᠡᠵᠦ᠂ ᠤᠯᠤᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠶᠠᠮᠤᠨ ᠤ ︽973︾ ᠲᠤᠰᠬᠠᠢ ᠲᠥᠷᠥᠯ ᠤᠨ ᠵᠣᠬᠢᠶᠠᠮᠠᠯ ᠨᠡᠶᠢᠯᠡᠯᠭᠡ ᠨᠡᠷᠡᠨ ᠤ ᠲᠦᠯᠡᠰᠢ᠂ ︽ᠰᠢᠩᠭᠡᠨ ᠲᠥᠯᠥᠪᠲᠦ ᠨᠡᠷᠡᠨ ᠤ ᠭᠡᠷᠡᠯ︾ ᠤᠨ ᠭᠤᠣᠯ ᠢᠵᠢ ᠪᠦᠷᠢᠳᠦᠭᠦᠯᠬᠦ ᠰᠢᠩᠭᠡᠭᠡᠬᠦ ᠮᠡᠷᠭᠡᠵᠢᠯ ᠤᠨ ᠰᠤᠳᠤᠯᠤᠨ ᠨᠡᠭᠡᠭᠡᠬᠦ ᠠᠵᠤ ᠠᠬᠤᠶᠢᠯᠠᠯ ᠪᠣᠯᠣᠨ᠎ᠠ᠃ ᠲᠤᠰ ᠰᠢᠩᠭᠡᠭᠡᠬᠦ ᠮᠡᠷᠭᠡᠵᠢᠯ ᠢ ᠭᠤᠣᠯᠳᠠᠭᠤ ᠬᠦᠨᠳᠦ ᠮᠠᠰᠢᠨ᠂ ᠬᠦᠨᠳᠦ ᠲᠤᠨᠤᠭ᠂ ᠬᠦᠨᠳᠦ ᠠᠵᠤ ᠦᠢᠯᠡᠳᠪᠦᠷᠢ᠂ ᠬᠦᠨᠳᠦ ᠣᠩᠭᠤᠴᠠᠨ ᠤ ᠴᠡᠪᠡᠷ ᠲᠦᠯᠡᠰᠢ ᠶᠢᠨ ᠴᠠᠬᠢᠯᠭᠠᠨ ᠬᠥᠳᠡᠯᠭᠡᠭᠦᠷᠲᠦ ᠬᠥᠳᠡᠯᠭᠡᠬᠦ ᠬᠦᠴᠦᠨ ᠤ ᠰᠢᠰᠲ᠋ᠧᠮ ᠳᠤ ᠬᠡᠷᠡᠭᠯᠡᠵᠦ᠂ ᠥᠨᠳᠥᠷ ᠦᠷ᠎ᠡ ᠠᠰᠢᠭ ᠲᠠᠢ ᠤᠰᠤᠲᠥ᠋ᠷᠥᠭᠴᠢ ᠠᠯᠺᠣᠣᠯ ᠤᠨ ᠳᠣᠲᠣᠭᠠᠳᠤ ᠰᠢᠲᠠᠯᠲᠠ ᠶᠢᠨ ᠴᠠᠬᠢᠯᠭᠠᠨ ᠭᠠᠷᠭᠠᠬᠤ ᠮᠠᠰᠢᠨ ᠴᠣᠭᠴᠠᠯᠠᠪᠤᠷᠢ ᠪᠠᠷ ᠭᠤᠣᠯ ᠪᠣᠯᠭᠠᠭᠰᠠᠨ ᠤᠰᠤᠲᠥ᠋ᠷᠥᠭᠴᠢ ᠠᠯᠺᠣᠣᠯ ᠤᠨ ᠴᠠᠬᠢᠯᠭᠠᠨ ᠬᠥᠳᠡᠯᠭᠡᠭᠦᠷᠲᠦ ᠬᠥᠳᠡᠯᠭᠡᠬᠦ ᠬᠦᠴᠦᠨ ᠤ ᠶᠡᠷᠦᠩᠬᠡᠢ ᠪᠦᠲᠦᠴᠡ ᠶᠢ ᠪᠦᠷᠢᠯᠳᠦᠭᠦᠯᠵᠦ᠂ ᠤᠰᠤᠲᠥ᠋ᠷᠥᠭᠴᠢ ᠠᠯᠺᠣᠣᠯ ᠤᠨ ᠴᠠᠬᠢᠯᠭᠠᠨ ᠬᠥᠳᠡᠯᠭᠡᠭᠦᠷᠲᠦ ᠬᠦᠨᠳᠦ ᠮᠠᠰᠢᠨ ᠤ ᠬᠥᠳᠡᠯᠭᠡᠬᠦ ᠬᠦᠴᠦᠨ ᠢ ᠰᠢᠢᠳᠪᠦᠷᠢᠯᠡᠬᠦ ᠲᠥᠰᠥᠯ ᠢ ᠬᠠᠩᠭᠠᠳᠠᠭ᠃      ︽ᠬᠥᠬᠡᠬᠤᠲᠠ ᠪᠣᠯ ᠨᠢᠭᠡᠨ ᠰᠢᠨ᠎ᠡ ᠡᠨᠧᠷᠭᠢ ᠶᠢᠨ ᠰᠤᠷᠪᠤᠯᠵᠢ ᠶᠢᠨ ᠡᠷᠳᠡᠨᠢ ᠶᠢᠨ ᠣᠷᠣᠨ ᠮᠥᠨ᠂ ᠲᠠᠩ ᠲᠠᠯᠠᠰᠲᠤ ᠴᠠᠬᠢᠭᠤᠷ᠂ ᠬᠡᠷᠡᠯ ᠸᠣᠯᠲ ᠵᠡᠷᠭᠡ ᠮᠠᠲ᠋ᠧᠷᠢᠶᠠᠯ ᠤᠨ ᠠᠵᠤ ᠦᠢᠯᠡᠰ ᠤᠨ ᠬᠥᠭᠵᠢᠯᠲᠡ ᠲᠦᠷᠭᠡᠨ ᠪᠠᠶᠢᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠴᠢᠳᠠᠪᠤᠷᠢ ᠠᠯᠬᠤᠮ ᠠᠯᠬᠤᠮ ᠢᠶᠠᠷ ᠳᠡᠭᠡᠭᠰᠢᠯᠡᠵᠦ᠂ ᠠᠵᠤ ᠦᠢᠯᠡᠰ ᠤᠨ ᠢᠵᠢ ᠪᠦᠷᠢᠳᠦᠭᠦᠯᠬᠦ ᠴᠢᠳᠠᠪᠤᠷᠢ ᠴᠤ ᠶᠠᠪᠤᠬᠤ ᠲᠤᠲᠤᠮ ᠪᠣᠯᠪᠠᠰᠤᠷᠠᠩᠭᠤᠢ ᠪᠣᠯᠵᠤ᠂ ᠰᠠᠶᠢᠨ ᠰᠠᠶᠢᠬᠠᠨ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠲᠠᠢ ᠪᠣᠯᠤᠭᠰᠠᠨ ᠢᠶᠠᠷ ᠪᠠᠷᠠᠬᠤ ᠦᠭᠡᠢ ᠪᠠᠰᠠ ᠮᠠᠰᠢ ᠰᠠᠶᠢᠨ ᠤᠰᠤᠲᠥ᠋ᠷᠥᠭᠴᠢ ᠠᠯᠺᠣᠣᠯ ᠤᠨ ᠠᠵᠤ ᠦᠢᠯᠡᠰ ᠤᠨ ᠬᠥᠭᠵᠢᠯᠲᠡ ᠶᠢᠨ ᠰᠠᠭᠤᠷᠢ ᠲᠠᠢ ᠪᠣᠯᠵᠤ᠂ ᠠᠳᠡᠬᠢ ᠵᠠᠬ᠎ᠠ ᠳᠡᠯᠭᠡᠭᠦᠷ ᠤᠨ ᠳᠠᠯᠳᠠ ᠬᠦᠴᠦᠨ ᠯᠤᠲᠤ ᠶᠡᠭᠡ ᠪᠠᠶᠢᠨ᠎ᠠ᠃ ᠪᠢᠳᠡ ᠡᠨᠡ ᠵᠢᠯ ᠤᠨ 5 ᠰᠠᠷ᠎ᠠ ᠳᠤ ᠨᠢᠭᠡᠳᠦᠭᠡᠷ ᠪᠦᠯᠦᠭ ᠤᠨ ᠦᠢᠯᠡᠳᠬᠦᠨ ᠢ ᠦᠢᠯᠡᠳᠪᠦᠷᠢᠯᠡᠵᠦ ᠭᠠᠷᠭᠠᠬᠤ ᠪᠠᠷ ᠲᠥᠯᠥᠪᠯᠡᠵᠦ ᠪᠠᠶᠢᠨ᠎ᠠ︾ ᠭᠡᠵᠡᠢ᠃ ᠯᠢᠶᠠᠨ ᠪᠥᠸᠧ ᠲᠠᠨᠢᠯᠴᠠᠭᠤᠯᠬᠤ ᠳᠠᠭᠠᠨ᠂ ᠳᠤᠮᠳᠠᠳᠤ ᠤᠯᠤᠰ ᠤᠨ ᠰᠢᠨ᠎ᠡ ᠬᠡᠯᠪᠡᠷᠢ ᠶᠢᠨ ᠤᠰᠤᠲᠥ᠋ᠷᠥᠭᠴᠢ ᠠᠯᠺᠣᠣᠯ ᠤᠨ ᠴᠠᠬᠢᠯᠭᠠᠨ ᠬᠥᠳᠡᠯᠭᠡᠭᠦᠷᠲᠦ ᠬᠦᠨᠳᠦ ᠮᠠᠰᠢᠨ ᠤ ᠠᠵᠤ ᠦᠢᠯᠡᠰ ᠤᠨ ᠰᠠᠭᠤᠷᠢᠨ ᠭᠠᠵᠠᠷ ᠢ ᠪᠠᠶᠢᠭᠤᠯᠬᠤ ᠪᠠᠷ ᠳᠡᠮᠵᠢᠨ᠂ ᠤᠰᠤᠲᠥ᠋ᠷᠥᠭᠴᠢ ᠡᠨᠧᠷᠭᠢ ᠶᠢᠨ ᠠᠵᠤ ᠦᠢᠯᠡᠰ ᠤᠨ ᠬᠡᠪᠴᠢᠶᠡᠵᠢᠭᠰᠡᠨ ᠬᠡᠷᠡᠭᠯᠡᠯᠲᠡ ᠶᠢ ᠲᠦᠷᠭᠡᠳᠬᠡᠨ ᠠᠬᠢᠭᠤᠯᠵᠤ᠂ ᠬᠥᠬᠡᠬᠤᠲᠠ ᠶᠢᠨ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠬᠡᠯᠪᠡᠷᠢ ᠶᠢᠨ ᠬᠤᠪᠢᠷᠠᠭᠤᠯᠤᠯᠲᠠ ᠵᠢᠴᠢ ᠴᠡᠪᠡᠷ ᠡᠨᠧᠷᠭᠢ ᠶᠢᠨ ᠴᠢᠨᠠᠷ ᠰᠠᠶᠢᠲᠠᠢ ᠬᠥᠭᠵᠢᠯᠲᠡ ᠳᠤ ᠰᠢᠨ᠎ᠡ ᠬᠥᠳᠡᠯᠭᠡᠬᠦ ᠬᠦᠴᠦᠨ ᠨᠡᠮᠡᠷᠢᠯᠡᠨ᠎ᠡ ᠭᠡᠵᠡᠢ᠃
 
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000611号-1号