ᠬᠤᠲᠣᠩ ᠠᠷᠠᠳ ᠤᠨ ᠲᠣᠭᠤᠷᠢᠭ ᠤᠨ ᠣᠷᠣᠨ ᠪᠦᠰᠡ ᠶᠢᠨ ᠠᠵᠤ ᠠᠬᠤᠢ ᠶᠢᠨ ᠬᠠᠮᠲᠤᠷᠠᠯᠴᠠᠭᠠᠨ ᠤ ᠲᠣᠪᠴᠢᠶ᠎ᠠ ᠴᠠᠭᠠᠨ ᠰᠠᠷ᠎ᠠ ᠠᠴᠠ ᠡᠮᠦᠨ᠎ᠡ ᠨᠡᠶᠢᠭᠡᠮ ᠲᠣᠭᠤᠷᠢᠭ ᠤᠨ ᠬᠦᠴᠢᠷᠳᠡᠯᠲᠡᠢ ᠤᠯᠠᠨ ᠲᠦᠮᠡᠨ ᠢ ᠲᠣᠬᠤᠨᠢᠭᠤᠯᠬᠤ ᠠᠵᠢᠯᠯᠠᠭ᠎ᠠ ᠥᠷᠨᠢᠭᠦᠯᠵᠡᠢ
ᠨᠡᠶᠢᠲᠡᠯᠡᠭᠰᠡᠨ ᠴᠠᠭ᠄
2024/2/5
      ᠪᠠᠶᠠᠷ ᠤᠨ ᠡᠳᠦᠷ ᠠᠴᠠ ᠡᠮᠦᠨ᠎ᠡ ᠬᠠᠶᠢᠷ᠎ᠠ ᠬᠠᠯᠠᠮᠵᠢ ᠶᠢ ᠬᠦᠷᠭᠡᠵᠦ᠂ ᠦᠨᠡᠨ ᠰᠡᠳᠬᠢᠯᠭᠡ ᠠᠷᠠᠳ ᠤᠨ ᠰᠡᠳᠬᠢᠯ ᠢ ᠳᠤᠯᠠᠭᠠᠴᠠᠭᠤᠯᠤᠨ᠎ᠠ᠃ ︽ᠨᠠᠮ ᠤᠨ ᠠᠴᠢ ᠶᠢ ᠮᠡᠳᠡᠷᠡᠵᠦ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠬᠤ︾ ᠣᠯᠠᠨ ᠲᠦᠮᠡᠨᠴᠢ ᠱᠤᠭᠤᠮ ᠤᠨ ᠬᠥᠮᠦᠵᠢᠯ ᠦᠢᠯᠡᠳᠦᠯᠭᠡ ᠶᠢᠨ ᠠᠵᠢᠯᠯᠠᠭ᠎ᠠ ᠶᠢᠨ ᠱᠠᠭᠠᠷᠳᠠᠯᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ ︽ᠬᠤᠣᠰ ᠮᠡᠳᠡᠭᠦᠯᠦᠯᠲᠡ᠂ ᠬᠤᠣᠰ ᠦᠢᠯᠡᠴᠢᠯᠡᠭᠡ᠂ ᠬᠤᠣᠰ ᠢᠯᠡᠳᠭᠡᠯ︾ ᠤᠨ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ 2 ᠰᠠᠷ᠎ᠠ ᠶᠢᠨ 2 ᠤᠨ ᠡᠳᠦᠷ᠂ ᠣᠷᠣᠨ ᠪᠦᠰᠡ ᠶᠢᠨ ᠠᠵᠤ ᠠᠬᠤᠢ ᠶᠢᠨ ᠬᠠᠮᠲᠤᠷᠠᠯᠴᠠᠭᠠᠨ ᠤ ᠲᠣᠪᠴᠢᠶ᠎ᠠ ᠶᠢᠨ ᠤᠳᠤᠷᠢᠳᠬᠤ ᠪᠠᠭ ᠨᠠᠮ ᠤᠨ ᠭᠡᠰᠢᠭᠦᠨ ᠺᠠᠳ᠋ᠷᠴᠤᠳ ᠢ ᠳᠠᠭᠠᠭᠤᠯᠤᠨ ᠴᠠᠭᠠᠨ ᠰᠠᠷ᠎ᠠ ᠶᠢᠨ ᠬᠤᠭᠤᠴᠠᠭᠠᠨ ᠳᠤ ᠨᠡᠶᠢᠭᠡᠮ ᠲᠣᠭᠤᠷᠢᠭ ᠤᠨ ᠶᠠᠳᠠᠭᠤ ᠬᠦᠴᠢᠷᠳᠡᠯᠲᠡᠢ ᠭᠡᠷ ᠪᠦᠯᠢ ᠶᠢ ᠲᠣᠬᠤᠨᠢᠭᠤᠯᠬᠤ ᠠᠵᠢᠯᠯᠠᠭ᠎ᠠ ᠥᠷᠨᠢᠭᠦᠯᠵᠦ᠂ ᠳᠡᠳᠡᠨ ᠳᠤ ᠬᠠᠶᠢᠷ᠎ᠠ ᠬᠠᠯᠠᠮᠵᠢ ᠬᠦᠷᠭᠡᠵᠦ᠂ ᠳᠡᠳᠡᠨ ᠳᠤ ᠴᠠᠭᠠᠨ ᠰᠠᠷ᠎ᠠ ᠶᠢᠨ ᠮᠡᠨᠳᠦᠴᠢᠯᠡᠯ ᠪᠠ ᠰᠠᠶᠢᠨ ᠰᠠᠶᠢᠬᠠᠨ ᠵᠥᠩᠨᠡᠯ ᠳᠡᠪᠰᠢᠭᠦᠯᠵᠡᠢ᠃      ᠲᠣᠬᠤᠨᠢᠭᠤᠯᠬᠤ ᠶᠠᠪᠤᠴᠠ ᠳᠤ᠂ ᠣᠷᠣᠨ ᠪᠦᠰᠡ ᠶᠢᠨ ᠲᠣᠪᠴᠢᠶ᠎ᠠ ᠶᠢᠨ ᠨᠠᠮ ᠤᠨ ᠭᠡᠰᠢᠭᠦᠨ ᠺᠠᠳ᠋ᠷ ᠪᠠᠷᠠᠭᠤᠨ ᠯᠤᠤᠰ ᠤᠨ ᠰᠦᠮ᠎ᠡ ᠶᠢᠨ ᠲᠤᠤ ᠶᠤᠸᠠᠨ ᠱᠦᠢ ᠰᠢᠶᠧ ᠬᠤᠷᠢᠶᠠᠯᠠᠯ ᠳᠤ ᠭᠠᠭᠴᠠᠭᠠᠷ ᠰᠠᠭᠤᠵᠤ ᠪᠠᠶᠢᠭ᠎ᠠ ᠨᠠᠰᠤᠲᠠᠨ ᠤ ᠭᠡᠷ ᠲᠤ ᠣᠴᠢᠵᠤ᠂ ᠨᠠᠰᠤᠲᠠᠨ ᠲᠠᠢ ᠳᠣᠲᠣᠨᠣ ᠪᠠᠷ ᠶᠠᠷᠢᠯᠴᠠᠵᠤ᠂ ᠲᠡᠭᠦᠨ ᠳᠤ ᠨᠠᠮ ᠤᠨ ᠠᠷᠠᠳ ᠲᠤ ᠠᠰᠢᠭ ᠬᠦᠷᠲᠡᠭᠡᠬᠦ ᠲᠦᠷᠦ ᠶᠢᠨ ᠪᠣᠳᠣᠯᠭ᠎ᠠ ᠶᠢ ᠤᠬᠠᠭᠤᠯᠵᠤ᠂ ᠲᠡᠭᠦᠨ ᠢ ᠳᠠᠭᠠᠭᠤᠯᠤᠨ ᠨᠠᠮ ᠤᠨ ᠠᠴᠢ ᠶᠢ ᠮᠡᠳᠡᠷᠡᠭᠦᠯᠵᠦ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠲᠠᠭᠠᠵᠦ᠂ ᠪᠡᠶ᠎ᠡ ᠶᠢᠨ ᠪᠠᠶᠢᠳᠠᠯ ᠢ ᠨᠢ ᠨᠠᠷᠢᠨ ᠣᠶᠢᠯᠠᠭᠠᠵᠤ᠂ ᠣᠷᠣᠨ ᠰᠠᠭᠤᠴᠠ ᠶᠢᠨ ᠣᠷᠴᠢᠨ ᠲᠣᠭᠤᠷᠢᠨ ᠢ ᠨᠢ ᠨᠠᠷᠢᠨ ᠪᠠᠶᠢᠴᠠᠭᠠᠨ ᠦᠵᠡᠵᠦ᠂ ᠲᠡᠭᠦᠨ ᠤ ᠰᠡᠳᠬᠢᠯ ᠤᠨ ᠦᠭᠡ ᠪᠣᠯᠣᠨ ᠰᠠᠨᠠᠯ ᠢ ᠰᠣᠨᠣᠰᠴᠤ᠂ ᠠᠮᠤ ᠪᠤᠳᠠᠭ᠎ᠠ᠂ ᠭᠤᠯᠢᠷ ᠲᠣᠰᠣ᠂ ᠲᠣᠰᠣ ᠵᠡᠷᠭᠡ ᠠᠮᠢᠳᠤᠷᠠᠯ ᠤᠨ ᠬᠡᠷᠡᠭᠰᠡᠯ ᠢ ᠨᠢ ᠬᠦᠷᠭᠡᠪᠡ᠃ ᠡᠭᠦᠨ ᠤ ᠳᠠᠷᠠᠭ᠎ᠠ᠂ ᠣᠷᠣᠨ ᠪᠦᠰᠡ ᠶᠢᠨ ᠲᠣᠪᠴᠢᠶ᠎ᠠ ᠨᠢ ᠲᠣᠭᠤᠷᠢᠭ ᠤᠨ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ ᠪᠣᠯᠣᠨ ᠬᠤᠸᠠᠨ ᠾᠧ ᠵᠡᠭᠡᠯᠢ ᠶᠢᠨ ᠬᠡᠷᠡᠭ ᠡᠷᠬᠢᠯᠡᠬᠦ ᠭᠠᠵᠠᠷ ᠲᠠᠢ ᠬᠠᠮᠲᠤᠷᠠᠨ ᠨᠠᠰᠤᠲᠠᠶᠢᠴᠤᠳ ᠢ ᠬᠠᠪᠰᠤᠷᠤᠨ ᠠᠷᠢᠭᠤᠨ ᠴᠡᠪᠡᠷ ᠢ ᠨᠢ ᠴᠡᠪᠡᠷᠯᠡᠵᠦ᠂ ᠬᠦᠷᠢᠶᠡᠨ ᠤ ᠳᠣᠲᠣᠷᠠᠬᠢ ᠬᠡᠳᠦᠨ ᠲᠡᠷᠭᠡ ᠬᠠᠭ ᠨᠣᠪᠰᠢ ᠶᠢ  ᠴᠡᠪᠡᠷᠯᠡᠵᠦ᠂ ᠪᠠᠰᠠ ᠨᠠᠰᠤᠲᠠᠶᠢᠴᠤᠳ ᠢ ᠡᠩ ᠤᠨ ᠴᠠᠭ ᠲᠠᠭᠠᠨ ᠭᠡᠷ ᠲᠡᠭᠡᠨ ᠤᠰᠤ ᠬᠡᠷᠡᠭᠯᠡᠬᠦ᠂ ᠴᠠᠬᠢᠯᠭᠠᠨ ᠬᠡᠷᠡᠭᠯᠡᠬᠦ᠂ ᠬᠡᠢ ᠬᠡᠷᠡᠭᠯᠡᠬᠦ ᠶᠢᠨ ᠠᠮᠤᠷ ᠲᠦᠪᠰᠢᠨ ᠢ ᠠᠩᠬᠠᠷᠴᠤ᠂ ᠪᠡᠶ᠎ᠡ ᠮᠠᠬᠠᠪᠤᠳ ᠢ ᠨᠢ ᠰᠠᠶᠢᠲᠤᠷ ᠬᠠᠷᠠᠭᠠᠯᠵᠠᠭᠠᠷᠠᠢ ᠭᠡᠵᠦ ᠵᠠᠬᠢᠪᠠ᠃      ᠡᠨᠡ ᠤᠳᠠᠭ᠎ᠠ ᠶᠢᠨ ᠲᠣᠬᠤᠨᠢᠭᠤᠯᠭ᠎ᠠ ᠨᠢ ᠣᠷᠣᠨ ᠪᠦᠰᠡ ᠶᠢᠨ ᠲᠣᠪᠴᠢᠶ᠎ᠠ ᠪᠣᠯᠣᠨ ᠳᠠᠭᠠᠭᠠᠴᠢᠯᠠᠨ ᠬᠤᠯᠪᠤᠭᠠᠯᠠᠬᠤ ᠨᠡᠶᠢᠭᠡᠮ ᠲᠣᠭᠤᠷᠢᠭ ᠤᠨ ᠤᠯᠠᠨ ᠲᠦᠮᠡᠨ ᠤ ᠬᠤᠭᠤᠷᠣᠨᠳᠣᠬᠢ ᠵᠠᠢ ᠶᠢ ᠳᠠᠬᠢᠨᠲᠠ ᠣᠶᠢᠷᠠᠲᠤᠭᠤᠯᠵᠤ᠂ ᠬᠠᠶᠢᠷ᠎ᠠ ᠰᠡᠳᠬᠢᠯᠭᠡ ᠶᠢ ᠵᠤᠵᠠᠭᠠᠳᠬᠠᠵᠤ᠂ ᠬᠦᠴᠢᠷᠳᠡᠯᠲᠡᠢ ᠤᠯᠠᠨ ᠲᠦᠮᠡᠨ ᠳᠤ ᠨᠠᠮ ᠪᠣᠯᠣᠨ ᠵᠠᠰᠠᠭ ᠤᠨ ᠣᠷᠳᠣᠨ ᠤ ᠬᠠᠶᠢᠷ᠎ᠠ ᠬᠠᠯᠠᠮᠵᠢ ᠶᠢ ᠦᠨᠡᠨᠬᠦ ᠬᠦᠷᠲᠡᠭᠡᠵᠦ᠂ ᠬᠠᠬᠢᠷ ᠬᠦᠢᠲᠡᠨ ᠠᠭᠤᠷ ᠠᠮᠢᠰᠬᠤᠯ ᠳᠤ ᠭᠦᠨ ᠵᠤᠵᠠᠭᠠᠨ ᠬᠠᠯᠠᠭᠤᠨ ᠰᠡᠳᠬᠢᠯ ᠢ ᠨᠡᠮᠡᠷᠢᠯᠡᠵᠡᠢ᠃ ᠡᠭᠦᠨ ᠤ ᠬᠠᠮᠲᠤ ᠣᠷᠣᠨ ᠪᠦᠰᠡ ᠶᠢᠨ ᠲᠣᠪᠴᠢᠶ᠎ᠠ ᠨᠢ ᠳᠠᠭᠠᠭᠠᠴᠢᠯᠠᠨ ᠬᠤᠯᠪᠣᠭᠠᠯᠠᠬᠤ ᠨᠢᠭᠡᠴᠢ ᠪᠣᠯᠤᠭᠰᠠᠨ ᠤ ᠬᠤᠪᠢ ᠳᠤ᠂ ᠨᠡᠶᠢᠭᠡᠮ ᠲᠣᠭᠤᠷᠢᠭ ᠲᠤ ᠦᠨᠡᠨᠬᠦ ᠬᠠᠮᠵᠢᠯᠴᠠᠨ ᠲᠣᠰ ᠬᠤᠷᠢᠶᠠᠯᠠᠯ ᠤᠨ ᠭᠠᠯ ᠤᠨᠲᠠᠷᠠᠭᠠᠬᠤ ᠠᠮᠤᠷ ᠲᠦᠪᠰᠢᠨ ᠤ ᠬᠡᠮ ᠰᠣᠭᠤᠭ ᠢ ᠠᠷᠢᠯᠭᠠᠵᠤ᠂ ᠬᠤᠷᠢᠶᠠᠯᠠᠯ ᠤᠨ ᠰᠠᠭᠤᠭᠠᠯᠢ ᠠᠷᠠᠳ ᠤᠨ ᠴᠠᠭᠠᠨ ᠰᠠᠷ᠎ᠠ ᠪᠠᠨ ᠪᠠᠶᠠᠷ ᠬᠥᠷ ᠲᠠᠢ ᠥᠩᠭᠡᠷᠡᠭᠦᠯᠬᠦ ᠳᠤ ᠢᠳᠡᠪᠬᠢᠲᠡᠢ ᠬᠤᠪᠢ ᠨᠡᠮᠡᠷᠢ ᠦᠵᠡᠭᠦᠯᠪᠡ᠃ ᠳᠠᠷᠠᠭᠠᠴᠢ ᠶᠢᠨ ᠠᠯᠬᠤᠮ ᠳᠤ᠂ ᠣᠷᠣᠨ ᠪᠦᠰᠡ ᠶᠢᠨ ᠲᠣᠪᠴᠢᠶ᠎ᠠ ᠶᠢᠨ ᠬᠢᠨ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠵᠤ᠂ ᠨᠠᠮ ᠤᠨ ᠵᠣᠬᠢᠶᠠᠨ ᠪᠠᠶᠢᠭᠤᠯᠤᠯᠲᠠ ᠶᠢᠨ ᠲᠠᠶᠢᠴᠢᠨ ᠪᠠᠬᠢᠯᠡᠯᠲᠡ ᠶᠢᠨ ᠦᠢᠯᠡᠳᠦᠯ ᠪᠣᠯᠣᠨ ᠨᠠᠮ ᠤᠨ ᠭᠡᠰᠢᠭᠦᠨ ᠤ ᠬᠤᠰᠢᠭᠤᠴᠢ ᠵᠢᠱᠢᠶᠡᠴᠢ ᠶᠢᠨ ᠦᠢᠯᠡᠳᠦᠯ ᠢ ᠦᠷᠭᠦᠯᠵᠢᠯᠡᠨ ᠪᠠᠳᠠᠷᠠᠭᠤᠯᠵᠤ᠂ ᠨᠡᠶᠢᠭᠡᠮ ᠲᠣᠭᠤᠷᠢᠭ ᠢ ᠬᠠᠮᠵᠢᠨ ᠳᠠᠭᠠᠭᠠᠴᠢᠯᠠᠨ ᠬᠤᠯᠪᠣᠭᠠᠯᠠᠬᠤ ᠠᠵᠢᠯ ᠤᠨ ᠬᠠᠷᠢᠭᠤᠴᠠᠯᠭ᠎ᠠ ᠶᠢ ᠢᠳᠡᠪᠬᠢᠲᠡᠢ ᠭᠦᠢᠴᠡᠳᠬᠡᠵᠦ᠂ ᠤᠯᠠᠨ ᠲᠦᠮᠡᠨ ᠳᠤ ᠲᠤᠯᠭᠠᠷᠠᠭᠰᠠᠨ ᠪᠣᠳᠠᠲᠠᠢ ᠬᠦᠴᠢᠷᠳᠡᠯ ᠢ ᠰᠡᠳᠬᠢᠯ ᠲᠠᠯᠪᠢᠨ᠂ ᠰᠡᠳᠬᠢᠯ ᠢᠶᠠᠷ ᠢᠶᠠᠨ ᠬᠦᠴᠦᠯᠡᠨ ᠰᠢᠢᠳᠪᠦᠷᠢᠯᠡᠵᠦ᠂ ᠤᠯᠠᠨ ᠲᠦᠮᠡᠨ ᠤ ᠵᠣᠯ ᠵᠢᠷᠭᠠᠯᠲᠤ ᠲᠥᠷᠥᠭᠳᠡᠯ ᠪᠣᠯᠣᠨ ᠬᠦᠷᠲᠡᠮᠵᠢ ᠶᠢᠨ ᠲᠥᠷᠥᠭᠳᠡᠯ ᠢ ᠴᠢᠷᠮᠠᠶᠢᠨ ᠳᠡᠭᠡᠭᠰᠢᠯᠡᠭᠦᠯᠦᠨ᠎ᠡ᠃
     ᠢᠷᠡᠯᠲᠡ᠄ ᠬᠤᠲᠣᠩ ᠠᠷᠠᠳ ᠤᠨ ᠲᠣᠭᠤᠷᠢᠭ ᠤᠨ ᠵᠠᠰᠠᠭ ᠤᠨ ᠣᠷᠳᠣᠨ ᠤ ᠠᠯᠪᠠᠨ ᠰᠦᠯᠵᠢᠶ᠎ᠡ
 
ᠢᠷᠡᠯᠲᠡ᠄ ᠬᠤᠲᠤᠩ ᠠᠷᠠᠳ ᠤᠨ ᠲᠣᠭᠤᠷᠢᠭ ᠤᠨ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000611号-1号