ᠠᠷᠪᠠᠨ ᠳᠥᠷᠪᠡᠳᠦᠭᠡᠷ ᠬᠤᠭᠤᠴᠠᠭᠠᠨ ᠤ ᠪᠦᠭᠦ ᠤᠯᠤᠰ ᠤᠨ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠤ ᠭᠠᠯ ᠪᠠᠮᠪᠠᠷ ᠢ ᠬᠥᠯᠥᠨ ᠪᠦᠢᠷ ᠲᠤ ᠳᠠᠮᠵᠢᠭᠤᠯᠤᠯ᠎ᠠ
ᠨᠡᠶᠢᠲᠡᠯᠡᠭᠰᠡᠨ ᠴᠠᠭ᠄
2024/2/5
      2 ᠰᠠᠷ᠎ᠠ ᠶᠢᠨ 3 ᠤ ᠦᠳᠡ ᠶᠢᠨ ᠡᠮᠦᠨ᠎ᠡ᠂ ᠠᠷᠪᠠᠨ ᠳᠥᠷᠪᠡᠳᠦᠭᠡᠷ ᠬᠤᠭᠤᠴᠠᠭᠠᠨ ᠤ  ᠪᠦᠭᠦ ᠤᠯᠤᠰ ᠤᠨ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠤ ᠭᠠᠯ ᠪᠠᠮᠪᠠᠷ ᠳᠠᠮᠵᠢᠭᠤᠯᠬᠤ ᠡᠭᠢᠯᠡᠯᠲᠡ ᠶᠢᠨ ᠶᠣᠰᠣᠯᠠᠯ ᠬᠥᠯᠥᠨ ᠪᠦᠢᠷ ᠬᠤᠲᠠ ᠳᠤ ᠶᠠᠪᠤᠭᠳᠠᠯ᠎ᠠ᠃
     ᠮᠠᠨᠵᠤᠤᠷ ᠬᠤᠲᠠ ᠶᠢᠨ ᠤᠯᠤᠰ ᠤᠨ ᠡᠭᠦᠳᠡ ᠶᠢᠨ ᠦᠵᠡᠮᠵᠢ ᠶᠢᠨ ᠣᠷᠣᠨ ᠠᠴᠠ ᠭᠠᠯ ᠪᠠᠮᠪᠠᠷ ᠢᠶᠠᠨ ᠡᠬᠢᠯᠡᠨ ᠳᠠᠮᠵᠢᠭᠤᠯᠪᠠ      ᠦᠳᠡ ᠶᠢᠨ ᠡᠮᠦᠨᠡᠬᠢ 9 ᠴᠠᠭ ᠤᠨ ᠦᠶ᠎ᠡ ᠪᠠᠷ ᠮᠠᠨᠵᠤᠤᠷ ᠬᠤᠳᠠ ᠶᠢᠨ ᠤᠯᠤᠰ ᠤᠨ ᠡᠭᠦᠳᠡ ᠶᠢᠨ ᠦᠵᠡᠮᠵᠢ ᠶᠢᠨ ᠣᠷᠣᠨ ᠪᠠᠶᠠᠷ ᠪᠠᠶᠠᠰᠬᠤᠯᠠᠩᠲᠤ ᠠᠭᠤᠷ ᠠᠮᠢᠰᠬᠤᠯ ᠢᠶᠠᠷ ᠪᠢᠯᠬᠠᠨ᠂ ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠰᠦᠯᠳᠡ ᠳᠠᠭᠤᠤ ᠠᠭᠤᠳᠠᠮ ᠲᠠᠯᠠᠪᠠᠢ ᠳᠤ ᠴᠤᠤᠷᠢᠶᠠᠲᠤᠵᠤ᠂ ᠳᠦᠷᠪᠡᠨ ᠵᠦᠭ ᠨᠠᠢᠮᠠᠨ ᠵᠣᠪᠬᠢᠰ ᠠᠴᠠ ᠬᠤᠷᠠᠨ ᠴᠤᠭᠯᠠᠷᠠᠭᠰᠠᠨ ᠦᠵᠡᠭᠴᠢ ᠲᠦᠮᠡᠨ ᠤ ᠬᠠᠯᠠᠭᠤᠨ ᠬᠠᠷᠠᠴᠠᠨ ᠳᠤ ᠠᠷᠢᠭᠤᠨ ᠭᠠᠯ ᠳᠦᠷᠡᠯᠵᠡᠨ᠂ ᠨᠢᠭᠡᠳᠦᠭᠡᠷ ᠭᠠᠯ ᠪᠠᠮᠪᠠᠷᠴᠢᠨ ᠸᠠᠩ ᠭᠦᠶ ᠹᠠᠩ ᠭᠠᠯ ᠪᠠᠮᠪᠠᠷ ᠢ ᠭᠠᠷᠳᠠᠨ ᠥᠨᠳᠥᠷ ᠲᠤ ᠡᠷᠭᠦᠵᠦ᠂ ᠥᠷᠭᠡᠨ ᠲᠦᠮᠡᠨ ᠤ ᠤᠤᠬᠠᠢ ᠬᠠᠰᠬᠢᠷᠤᠯᠲᠠ᠂ ᠬᠠᠯᠠᠭᠤᠨ ᠠᠯᠠᠭ᠎ᠠ ᠲᠡᠰᠢᠯᠲᠡ ᠶᠢᠨ ᠳᠠᠭᠤᠨ ᠳᠤ ᠠᠩᠬᠠᠨ ᠤ ᠭᠠᠷᠤᠭ᠎ᠠ ᠠᠴᠠ ᠭᠠᠯ ᠪᠠᠮᠪᠠᠷ ᠢ ᠳᠠᠮᠵᠢᠭᠤᠯᠵᠤ ᠡᠬᠢᠯᠡᠭᠰᠡᠨ ᠪᠠᠶᠢᠨ᠎ᠠ᠃
     ᠠᠷᠢᠭᠤᠨ ᠭᠠᠯ ᠤᠨ ᠣᠴᠢ   ᠶᠢ ᠬᠠᠳᠠᠭᠠᠯᠠᠨ ᠲᠠᠯᠪᠢᠵᠤ ᠪᠠᠶᠢᠭ᠎ᠠ ᠨᠢ      ᠠᠷᠪᠠᠨ ᠳᠥᠷᠪᠡᠳᠦᠭᠡᠷ ᠬᠤᠭᠤᠴᠠᠭᠠᠨ ᠤ  ᠪᠦᠭᠦ ᠤᠯᠤᠰ ᠤᠨ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠤ ᠭᠠᠯ ᠪᠠᠮᠪᠠᠷ ᠳᠠᠮᠵᠢᠭᠤᠯᠬᠤ ᠠᠵᠢᠯᠯᠠᠭ᠎ᠠ ᠨᠢ ︽ᠮᠥᠰᠥ ᠴᠠᠰᠤᠨ ᠤ ᠣᠷᠭᠢᠯᠤᠮ᠎ᠠ ᠰᠡᠳᠬᠢᠯᠭᠡ ᠶᠢ ᠬᠥᠭᠵᠢᠭᠡᠵᠦ᠂ ᠳᠤᠮᠳᠠᠳᠤ ᠤᠯᠤᠰ ᠤᠨ ᠬᠦᠰᠡᠯ ᠵᠡᠭᠦᠳᠦ ᠶᠢ ᠲᠡᠷᠭᠡᠯᠰᠢᠭᠦᠯᠦᠶ᠎ᠡ︾ ᠭᠡᠬᠦ   ᠪᠠᠷ ᠤᠷᠢᠶ᠎ᠠ ᠯᠣᠽᠦ᠋ᠩ ᠪᠣᠯᠭᠠᠨ᠂  ᠬᠥᠯᠥᠨ ᠪᠤᠶᠢᠷ ᠬᠤᠲᠠ ᠶᠢᠨ 3 ᠬᠤᠰᠢᠭᠤ ᠬᠤᠲᠠ ᠲᠣᠭᠤᠷᠢᠭ ᠢᠶᠠᠷ  ᠳᠠᠮᠵᠢᠭᠤᠯᠪᠠ᠃ ᠡᠯ᠎ᠡ ᠠᠵᠢᠯ ᠲᠦᠷᠦᠯ ᠤᠨ ᠬᠢᠨ ᠠᠴᠠ ᠰᠢᠯᠭᠠᠷᠠᠭᠤᠯᠵᠤ᠂ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠤ ᠬᠦᠰᠡᠯ ᠵᠡᠭᠦᠳᠦ ᠶᠢ ᠠᠴᠢᠶᠠᠯᠠᠭᠰᠠᠨ 65 ᠭᠠᠯ ᠪᠠᠮᠪᠠᠷᠴᠢᠨ ᠳᠦᠷᠡᠯᠵᠡᠨ ᠠᠰᠠᠭᠰᠠᠨ ᠭᠠᠯ ᠪᠠᠮᠪᠠᠷ ᠢ ᠠᠪᠴᠤ ᠮᠠᠨᠵᠤᠤᠷ ᠬᠤᠲᠠ ᠶᠢᠨ ᠤᠯᠤᠰ ᠤᠨ ᠡᠭᠦᠳᠡᠨ ᠠᠴᠠ ᠮᠣᠷᠳᠠᠵᠤ᠂ ᠭᠦᠶᠦᠬᠦ᠂ ᠮᠠᠰᠢᠨ ᠲᠡᠷᠭᠡᠨ ᠳᠤ ᠰᠠᠭᠤᠬᠤ᠂ ᠮᠣᠷᠢ ᠤᠨᠤᠬᠤ᠂ ᠴᠠᠰᠤᠨ ᠳᠡᠭᠡᠷᠡᠬᠢ ᠮᠣᠲ᠋ᠣᠷ ᠤᠨᠤᠬᠤ ᠵᠡᠷᠭᠡ ᠭᠡᠯᠪᠡᠷᠢ ᠪᠠᠷ ᠤᠭᠰᠠᠷᠠᠭ᠎ᠠ ᠬᠡᠦᠬᠡᠯᠳᠡᠢ ᠶᠢᠨ ᠲᠠᠯᠠᠪᠠᠢ᠂ ᠬᠠᠭᠤᠴᠢᠨ ᠪᠠᠷᠭᠤ ᠶᠢᠨ ᠲᠠᠯ᠎ᠠ ᠨᠤᠲᠤᠭ᠂ ᠬᠠᠶᠢᠯᠠᠷ ᠲᠣᠭᠤᠷᠢᠭ  ᠵᠡᠷᠭᠡ   ᠶᠢᠨ ᠢᠯᠡᠷᠬᠡᠶᠢᠯᠡᠯᠲᠦ ᠲᠡᠮᠳᠡᠭ᠂ ᠲᠡᠦᠬᠡ ᠶᠢᠨ ᠵᠡᠭᠡᠯᠢ ᠲᠣᠭᠤᠷᠢᠭ᠂ ᠰᠣᠶᠣᠯ ᠤᠨ ᠣᠷᠳᠣᠨ᠂ ᠵᠢᠭᠤᠯᠴᠢᠯᠠᠯ ᠤᠨ ᠦᠵᠡᠮᠵᠢ ᠶᠢᠨ ᠣᠷᠣᠨ ᠢ ᠬᠠᠮᠤᠷᠤᠭᠰᠠᠨ 64 ᠴᠡᠭ ᠢᠶᠠᠷ ᠥᠩᠭᠡᠷᠡᠵᠦ᠂ ᠠᠷᠪᠠᠨ ᠳᠥᠷᠪᠡᠳᠦᠭᠡᠷ ᠬᠤᠭᠤᠴᠠᠭᠠᠨ ᠤ ᠪᠦᠭᠦ ᠤᠯᠤᠰ ᠤᠨ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠤ ᠭᠤᠣᠯ ᠲᠠᠯᠠᠪᠠᠶ ᠣᠷᠳᠣᠨ ᠪᠤᠯᠬᠤ  ᠥᠪᠥᠷ ᠮᠣᠩᠭᠤᠯ ᠤᠨ ᠮᠥᠰᠥᠨ ᠳᠡᠭᠡᠷᠡᠬᠢ ᠲᠠᠮᠢᠷ ᠤᠨ ᠬᠥᠳᠡᠯᠭᠡᠭᠡᠨ ᠤ ᠪᠣᠯᠪᠠᠰᠤᠷᠠᠯ ᠤᠨ ᠲᠥᠪ ᠲᠤ ᠬᠦᠷᠭᠡᠵᠦ᠂ ᠭᠠᠯ ᠪᠠᠮᠪᠠᠷ ᠳᠠᠮᠵᠢᠭᠤᠯᠬᠤ ᠠᠵᠢᠯᠯᠠᠭ᠎ᠠ ᠲᠡᠭᠦᠰ ᠠᠮᠵᠢᠯᠲᠠ ᠲᠠᠢ ᠥᠨᠳᠥᠷᠯᠡᠪᠡ᠃ ᠨᠥᠬᠦᠷᠯᠡᠯ ᠲᠡᠮᠡᠴᠡᠯ ᠪᠦᠯᠬᠦᠮᠳᠡᠯ ᠳᠠᠪᠰᠢᠯᠲᠠ ᠶᠢᠨ ᠦᠷ᠎ᠡ ᠶᠢ ᠰᠠᠴᠤᠵᠤ᠂ ︽ᠪᠣᠬᠢᠷᠳᠤᠯ ᠦᠭᠡᠢ᠂ ᠬᠠᠮᠲᠤ ᠪᠠᠷ ᠡᠳ᠋ᠯᠡᠬᠦ᠂ ᠨᠡᠭᠡᠭᠡᠯᠲᠡ ᠲᠠᠢ᠂ ᠠᠷᠢᠭᠤᠨ ᠴᠢᠬᠡᠴᠢ︾ ᠤᠷᠤᠯᠳᠤᠭᠠᠨ ᠤ ᠣᠶᠢᠯᠠᠭᠠᠭᠳᠠᠬᠤᠨ ᠢ ᠪᠠᠳᠠᠷᠠᠭᠤᠯᠤᠨ᠂ ᠲᠠᠯ᠎ᠠ ᠨᠤᠲᠤᠭ ᠤᠨ ᠬᠥᠪᠡᠭᠦᠳ ᠥᠬᠢᠳ ᠢ ᠲᠥᠯᠥᠭᠡᠯᠡᠨ ︽ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠳᠤ ᠬᠦᠴᠦ ᠨᠡᠮᠡᠷᠢᠯᠡᠵᠦ᠂ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠳᠤ ᠦᠢᠯᠡᠴᠢᠯᠡᠬᠦ︾ ᠣᠷᠭᠢᠯᠤᠮ᠎ᠠ ᠬᠠᠯᠠᠭᠤᠨ ᠰᠡᠳᠬᠢᠯᠭᠡ ᠶᠢ ᠢᠯᠡᠳᠬᠡᠨ᠂ ᠬᠥᠯᠥᠨ ᠪᠤᠶᠢᠷ ᠤᠨ ︽ᠬᠦᠴᠦᠯᠡᠨ ᠲᠡᠮᠡᠴᠡᠵᠦ᠂ ᠬᠦᠴᠢᠷ ᠢ ᠳᠠᠪᠠᠨ ᠲᠤᠭᠤᠯᠬᠤ︾ ᠴᠣ ᠰᠢᠨ᠎ᠡ ᠳᠦᠷᠰᠦ ᠪᠠᠶᠢᠳᠠᠯ ᠢ ᠢᠯᠡᠷᠡᠭᠦᠯᠦᠭᠰᠡᠨ ᠪᠠᠶᠢᠨ᠎ᠠ᠃
     ᠲᠥᠪ ᠲᠧᠯᠸᠢᠰ ᠤᠨ ᠨᠡᠷᠡᠲᠦ ᠬᠥᠲᠥᠯᠥᠭᠴᠢ· ᠭᠠᠯ ᠪᠠᠮᠪᠠᠷᠴᠢᠨ ᠪᠠᠢ ᠶᠠᠨ ᠰᠦᠡᠭ      ᠬᠠᠭᠤᠴᠢᠨ ᠪᠠᠷᠭᠤ ᠬᠤᠰᠢᠭᠤᠨ ᠳᠤ ᠶᠠᠪᠤᠭᠳᠠᠭᠰᠠᠨ ᠭᠠᠯ ᠪᠠᠮᠪᠠᠷ ᠳᠠᠮᠵᠢᠭᠤᠯᠬᠤ ᠠᠵᠢᠯᠯᠠᠭ᠎ᠠ ᠶᠢᠨ ᠠᠬᠤᠢ ᠲᠠᠯᠠᠪᠠᠢ ᠳᠤ ᠮᠣᠷᠢ ᠲᠠᠢ᠂ ᠲᠡᠮᠡᠭᠡ ᠲᠠᠢ᠂ ᠴᠠᠰᠤᠨ ᠳᠡᠭᠡᠷᠡᠬᠢ ᠮᠣᠲ᠋ᠣᠷ ᠲᠠᠢ ᠬᠥᠮᠥᠰ ᠭᠠᠯ ᠪᠠᠮᠪᠠᠷ ᠢ ᠬᠠᠮᠠᠭᠠᠯᠠᠨ ᠳᠠᠮᠵᠢᠭᠤᠯᠤᠭᠰᠠᠨ ᠪᠥᠭᠡᠳ᠂ ᠨᠠᠢᠮᠠᠳᠤᠭᠠᠷ  ᠭᠠᠯ ᠪᠠᠮᠪᠠᠷᠴᠢᠨ ᠮᠢᠵᠢᠳᠳᠤᠷᠵᠢ ᠮᠣᠷᠢ ᠤᠨᠤᠨ ᠭᠠᠯ ᠪᠠᠮᠪᠠᠷ ᠳᠠᠮᠵᠢᠭᠤᠯᠪᠠ᠃
     ᠮᠥᠩᠬᠡᠴᠠᠭᠠᠨ ᠪᠣᠯᠣᠨ ᠨᠠᠢᠮᠠᠳᠤᠭᠠᠷ ᠭᠠᠯ ᠪᠠᠮᠪᠠᠷᠴᠢᠨ ᠮᠢᠵᠢᠳᠳᠤᠷᠵᠢ ᠭᠠᠯ ᠪᠠᠮᠪᠠᠷ ᠢᠶᠠᠨ ᠨᠣᠴᠣᠭᠠᠵᠤ ᠪᠠᠶᠢᠭ᠎ᠠ ᠨᠢ      ᠭᠠᠯ ᠪᠠᠮᠪᠠᠷ ᠳᠠᠮᠵᠢᠭᠤᠯᠬᠤ ᠠᠵᠢᠯᠯᠠᠭ᠎ᠠ ᠶᠢᠨ ᠬᠠᠮᠤᠭ ᠤᠨ ᠴᠢᠬᠤᠯᠠ ᠭᠤᠣᠯ ᠴᠣᠭᠴᠠ ᠪᠣᠯᠤᠭᠰᠠᠨ ᠤ ᠬᠤᠪᠢ ᠳᠤ᠂ ᠭᠠᠯ ᠪᠠᠮᠪᠠᠷᠴᠢᠨ ᠣᠯᠠᠨ ᠤ ᠠᠩᠬᠠᠷᠤᠯ ᠢ ᠶᠡᠭᠡ ᠪᠠᠷ ᠲᠠᠲᠠᠭᠰᠠᠨ ᠪᠠᠶᠢᠨ᠎ᠠ᠃ ᠬᠥᠯᠥᠨ ᠪᠤᠶᠢᠷ ᠨᠤᠲᠤᠭᠲᠠᠢ ᠲᠥᠪ ᠲᠧᠯᠸᠢᠰ ᠤᠨ ᠨᠡᠷᠡᠲᠦ ᠬᠥᠲᠥᠯᠥᠭᠴᠢ ᠪᠠᠢ ᠶᠠᠨ ᠰᠦᠩ ᠪᠣᠯ ᠭᠠᠯ ᠪᠠᠮᠪᠠᠷᠴᠢᠨ ᠤ ᠵᠢᠱᠢᠭᠳᠡᠭᠴᠢ  ᠶᠢᠨ ᠨᠢᠭᠡ ᠪᠣᠯᠣᠨ᠎ᠠ᠃ ᠲᠠᠯ᠎ᠠ ᠨᠤᠲᠤᠭ ᠤᠨ ᠲᠦᠭ ᠲᠦᠮᠡᠨ ᠬᠥᠪᠡᠭᠦᠳ ᠥᠬᠢᠳ ᠤᠨ ᠨᠢᠭᠡ ᠪᠣᠯᠤᠭᠰᠠᠨ ᠤ ᠬᠤᠪᠢ  ᠳᠤ᠂ ᠲᠡᠷᠡ ᠢᠮᠠᠭᠲᠠ ᠨᠤᠲᠤᠭ ᠤᠰᠤ ᠲᠠᠢ ᠪᠠᠨ ᠰᠡᠳᠬᠢᠯ ᠵᠢᠷᠦᠬᠡ ᠪᠠᠨ ᠬᠤᠯᠪᠣᠵᠤ᠂ ᠨᠤᠲᠤᠭ ᠤᠰᠤᠨ ᠤ ᠪᠠᠨ ᠬᠥᠭᠵᠢᠯᠲᠡ ᠳᠤ ᠥᠪᠡᠷ ᠤᠨ ᠭᠡᠰᠡᠨ ᠬᠤᠪᠢ ᠨᠡᠮᠡᠷᠢ ᠪᠠᠨ ᠦᠵᠡᠭᠦᠯᠦᠭᠰᠡᠭᠡᠷ ᠢᠷᠡᠵᠡᠢ᠃ ᠲᠡᠷᠡ ᠪᠠᠷ᠄ ︽ᠮᠢᠨᠤ ᠨᠤᠲᠤᠭ ᠬᠥᠯᠥᠨ ᠪᠤᠶᠢᠷ ᠡᠶᠢᠮᠦ ᠶᠡᠭᠡ ᠲᠠᠮᠢᠷ ᠤᠨ ᠴᠤᠭᠯᠠᠭᠠᠨ ᠢ ᠲᠦᠷᠦᠭᠦᠦ ᠤᠳᠠᠭ᠎ᠠ ᠡᠷᠭᠢᠯᠡᠵᠦ ᠪᠠᠶᠢᠨ᠎ᠠ᠃ ᠪᠢ ᠲᠦᠷᠦᠭᠰᠡᠨ ᠨᠤᠲᠤᠭ ᠤᠨ ᠢᠶᠠᠨ ᠡᠮᠦᠨ᠎ᠡ ᠠᠴᠠ ᠣᠮᠣᠭᠰᠢᠨ ᠪᠠᠶᠠᠷᠯᠠᠵᠤ ᠪᠠᠶᠢᠨ᠎ᠠ᠃ ᠪᠢ ᠲᠦᠷᠦᠭᠰᠡᠨ ᠨᠤᠲᠤᠭ  ᠲᠠᠭᠠᠨ ᠢᠷᠡᠵᠦ᠂ ᠭᠠᠯ ᠪᠠᠮᠪᠠᠷᠴᠢᠨ ᠪᠣᠯᠤᠭᠰᠠᠨ ᠳᠠᠭᠠᠨ ᠲᠤᠶᠢᠯ ᠢᠶᠠᠷ ᠪᠠᠶᠠᠷᠯᠠᠵᠤ ᠪᠠᠶᠢᠨ᠎ᠠ᠃ ᠪᠢ ᠲᠤᠯᠤᠭ᠎ᠠ ᠤᠳᠠᠭ᠎ᠠ ᠭᠠᠯ ᠪᠠᠮᠪᠠᠷᠴᠢᠨ ᠪᠣᠯᠵᠤ ᠪᠠᠶᠢᠨ᠎ᠠ᠂ ᠡᠳᠡᠭᠡᠷ ᠭᠠᠯ ᠪᠠᠮᠪᠠᠷ ᠢᠶᠠᠨ ᠪᠦᠭᠦᠨ ᠢ ᠬᠥᠯᠥᠨ ᠪᠤᠶᠢᠷ ᠲᠤ ᠬᠠᠨᠳᠢᠪᠯᠡᠬᠤ ᠪᠠᠷ ᠪᠤᠢ᠃ ᠬᠥᠯᠥᠨ ᠪᠤᠶᠢᠷ ᠲᠤ ᠢᠷᠡᠭᠡᠷᠡᠢ᠃ ᠬᠥᠯᠥᠨ ᠪᠤᠶᠢᠷ ᠬᠡᠵᠢᠶ᠎ᠡ ᠴᠦ ᠭᠡᠰᠡᠨ ᠲᠤᠩ ᠭᠤᠶᠤ︕︾ ᠭᠡᠵᠦ ᠪᠠᠶᠠᠷᠯᠠᠨ ᠶᠠᠷᠢᠵᠤ ᠪᠠᠶᠢᠯ᠎ᠠ᠃
     ᠬᠠᠭᠤᠴᠢᠨ ᠪᠠᠷᠭᠤ ᠬᠤᠰᠢᠭᠤᠨ ᠤ ᠭᠠᠯ ᠪᠠᠮᠪᠠᠷ ᠳᠠᠮᠵᠢᠭᠤᠯᠬᠤ ᠲᠠᠯᠠᠪᠠᠢ ᠳᠤ ᠮᠠᠯᠴᠢᠳ ᠬᠦᠷᠦᠯᠴᠡᠨ ᠢᠷᠡᠵᠦ ᠭᠠᠯ ᠪᠠᠮᠪᠠᠷ ᠳᠠᠮᠵᠢᠭᠤᠯᠬᠤ ᠶᠢ ᠰᠣᠨᠢᠷᠬᠠᠵᠤ ᠪᠠᠶᠢᠭ᠎ᠠ ᠨᠢ      ᠭᠠᠯ ᠪᠠᠮᠪᠠᠷᠴᠢᠨ ᠪᠣᠯ ᠡᠪᠦᠯ ᠤᠨ ᠤᠯᠠᠷᠢᠯ ᠤᠨ ᠪᠡᠶ᠎ᠡ ᠶᠢᠨ ᠲᠠᠮᠢᠷ ᠤᠨ ᠴᠤᠭᠯᠠᠭᠠᠨ ᠤ ᠢᠷᠠᠭᠤ ᠠᠯᠳᠠᠷ ᠤᠨ ᠲᠥᠯᠥᠭᠡᠯᠡᠭᠴᠢ ᠮᠥᠨ᠂ ᠲᠡᠷᠡ ᠨᠢ ᠬᠦᠰᠡᠯ ᠡᠷᠡᠮᠡᠯᠵᠡᠯ ᠪᠠ ᠣᠷᠭᠢᠯᠤᠮ᠎ᠠ ᠰᠡᠳᠬᠢᠯᠭᠡ ᠶᠢ ᠳᠠᠮᠵᠢᠭᠤᠯᠬᠤ ᠳᠠᠷᠬᠠᠨ ᠡᠭᠦᠷᠭᠡ ᠶᠢ ᠡᠭᠦᠷᠭᠡᠯᠡᠵᠦ ᠪᠠᠶᠢᠳᠠᠭ ᠪᠥᠭᠡᠳ ᠪᠡᠶ᠎ᠡ ᠶᠢᠨ ᠲᠠᠮᠢᠷ ᠤᠨ ᠵᠣᠷᠢᠭ ᠰᠠᠨᠠᠭ᠎ᠠ ᠪᠠ ᠲᠡᠮᠡᠴᠡᠯ ᠤᠨ ᠵᠣᠷᠢᠭ ᠰᠠᠨᠠᠭ᠎ᠠ ᠶᠢ ᠳᠡᠭᠡᠳᠦ ᠬᠡᠮᠵᠢᠶ᠎ᠡ ᠪᠠᠷ ᠡᠷᠬᠢᠮᠯᠡᠨ ᠳᠡᠭᠡᠳᠦᠯᠡᠬᠦ ᠶᠢ ᠲᠥᠯᠥᠭᠡᠯᠡᠵᠦ ᠪᠠᠶᠢᠳᠠᠭ᠃ ᠡᠨᠡ ᠵᠢᠯ 62 ᠨᠠᠰᠤᠲᠠᠢ ᠥᠩᠭᠡᠷᠡᠭᠰᠡᠨ ᠤ ᠲᠦᠷᠭᠡᠨ ᠲᠡᠰᠢᠯᠲᠡ ᠶᠢᠨ ᠲᠠᠮᠢᠷᠴᠢᠨ ᠸᠠᠩ ᠭᠦᠢ ᠹᠠᠩ ᠪᠣᠯ ᠠᠷᠪᠠᠨ ᠳᠥᠷᠪᠡᠳᠦᠭᠡᠷ ᠬᠤᠭᠤᠴᠠᠭᠠᠨ  ᠤ ᠪᠦᠭᠦ ᠤᠯᠤᠰ ᠤᠨ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠤ ᠨᠢᠭᠡᠳᠦᠭᠡᠷ ᠭᠠᠯ ᠪᠠᠮᠪᠠᠷᠴᠢᠨ ᠪᠣᠯᠣᠨ᠎ᠠ᠃ ︽ᠭᠠᠯ ᠪᠠᠮᠪᠠᠷ ᠳᠠᠮᠵᠢᠭᠤᠯᠬᠤ ᠪᠠᠷ ᠳᠠᠮᠵᠢᠨ ᠪᠡᠶ᠎ᠡ ᠶᠢᠨ ᠲᠠᠮᠢᠷ ᠤᠨ ᠵᠣᠷᠢᠭ ᠰᠠᠨᠠᠭ᠎ᠠ ᠶᠢ ᠳᠠᠮᠵᠢᠭᠤᠯᠵᠤ᠂ ᠨᠠᠩ ᠣᠯᠠᠨ ᠬᠥᠮᠥᠰ ᠢ ᠳᠠᠶᠢᠴᠢᠯᠠᠨ ᠮᠥᠰᠥ ᠴᠠᠰᠤᠨ ᠤ ᠲᠠᠮᠢᠷ ᠤᠨ ᠬᠥᠳᠡᠯᠭᠡᠭᠡᠨ ᠳᠤ ᠪᠠᠭ᠋ᠠᠲᠠᠢ ᠪᠣᠯᠭᠠᠨ᠂ ᠪᠡᠶ᠎ᠡ ᠶᠢᠨ ᠲᠠᠮᠢᠷ ᠤᠨ ᠬᠥᠳᠡᠯᠭᠡᠭᠡᠨ ᠳᠤ ᠢᠳᠡᠪᠬᠢᠲᠡᠢ ᠣᠷᠣᠯᠴᠠᠭᠤᠯᠬᠤ ᠶᠢ ᠬᠦᠰᠡᠵᠦ ᠪᠠᠶᠢᠨ᠎ᠠ︾ ᠭᠡᠵᠦ ᠸᠠᠩ ᠭᠦᠢ ᠹᠠᠩ ᠶᠠᠷᠢᠵᠤ ᠪᠠᠶᠢᠯ᠎ᠠ᠃
     ᠮᠢᠵᠢᠳᠳᠤᠷᠵᠢ ᠮᠣᠷᠢ ᠪᠠᠨ ᠤᠨᠤᠭᠠᠳ ᠤᠨᠤᠭᠠᠳ ᠭᠠᠯ ᠪᠠᠮᠪᠠᠷ ᠳᠠᠮᠵᠢᠭᠤᠯᠵᠤ ᠪᠠᠶᠢᠭ᠎ᠠ ᠨᠢ      ᠵᠢᠷᠤᠭ /ᠵᠣᠬᠢᠶᠠᠯ᠄ ᠲᠤᠰ ᠰᠣᠨᠢᠨ ᠰᠤᠷᠪᠤᠯᠵᠢᠯᠠᠬᠴᠢ ᠪᠢᠯᠢᠭᠲᠦ ᠴᠣᠪᠣᠭᠤ ᠬᠤᠶᠢᠳᠤᠡᠤᠯᠤᠰ ᠬᠠᠨ ᠰᠢᠶᠣᠣ ᠢᠦᠢ
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000611号-1号