ᠬᠤᠲᠠ ᠶᠢᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠨᠢᠭᠡᠳᠦᠯᠲᠡᠢ ᠲᠥᠯᠥᠪᠯᠡᠨ ᠬᠥᠭᠵᠢᠭᠦᠯᠬᠦ ᠲᠥᠪ ᠤᠨ ᠠᠵᠢᠯᠯᠠᠬᠤ ᠳᠤᠭᠤᠶᠢᠯᠠᠩ ᠬᠤᠲᠣᠩ ᠠᠷᠠᠳ ᠤᠨ ᠲᠣᠭᠤᠷᠢᠭ ᠲᠤ ᠬᠦᠷᠴᠦ ᠬᠢᠨᠠᠨ ᠵᠢᠯᠤᠭᠤᠳᠴᠤ ᠪᠠᠶᠢᠴᠠᠭᠠᠬᠤ ᠠᠵᠢᠯ ᠥᠷᠨᠢᠭᠦᠯᠪᠡ
ᠨᠡᠶᠢᠲᠡᠯᠡᠭᠰᠡᠨ ᠴᠠᠭ᠄
2024/2/5
      2024 ᠣᠨ ᠤ 2 ᠳ᠋ᠤᠭᠠᠷ ᠰᠠᠷ᠎ᠠ ᠶᠢᠨ 2 ᠤᠨ ᠡᠳᠦᠷ ᠤᠨ ᠦᠳᠡ ᠶᠢᠨ ᠡᠮᠦᠨ᠎ᠡ᠂ ᠬᠥᠬᠡᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠶᠢᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠨᠢᠭᠡᠳᠦᠯᠲᠡᠢ ᠲᠥᠯᠥᠪᠯᠡᠨ ᠬᠥᠭᠵᠢᠭᠦᠯᠬᠦ ᠲᠥᠪ ᠤᠨ ᠡᠷᠬᠢᠯᠡᠭᠴᠢ ᠸᠠᠩ ᠼᠦᠢ ᠫᠢᠩ᠂ ᠳᠡᠳ᠋ ᠡᠷᠬᠢᠯᠡᠭᠴᠢ ᠯᠦ ᠶᠦᠩ ᡁᠢ ᠨᠠᠷ ᠬᠤᠲᠣᠩ ᠠᠷᠠᠳ ᠤᠨ ᠲᠣᠭᠤᠷᠢᠭ ᠲᠤ ᠢᠷᠡᠵᠦ ᠣᠶᠢᠷ᠎ᠠ ᠶᠢᠨ ᠬᠤᠭᠤᠴᠠᠭᠠᠨ ᠤ ᠡᠯ᠎ᠡ ᠵᠦᠢᠯ ᠤᠨ ᠠᠵᠢᠯ ᠥᠷᠨᠢᠭᠦᠯᠦᠭᠰᠡᠨ ᠪᠠᠶᠢᠳᠠᠯ ᠢ ᠬᠢᠨᠠᠨ ᠵᠢᠯᠤᠭᠤᠳᠴᠤ ᠪᠠᠶᠢᠴᠠᠭᠠᠪᠠ᠃      ᠲᠠᠷᠢᠶᠠᠯᠠᠩ ᠮᠠᠯ ᠠᠵᠤ ᠠᠬᠤᠢ ᠶᠢᠨ ᠤᠰᠤᠨ ᠠᠰᠢᠭᠯᠠᠯᠲᠠ ᠶᠢᠨ ᠲᠣᠪᠴᠢᠶ᠎ᠠ ᠶᠢᠨ ᠳᠠᠷᠤᠭ᠎ᠠ ᠴᠢᠶᠣᠤ ᠶᠢᠨ ᠮᠧᠶ᠂ ᠳᠡᠳ᠋ ᠲᠣᠪᠴᠢᠶᠠᠨ ᠳᠠᠷᠤᠭ᠎ᠠ ᠵᠧᠩ ᠹᠦ᠋ ᠱᠧᠩ ᠬᠤᠲᠠ ᠶᠢᠨ ᠠᠵᠢᠯᠯᠠᠬᠤ ᠳᠤᠭᠤᠶᠢᠯᠠᠩ ᠳᠤ ᠪᠠᠷ᠎ᠠ ᠪᠣᠯᠵᠤ ᠳᠠᠪᠠᠭᠠᠨ ᠠᠮᠠ ᠲᠣᠰᠬᠤᠨ᠂ ᠪᠠᠷᠠᠭᠤᠨ ᠯᠤᠤᠰ ᠤᠨ ᠰᠦᠮ᠎ᠡ ᠶᠢᠨ ᠲᠣᠰᠬᠤᠨ ᠳᠤ ᠭᠦᠨᠵᠡᠭᠡᠶᠢᠷᠡᠨ ᠬᠢᠨᠠᠨ ᠵᠢᠯᠤᠭᠤᠳᠴᠤ ᠪᠠᠶᠢᠴᠠᠭᠠᠪᠠ᠃ ᠲᠤᠰ ᠤᠳᠠᠭᠠᠨ ᠤ ᠪᠠᠶᠢᠴᠠᠭᠠᠯᠲᠠ ᠶᠢᠨ ᠠᠵᠢᠯ᠂ ᠶᠠᠷᠢᠯᠴᠠᠬᠤ ᠬᠤᠷᠠᠯ ᠬᠤᠷᠠᠯᠳᠤᠭᠤᠯᠬᠤ᠂ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠬᠦ ᠶᠢ ᠤᠶᠠᠯᠳᠤᠭᠤᠯᠬᠤ ᠠᠷᠭ᠎ᠠ ᠬᠡᠯᠪᠡᠷᠢ ᠪᠠᠷ ᠳᠠᠮᠵᠢᠭᠤᠯᠤᠨ᠂ ᠬᠤᠶᠠᠷ ᠲᠣᠰᠬᠤᠨ ᠤ ᠬᠠᠮᠲᠤ ᠶᠢᠨ ᠠᠵᠤ ᠠᠬᠤᠢ ᠶᠢᠨ ᠵᠣᠬᠢᠶᠠᠨ ᠪᠠᠶᠢᠭᠤᠯᠤᠯᠲᠠ ᠶᠢᠨ ᠡᠵᠡᠩᠨᠡᠯᠲᠡ ᠶᠢᠨ ᠪᠠᠶᠢᠳᠠᠯ᠂ ᠭᠤᠣᠯ ᠪᠣᠯᠬᠤ ᠠᠵᠤ ᠠᠬᠤᠢ ᠶᠢᠨ ᠠᠰᠢᠭ ᠣᠷᠣᠯᠭ᠎ᠠ᠂ ᠠᠰᠢᠭ ᠣᠷᠣᠯᠭ᠎ᠠ ᠶᠢᠨ ᠬᠤᠪᠢᠶᠠᠷᠢᠯᠠᠯᠲᠠ ᠶᠢᠨ ᠪᠠᠶᠢᠳᠠᠯ᠂ ᠲᠣᠰᠬᠤᠨ ᠤ ᠬᠠᠮᠲᠤ ᠶᠢᠨ ᠠᠵᠤ ᠠᠬᠤᠢ ᠶᠢᠨ ᠵᠣᠬᠢᠶᠠᠨ ᠪᠠᠶᠢᠭᠤᠯᠤᠯᠲᠠ ᠶᠢ ᠬᠥᠭᠵᠢᠭᠦᠯᠦᠨ ᠪᠤᠵᠠᠭᠠᠶᠢᠷᠠᠭᠤᠯᠵᠤ ᠠᠪᠤᠭᠰᠠᠨ ᠬᠦᠴᠦᠲᠡᠢ ᠠᠷᠭ᠎ᠠ ᠬᠡᠮᠵᠢᠶ᠎ᠡ᠂ ᠲᠠᠷᠢᠶᠠᠯᠠᠩ ᠤᠨ ᠠᠶᠤᠯᠭᠦᠢ ᠦᠢᠯᠡᠳᠪᠦᠷᠢᠯᠡᠯ ᠤᠨ ᠪᠠᠶᠢᠳᠠᠯ᠂ ᠬᠥᠳᠡᠭᠡ ᠲᠣᠰᠬᠤᠨ ᠤ ᠥᠪᠡᠰᠦᠪᠡᠨ ᠭᠡᠷ ᠪᠠᠷᠢᠭᠰᠠᠨ ᠪᠠ ᠡᠵᠡᠩᠨᠡᠯᠲᠡ ᠶᠢᠨ ᠴᠢᠨᠠᠷᠲᠠᠢ ᠥᠪᠡᠰᠦᠪᠡᠨ ᠭᠡᠷ ᠪᠠᠷᠢᠭᠰᠠᠨ ᠠᠮᠤᠷ ᠲᠦᠪᠰᠢᠨ ᠤ ᠲᠠᠯᠳᠠ ᠭᠡᠮ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠭᠰᠠᠨ ᠪᠠᠶᠢᠳᠠᠯ ᠵᠡᠷᠭᠡ ᠲᠠᠯ᠎ᠠ ᠪᠠᠷ ᠭᠦᠨᠵᠡᠭᠡᠢ ᠣᠶᠢᠯᠠᠭᠠᠪᠠ᠃ ᠡᠭᠦᠨ ᠠᠴᠠ ᠭᠠᠳᠠᠨ᠎ᠠ᠂ ᠬᠤᠲᠠ ᠶᠢᠨ ᠠᠵᠢᠯᠯᠠᠬᠤ ᠳᠤᠭᠤᠶᠢᠯᠠᠩ᠂ ᠲᠣᠭᠤᠷᠢᠭ ᠤᠨ ᠲᠠᠷᠢᠶᠠᠯᠠᠩ ᠮᠠᠯ ᠠᠵᠤ ᠠᠬᠤᠢ ᠤᠰᠤᠨ ᠠᠰᠢᠭᠯᠠᠯᠲᠠ ᠶᠢᠨ ᠲᠣᠪᠴᠢᠶ᠎ᠠ ᠠᠴᠠ ᠬᠤᠶᠠᠷ ᠲᠣᠰᠬᠤᠨ ᠤ ᠬᠤᠶᠢᠰᠢᠳᠠ ᠡᠯ᠎ᠡ ᠵᠦᠢᠯ ᠤᠨ ᠠᠵᠢᠯ ᠢᠶᠠᠨ ᠬᠡᠷᠬᠢᠨ ᠨᠠᠩ ᠰᠠᠶᠢᠲᠤᠷ ᠥᠷᠨᠢᠭᠦᠯᠬᠦ ᠲᠤᠬᠠᠢ ᠱᠠᠭᠠᠷᠳᠠᠯᠭ᠎ᠠ ᠪᠠ ᠵᠠᠷᠢᠮ ᠪᠦᠲᠦᠭᠡᠯᠴᠢ ᠴᠢᠨᠠᠷᠲᠠᠢ ᠰᠠᠨᠠᠯ ᠰᠠᠨᠠᠭᠤᠯᠭ᠎ᠠ ᠳᠤᠷᠠᠳᠴᠠᠢ᠃      ᠲᠣᠰ ᠤᠳᠠᠭᠠᠨ ᠤ ᠰᠢᠪᠠᠳᠠᠨ ᠵᠢᠯᠤᠭᠤᠳᠴᠤ ᠪᠠᠶᠢᠴᠠᠭᠠᠬᠤ ᠪᠠᠷ ᠳᠡᠮᠵᠢᠨ᠂ ᠨᠢᠭᠡ ᠲᠠᠯ᠎ᠠ ᠪᠠᠷ ᠳᠠᠪᠠᠭᠠᠨ ᠠᠮᠠ ᠲᠣᠰᠬᠤᠨ᠂ ᠪᠠᠷᠠᠭᠤᠨ ᠯᠤᠤᠰ ᠤᠨ ᠰᠦᠮ᠎ᠡ ᠶᠢᠨ ᠲᠣᠰᠬᠤᠨ ᠤ ᠡᠯ᠎ᠡ ᠵᠦᠢᠯ ᠤᠨ ᠠᠵᠢᠯ ᠢ ᠥᠷᠨᠢᠭᠦᠯᠵᠦ ᠪᠠᠶᠢᠭ᠎ᠠ ᠪᠠᠶᠢᠳᠠᠯ᠂ ᠣᠷᠣᠰᠢᠵᠤ ᠪᠠᠶᠢᠭ᠎ᠠ ᠬᠦᠴᠢᠷᠳᠡᠯ ᠲᠠᠢ ᠠᠰᠠᠭᠤᠳᠠᠯ ᠢ ᠭᠦᠨᠵᠡᠭᠡᠢ ᠣᠶᠢᠯᠠᠭᠠᠪᠠ︔ ᠨᠦᠭᠦᠭᠡ ᠲᠠᠯ᠎ᠠ ᠪᠠᠷ ᠳᠠᠷᠠᠭᠠᠴᠢ ᠶᠢᠨ ᠠᠯᠬᠤᠮ ᠳᠤ ᠴᠡᠭ ᠢᠶᠠᠷ ᠨᠡᠶᠢᠳᠡᠮ ᠢ ᠲᠠᠶᠢᠴᠢᠯᠠᠨ ᠪᠤᠰᠤᠳ ᠡᠯ᠎ᠡ ᠲᠣᠰᠬᠤᠨ ᠤ ᠡᠯ᠎ᠡ ᠵᠦᠢᠯ ᠤᠨ ᠠᠵᠢᠯ ᠢᠶᠠᠨ ᠪᠦᠲᠦᠮᠵᠢᠲᠡᠢ ᠥᠷᠨᠢᠭᠦᠯᠬᠦ ᠶᠢ ᠨᠡᠩ ᠰᠠᠶᠢᠲᠤᠷ ᠠᠬᠢᠭᠤᠯᠬᠤ ᠳᠤ ᠰᠠᠭᠤᠷᠢ ᠲᠠᠯᠪᠢᠵᠤ ᠥᠭᠴᠡᠢ᠃
     ᠢᠷᠡᠯᠲᠡ᠄ ᠬᠤᠲᠣᠩ ᠠᠷᠠᠳ ᠤᠨ ᠲᠣᠭᠤᠷᠢᠭ ᠤᠨ ᠵᠠᠰᠠᠭ ᠤᠨ ᠣᠷᠳᠣᠨ ᠤ ᠠᠯᠪᠠᠨ ᠰᠦᠯᠵᠢᠶ᠎ᠡ
 
ᠢᠷᠡᠯᠲᠡ᠄ ᠬᠤᠲᠤᠩ ᠠᠷᠠᠳ ᠤᠨ ᠲᠣᠭᠤᠷᠢᠭ ᠤᠨ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000611号-1号