ᠬᠤᠲᠠ ᠶᠢᠨ ᠠᠮᠤ ᠪᠤᠳᠠᠭ᠎ᠠ ᠲᠣᠰᠣ ᠬᠤᠳᠠᠯᠳᠤᠨ ᠠᠪᠴᠤ ᠨᠥᠭᠡᠴᠡᠯᠡᠬᠦ ᠬᠢᠵᠠᠭᠠᠷᠲᠤ ᠺᠣᠮᠫᠠᠨᠢ᠄ ᠴᠠᠭᠠᠨ ᠰᠠᠷ᠎ᠠ ᠶᠢᠨ ᠬᠤᠭᠤᠴᠠᠭᠠᠨ ᠤ ᠦᠨ᠎ᠡ ᠬᠠᠩᠰᠢ ᠶᠢ ᠲᠣᠭᠲᠠᠪᠤᠷᠢᠵᠢᠭᠤᠯᠤᠨ ᠬᠠᠩᠭᠠᠯᠭ᠎ᠠ ᠶᠢ ᠪᠠᠲᠤᠯᠠᠵᠤ ᠪᠣᠷᠤᠯᠠᠭᠤᠯᠭ᠎ᠠ ᠶᠢ ᠠᠬᠢᠭᠤᠯᠬᠤ ᠰᠠᠷ᠎ᠠ ᠶᠢᠨ ᠠᠵᠢᠯᠯᠠᠭ᠎ᠠ ᠡᠬᠢᠯᠡᠪᠡ
ᠨᠡᠶᠢᠲᠡᠯᠡᠭᠰᠡᠨ ᠴᠠᠭ᠄
2024/2/5
      2 ᠳ᠋ᠤᠭᠠᠷ ᠰᠠᠷ᠎ᠠ ᠶᠢᠨ 1 ᠤ ᠡᠳᠦᠷ᠂ ᠬᠤᠲᠠ ᠶᠢᠨ ᠠᠮᠤ ᠪᠤᠳᠠᠭ᠎ᠠ ᠲᠣᠰᠣ ᠬᠤᠳᠠᠯᠳᠤᠨ ᠠᠪᠴᠤ ᠨᠥᠭᠡᠴᠡᠯᠡᠬᠦ ᠬᠢᠵᠠᠭᠠᠷᠲᠤ ᠺᠣᠮᠫᠠᠨᠢ ᠠᠴᠠ 2023 ᠣᠨ ᠤ ᠬᠤᠲᠠ ᠶᠢᠨ ᠲᠠᠰ ᠤᠨ ᠪᠣᠯᠪᠠᠰᠤᠷᠠᠭᠤᠯᠤᠭᠰᠠᠨ ᠠᠮᠤ ᠪᠤᠳᠠᠭ᠎ᠠ ᠨᠥᠭᠡᠴᠡᠯᠡᠬᠦ ᠦᠨᠡᠨᠴᠢ ᠢᠲᠡᠭᠡᠮᠵᠢ ᠶᠢᠨ ᠬᠠᠮᠲᠤᠷᠠᠯᠴᠠᠭᠠᠨ ᠤ ᠠᠵᠤ ᠠᠬᠤᠶᠢᠯᠠᠯ ᠢ ᠬᠥᠬᠢᠭᠦᠯᠦᠨ ᠰᠠᠶᠢᠰᠢᠶᠠᠬᠤ ᠵᠢᠴᠢ 2024 ᠣᠨ ᠤ ︽ᠤᠯᠤᠰ ᠤᠨ ᠥᠮᠴᠢᠯᠡᠯᠲᠦ ᠤᠨ ᠠᠵᠤ ᠠᠬᠤᠶᠢᠯᠠᠯ ᠤᠨ ᠦᠢᠯᠡᠳᠪᠦᠷᠢᠯᠡᠭᠰᠡᠨ ᠰᠠᠶᠢᠨ ᠠᠮᠤ ᠪᠤᠳᠠᠭ᠎ᠠ ᠲᠣᠰᠣ︾ ᠮᠧᠩ ᠯᠢᠨ ᠰᠢᠷᠢᠰ ᠦᠢᠯᠡᠳᠬᠦᠨ ᠤ ᠴᠠᠭᠠᠨ ᠰᠠᠷ᠎ᠠ ᠶᠢᠨ ᠦᠨ᠎ᠡ ᠬᠠᠩᠰᠢ ᠶᠢ ᠲᠣᠭᠲᠠᠪᠤᠷᠢᠵᠢᠭᠤᠯᠤᠨ ᠬᠠᠩᠭᠠᠯᠭ᠎ᠠ ᠶᠢ ᠪᠠᠲᠤᠯᠠᠵᠤ ᠪᠣᠷᠤᠯᠠᠭᠤᠯᠭ᠎ᠠ ᠶᠢ ᠠᠬᠢᠭᠤᠯᠬᠤ ᠰᠠᠷ᠎ᠠ ᠶᠢᠨ ᠠᠵᠢᠯᠯᠠᠭ᠎ᠠ ᠶᠢᠨ ᠡᠬᠢᠯᠡᠬᠦ ᠶᠣᠰᠣᠯᠠᠯ ᠬᠢᠪᠡ᠃      ᠴᠠᠭᠠᠨ ᠰᠠᠷ᠎ᠠ ᠪᠣᠯᠬᠤ ᠣᠶᠢᠷᠠᠲᠤᠵᠤ᠂ ᠬᠤᠲᠠ ᠶᠢᠨ ᠠᠮᠤ ᠪᠤᠳᠠᠭ᠎ᠠ ᠲᠣᠰᠣ ᠬᠤᠳᠠᠯᠳᠤᠨ ᠠᠪᠴᠤ ᠨᠥᠭᠡᠴᠡᠯᠡᠬᠦ ᠬᠢᠵᠠᠭᠠᠷᠲᠤ ᠺᠣᠮᠫᠠᠨᠢ ᠠᠮᠤ ᠪᠤᠳᠠᠭ᠎ᠠ ᠲᠣᠰᠣᠨ ᠤ ᠵᠠᠬ᠎ᠠ ᠳᠡᠯᠭᠡᠭᠦᠷ ᠤᠨ ᠦᠨ᠎ᠡ ᠬᠠᠩᠰᠢ ᠶᠢ ᠲᠣᠭᠲᠠᠪᠤᠷᠢᠵᠢᠭᠤᠯᠤᠨ ᠬᠠᠩᠭᠠᠯᠭ᠎ᠠ ᠶᠢ ᠪᠠᠲᠤᠯᠠᠬᠤ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠬᠠᠷᠢᠶ᠎ᠠ ᠪᠠᠷᠠᠭᠤᠨ ᠲᠡᠭᠦᠷᠭᠡ ᠶᠢᠨ ᠤᠯᠤᠰ ᠤᠨ ᠬᠠᠳᠠᠭᠠᠯᠠᠮᠵᠢ ᠶᠢᠨ ᠬᠥᠮᠥᠷᠭᠡ ᠶᠢᠨ ᠠᠮᠤ ᠪᠤᠳᠠᠭ᠎ᠠ ᠲᠣᠰᠣ ᠪᠥᠭᠡᠮ ᠢᠶᠠᠷ ᠬᠤᠳᠠᠯᠳᠤᠬᠤ ᠵᠠᠬ᠎ᠠ ᠳᠡᠯᠭᠡᠭᠦᠷ᠂ ᠳ᠋ᠦᠩ ᠺᠦ᠋ ᠵᠡᠭᠡᠯᠢ ᠶᠢᠨ ᠳ᠋ᠠ ᠵᠦᠩ ᠠᠮᠤ ᠪᠤᠳᠠᠭ᠎ᠠ ᠲᠣᠰᠣ ᠪᠥᠭᠡᠮ ᠢᠶᠠᠷ ᠬᠤᠳᠠᠯᠳᠤᠬᠤ ᠵᠠᠬ᠎ᠠ ᠳᠡᠯᠭᠡᠭᠦᠷ ᠵᠡᠷᠭᠡ ᠳᠤ ᠲᠦᠰᠢᠭᠯᠡᠨ᠂ ᠴᠠᠭᠠᠨ ᠰᠠᠷ᠎ᠠ ᠬᠤᠭᠤᠴᠠᠭᠠᠨ ᠤ ᠦᠨ᠎ᠡ ᠬᠠᠩᠰᠢ ᠶᠢ ᠲᠣᠭᠲᠠᠪᠤᠷᠢᠵᠢᠭᠤᠯᠤᠨ ᠬᠠᠩᠭᠠᠯᠭ᠎ᠠ ᠶᠢ ᠪᠠᠲᠤᠯᠠᠵᠤ ᠪᠣᠷᠤᠯᠠᠭᠤᠯᠭ᠎ᠠ ᠶᠢ ᠠᠬᠢᠭᠤᠯᠬᠤ ᠰᠠᠷ᠎ᠠ ᠶᠢᠨ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠣᠷᠣᠨ ᠤ ᠲᠥᠪ ᠬᠤᠲᠠ ᠶᠢᠨ ᠠᠷᠠᠳ ᠲᠦᠮᠡᠨ ᠳᠤ ᠴᠢᠨᠠᠷ ᠰᠠᠶᠢᠲᠠᠢ ᠠᠮᠤ ᠪᠤᠳᠠᠭ᠎ᠠ ᠲᠣᠰᠣ ᠶᠢᠨ ᠢᠳᠡᠭᠡᠨ ᠬᠠᠩᠭᠠᠵᠤ᠂ ᠠᠷᠠᠳ ᠣᠯᠠᠨ ᠢ ᠥᠯᠵᠡᠢ ᠪᠡᠯᠭᠡ ᠲᠠᠢ ᠴᠠᠭᠠᠨ ᠰᠠᠷ᠎ᠠ ᠪᠠᠨ ᠪᠠᠶᠠᠷ ᠬᠥᠷ ᠲᠠᠢ ᠥᠩᠭᠡᠷᠡᠭᠦᠯᠬᠦ ᠶᠢ ᠵᠣᠷᠢᠵᠠᠢ᠃      ᠡᠬᠢᠯᠡᠯᠲᠡ ᠶᠢᠨ ᠶᠣᠰᠣᠯᠠᠯ ᠳᠡᠭᠡᠷ᠎ᠡ᠂ ᠬᠤᠲᠠ ᠶᠢᠨ ᠠᠮᠤ ᠪᠤᠳᠠᠭ᠎ᠠ ᠲᠣᠰᠣ ᠬᠤᠳᠠᠯᠳᠤᠨ ᠠᠪᠴᠤ ᠨᠥᠭᠡᠴᠡᠯᠡᠬᠦ ᠬᠢᠵᠠᠭᠠᠷᠲᠤ ᠺᠣᠮᠫᠠᠨᠢ ᠬᠤᠲᠠ ᠶᠢᠨ ᠲᠠᠰ ᠤᠨ 28 ᠪᠣᠯᠪᠠᠰᠤᠷᠠᠭᠤᠯᠤᠭᠰᠠᠨ ᠠᠮᠤ ᠪᠤᠳᠠᠭ᠎ᠠ ᠨᠥᠭᠡᠴᠡᠯᠡᠬᠦ ᠦᠨᠡᠨᠴᠢ ᠢᠲᠡᠭᠡᠮᠵᠢ ᠶᠢᠨ ᠬᠠᠮᠲᠤᠷᠠᠯᠴᠠᠭᠠᠨ ᠤ ᠠᠵᠤ ᠠᠬᠤᠶᠢᠯᠠᠯ ᠢ ᠬᠥᠬᠢᠭᠦᠯᠦᠨ ᠰᠠᠶᠢᠰᠢᠶᠠᠭᠰᠠᠨ ᠪᠥᠭᠡᠳ ︽ᠮᠧᠩ ᠯᠢᠨ︾ ᠪᠦᠲᠦᠭᠡᠭᠳᠡᠬᠦᠨ ᠢ ᠲᠠᠨᠢᠯᠴᠠᠭᠤᠯᠵᠤ᠂ ᠪᠠᠰᠠ ᠬᠤᠯᠪᠣᠭᠳᠠᠯ ᠪᠦᠬᠦᠢ ᠠᠵᠤ ᠠᠬᠤᠶᠢᠯᠠᠯ ᠲᠠᠢ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠬᠡᠯᠡᠯᠴᠡᠭᠡᠷ ᠲᠣᠭᠲᠠᠭᠰᠠᠨ ᠪᠠᠶᠢᠨ᠎ᠠ᠃ ︵ᠸᠠᠩ ᠵᠢᠶᠠ ᠨᠠᠨ︶
 
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000611号-1号