ᠬᠤᠲᠣᠩ ᠠᠷᠠᠳ ᠤᠨ ᠲᠣᠭᠤᠷᠢᠭ ᠤᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ 2024 ᠣᠨ ᠤ ᠴᠠᠭᠠᠨ ᠰᠠᠷ᠎ᠠ ᠠᠴᠠ ᠡᠮᠦᠨᠡᠬᠢ ᠠᠷᠢᠭᠤᠨ ᠴᠢᠬᠡᠴᠢ ᠪᠠᠷ ᠵᠠᠰᠠᠭ ᠪᠠᠷᠢᠬᠤ ᠲᠤᠬᠠᠢ ᠶᠠᠷᠢᠯᠴᠠᠬᠤ ᠬᠤᠷᠠᠯ ᠡᠷᠬᠢᠯᠡᠵᠡᠢ
ᠨᠡᠶᠢᠲᠡᠯᠡᠭᠰᠡᠨ ᠴᠠᠭ᠄
2024/2/8
      ᠴᠠᠭᠠᠨ ᠰᠠᠷ᠎ᠠ ᠪᠣᠯᠬᠤ ᠭᠡᠵᠦ ᠪᠠᠶᠢᠭ᠎ᠠ ᠦᠶ᠎ᠡ ᠳᠤ᠂ ᠨᠠᠮ ᠢ ᠪᠥᠬᠦ ᠲᠠᠯ᠎ᠠ ᠪᠠᠷ ᠴᠢᠩᠭ᠎ᠠ ᠵᠠᠰᠠᠬᠤ᠂ ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢᠨ ᠠᠵᠢᠯ ᠢ ᠤᠯᠠᠮ ᠨᠢᠭᠡ ᠠᠯᠬᠤᠮ ᠭᠦᠨᠵᠡᠭᠡᠶᠢᠷᠡᠭᠦᠯᠬᠦ ᠶᠢᠨ ᠲᠥᠯᠥᠭᠡ᠂ ︽ᠴᠢᠩᠭ᠎ᠠ︾ ᠬᠥᠭ ᠠᠶᠠᠰ ᠢᠶᠠᠷ ᠰᠤᠷᠲᠠᠯ ᠢ ᠲᠥᠪ ᠪᠣᠯᠭᠠᠨ ᠰᠠᠬᠢᠯᠭ᠎ᠠ ᠪᠠᠲᠤ ᠶᠢ ᠴᠢᠩᠳᠠᠯᠠᠵᠤ᠂ ᠠᠷᠢᠭᠤᠨ ᠴᠢᠬᠡᠴᠢ ᠪᠠᠷ ᠠᠵᠢᠯᠯᠠᠬᠤ ᠶᠢ ᠴᠢᠩᠭᠠᠳᠬᠠᠨ᠎ᠠ᠃ 2 ᠰᠠᠷ᠎ᠠ ᠶᠢᠨ 5 ᠤ ᠡᠳᠦᠷ᠂ ᠬᠤᠲᠣᠩ ᠠᠷᠠᠳ ᠤᠨ ᠲᠣᠭᠤᠷᠢᠭ ᠤᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ 2024 ᠣᠨ ᠤ ᠴᠠᠭᠠᠨ ᠰᠠᠷ᠎ᠠ ᠠᠴᠠ ᠡᠮᠦᠨᠡᠬᠢ ᠠᠷᠢᠭᠤᠨ ᠴᠢᠬᠡᠴᠢ ᠪᠠᠷ ᠵᠠᠰᠠᠭ ᠪᠠᠷᠢᠬᠤ ᠲᠤᠬᠠᠢ ᠶᠠᠷᠢᠯᠴᠠᠬᠤ ᠬᠤᠷᠠᠯ ᠬᠤᠷᠠᠯᠳᠤᠭᠤᠯᠵᠤ᠂ ᠲᠣᠭᠤᠷᠢᠭ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠤᠨ ᠲᠣᠭᠤᠷᠢᠭ ᠲᠤ ᠰᠠᠭᠤᠭ᠎ᠠ ᠨᠠᠮ ᠤᠨ ᠬᠤᠷᠢᠶ᠎ᠠ ᠶᠢᠨ ᠵᠣᠬᠢᠶᠠᠨ ᠪᠠᠶᠢᠭᠤᠯᠬᠤ ᠬᠡᠯᠲᠡᠰ ᠤᠨ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠳᠤᠭᠤᠶᠢᠯᠠᠩ ᠤᠨ ᠳᠠᠷᠤᠭ᠎ᠠ ᠵᠢᠶᠠ ᠯᠢ ᠵᠢᠶᠦ᠋ᠨ᠂ ᠲᠣᠭᠤᠷᠢᠭ ᠤᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠶᠢᠨ ᠤᠳᠤᠷᠢᠳᠬᠤ ᠪᠠᠭ ᠵᠢᠴᠢ ᠪᠥᠬᠦ ᠺᠠᠳ᠋ᠷᠴᠤᠳ ᠬᠤᠷᠠᠯ ᠳᠤ ᠣᠷᠣᠯᠴᠠᠵᠠᠢ᠃      ᠬᠤᠷᠠᠯ ᠠᠴᠠ ᠴᠢᠬᠤᠯᠠᠴᠢᠯᠠᠭᠰᠠᠨ᠂ ᠨᠢᠭᠡ ᠳᠤ᠂ ᠤᠯᠤᠰ ᠲᠦᠷᠦ ᠶᠢᠨ ᠰᠤᠷᠤᠯᠴᠠᠯᠭ᠎ᠠ ᠪᠠᠨ ᠴᠢᠩᠭᠠᠳᠬᠠᠵᠤ᠂ ᠢᠯᠵᠢᠷᠡᠯ ᠢ ᠰᠡᠷᠭᠡᠶᠢᠯᠡᠬᠦ ᠤᠬᠠᠮᠰᠠᠷ ᠢᠶᠠᠨ ᠳᠡᠭᠡᠭᠰᠢᠯᠡᠭᠦᠯᠬᠦ ᠬᠡᠷᠡᠭᠲᠡᠢ᠃ ᠪᠦᠬᠦ ᠤᠳᠤᠷᠢᠳᠬᠤ ᠺᠠᠳ᠋ᠷᠴᠤᠳ ᠰᠢᠨ᠎ᠡ ᠪᠠᠷ ᠵᠠᠰᠠᠪᠤᠷᠢ ᠣᠷᠣᠭᠤᠯᠤᠭᠰᠠᠨ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠰᠠᠬᠢᠯᠭ᠎ᠠ ᠪᠠᠲᠤ ᠶᠢᠨ ᠰᠢᠳᠬᠡᠯ ᠥᠭᠬᠦ ᠳᠦᠷᠢᠮ︾ ᠪᠠ ︽ᠨᠠᠮ ᠤᠨ ᠭᠡᠰᠢᠭᠦᠨ ᠺᠠᠳ᠋ᠷᠴᠤᠳ ᠤᠨ ᠰᠦᠯᠵᠢᠶᠡᠨ ᠤ ᠠᠵᠢᠯᠯᠠᠭ᠎ᠠ ᠶᠢ ᠵᠢᠷᠤᠮᠵᠢᠭᠤᠯᠬᠤ ᠲᠤᠬᠠᠢ ᠰᠠᠨᠠᠯ︾ ᠢ ᠬᠢᠨᠠᠮᠠᠭᠠᠢ ᠰᠤᠷᠤᠯᠴᠠᠵᠤ᠂ ᠲᠥᠪ ᠬᠤᠷᠢᠶᠠᠨ ᠤ ᠨᠠᠢᠮᠠᠨ ᠵᠤᠷᠪᠤᠰ ᠲᠣᠭᠲᠠᠭᠠᠯ᠂ ︽ᠲᠦᠷᠪᠡᠨ ᠰᠤᠷᠲᠠᠯ︾ ᠢ ᠡᠰᠡᠷᠭᠦᠴᠡᠬᠦ ᠵᠡᠷᠭᠡ ᠱᠠᠭᠠᠷᠳᠠᠯᠭ᠎ᠠ ᠶᠢ ᠤᠬᠠᠮᠰᠠᠷ ᠠᠴᠠ ᠪᠠᠨ ᠰᠡᠳᠬᠢᠯ ᠳᠡᠭᠡᠨ ᠰᠢᠩᠭᠡᠭᠡᠵᠦ᠂ ᠠᠷᠢᠭᠤᠨ ᠴᠢᠬᠡᠴᠢ ᠪᠠᠷ ᠪᠡᠶ᠎ᠡ ᠪᠠᠨ ᠪᠠᠷᠢᠬᠤ ᠲᠣᠭᠲᠠᠭᠠᠯ ᠢ ᠵᠢᠷᠤᠮᠯᠠᠵᠤ᠂ ᠲᠤᠰ ᠪᠡᠶ᠎ᠡ ᠶᠢᠨ ᠢᠯᠵᠠᠷᠠᠯ ᠢ ᠡᠰᠡᠷᠭᠦᠴᠡᠨ ᠬᠤᠪᠢᠷᠠᠬᠤ ᠶᠢ ᠰᠡᠷᠭᠡᠶᠢᠯᠡᠬᠦ ᠤᠬᠠᠮᠰᠠᠷ ᠪᠠ ᠴᠢᠳᠠᠪᠤᠷᠢ ᠪᠠᠨ ᠨᠡᠮᠡᠭᠳᠡᠭᠦᠯᠬᠦ ᠬᠡᠷᠡᠭᠲᠡᠢ᠃ ᠬᠤᠶᠠᠷ ᠲᠤ᠂ ᠦᠵᠡᠯ ᠰᠠᠨᠠᠭ᠎ᠠ ᠲᠠᠨᠢᠯᠲᠠ ᠪᠠᠨ ᠳᠡᠭᠡᠭᠰᠢᠯᠡᠭᠦᠯᠵᠦ᠂ ᠠᠷᠢᠭᠤᠨ ᠴᠢᠬᠡᠴᠢ ᠶᠢᠨ ᠪᠠᠲᠤ ᠬᠦᠴᠦᠨ ᠢ ᠪᠠᠲᠤᠯᠠᠨ᠎ᠠ᠃ ᠪᠠᠶᠠᠷ ᠤᠨ ᠡᠳᠦᠷ ᠤᠨ ᠬᠤᠭᠤᠴᠠᠭᠠᠨ ᠳᠤ ᠤᠯᠠᠮ ᠰᠡᠷᠭᠡᠭ ᠪᠠᠶᠢᠵᠤ᠂ ᠶᠣᠰᠣ ᠳᠦᠷᠢᠮ ᠢ ᠡᠷᠬᠢᠮᠯᠡᠬᠦ᠂ ᠪᠢᠰᠢᠷᠡᠨ ᠵᠢᠷᠦᠬᠡᠰᠢᠶᠡᠬᠦ ᠶᠢ ᠮᠡᠳᠡᠬᠦ᠂ ᠠᠷᠢᠭᠤᠨ ᠴᠢᠬᠡᠴᠢ ᠶᠢ ᠰᠠᠬᠢᠬᠤ ᠶᠢ ᠪᠡᠶᠡᠯᠡᠭᠦᠯᠵᠦ᠂ ᠰᠤᠷᠲᠠᠯ ᠴᠢᠬᠡᠴᠢ ᠣᠪᠣᠷ ᠲᠥᠪ ᠪᠠᠶᠢᠬᠤ ᠪᠠᠶᠠᠷ ᠤᠨ ᠡᠳᠦᠷ ᠤᠨ ᠠᠭᠤᠷ ᠠᠮᠢᠰᠬᠤᠯ ᠢ ᠪᠤᠢ ᠪᠣᠯᠭᠠᠬᠤ ᠬᠡᠷᠡᠭᠲᠡᠢ᠃ ᠭᠤᠷᠪᠠ ᠳᠤ᠂ ᠰᠠᠬᠢᠯᠭ᠎ᠠ ᠪᠠᠲᠤ ᠶᠢᠨ ᠱᠠᠭᠠᠷᠳᠠᠯᠭ᠎ᠠ ᠶᠢ ᠴᠢᠩᠳᠠᠯᠠᠵᠤ᠂ ᠠᠵᠢᠯᠯᠠᠭ᠎ᠠ ᠶᠢᠨ ᠤᠬᠠᠮᠰᠠᠷ ᠢᠶᠠᠨ ᠴᠢᠩᠭᠠᠳᠬᠠᠬᠤ ᠬᠡᠷᠡᠭᠲᠡᠢ᠃ ᠪᠠᠶᠠᠷ ᠤᠨ ᠡᠳᠦᠷ ᠤᠨ ᠬᠤᠭᠤᠴᠠᠭᠠᠨ ᠳᠠᠬᠢ ᠰᠠᠬᠢᠯᠭ᠎ᠠ ᠪᠠᠲᠤ ᠶᠢᠨ ᠱᠠᠭᠠᠷᠳᠠᠯᠭ᠎ᠠ ᠶᠢ ᠰᠠᠶᠢᠲᠤᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠡᠯ᠎ᠡ ᠵᠦᠢᠯ ᠤᠨ ᠴᠠᠭᠠᠵᠠ ᠵᠠᠷᠯᠢᠭ ᠢ ᠴᠠᠭ ᠢᠮᠠᠭᠲᠠ ᠪᠠᠲᠤ ᠴᠡᠭᠡᠵᠢᠯᠡᠵᠦ᠂ ᠴᠢᠬᠤᠯᠠ ᠶᠡᠭᠡ ᠤᠴᠢᠷ ᠶᠠᠪᠤᠳᠠᠯ ᠪᠣᠯᠣᠨ ᠭᠠᠳᠠᠭᠰᠢ ᠭᠠᠷᠴᠤ ᠮᠡᠳᠡᠭᠦᠯᠦᠨ ᠳᠠᠩᠰᠠᠯᠠᠭᠤᠯᠬᠤ ᠳᠦᠷᠢᠮ ᠢ ᠴᠢᠩᠭ᠎ᠠ ᠬᠡᠷᠡᠭᠵᠢᠭᠦᠯᠵᠦ᠂ ᠠᠷᠢᠭᠤᠨ ᠴᠢᠬᠡᠴᠢ ᠪᠠᠷ ᠪᠠᠶᠠᠷ ᠤᠨ ᠡᠳᠦᠷ ᠢᠶᠠᠨ ᠥᠩᠭᠡᠷᠡᠭᠦᠯᠬᠦ ᠶᠢ ᠦᠨᠡᠨᠬᠦ ᠪᠡᠶᠡᠯᠡᠭᠦᠯᠬᠦ ᠬᠡᠷᠡᠭᠲᠡᠢ᠃ ᠳᠥᠷᠪᠡ ᠳᠤ᠂ ᠬᠠᠷᠢᠭᠤᠴᠠᠯᠭ᠎ᠠ ᠡᠭᠦᠷᠭᠡᠯᠡᠯ ᠢᠶᠠᠨ ᠴᠢᠩᠭᠠᠳᠬᠠᠵᠤ᠂ ᠠᠵᠢᠯᠯᠠᠭ᠎ᠠ ᠨᠢ ᠡᠷᠡᠰ ᠴᠢᠩᠭ᠎ᠠ ᠪᠥᠭᠡᠳ ᠬᠦᠴᠦᠨ ᠲᠠᠢ ᠪᠠᠶᠢᠬᠤ ᠬᠡᠷᠡᠭᠲᠡᠢ᠃ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠰᠠᠬᠢᠯᠭ᠎ᠠ ᠪᠠᠲᠤ ᠰᠤᠷᠲᠠᠯ ᠤᠨ ᠪᠠᠶᠢᠭᠤᠯᠤᠯᠲᠠ ᠶᠢᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠪᠠᠲᠤ ᠡᠭᠦᠷᠭᠡᠯᠡᠵᠦ᠂ ᠤᠳᠤᠷᠢᠳᠬᠤ ᠪᠠᠭ ᠪᠣᠯᠣᠨ ᠡᠯ᠎ᠡ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ︽ᠨᠢᠭᠡ ᠠᠵᠢᠯ ᠤᠨ ᠪᠠᠶᠢᠷᠢ ᠬᠤᠶᠠᠷ ᠬᠠᠷᠢᠭᠤᠴᠠᠯᠭ᠎ᠠ︾ ᠶᠢ ᠨᠠᠷᠢᠨ ᠬᠢᠨᠠᠮᠠᠭᠠᠢ ᠰᠠᠶᠢᠲᠤᠷ ᠭᠦᠢᠴᠡᠳᠬᠡᠵᠦ᠂ ᠬᠤᠪᠢᠳᠠᠨ ᠬᠠᠮᠢᠶᠠᠷᠴᠤ ᠪᠠᠶᠢᠭ᠎ᠠ ᠰᠠᠯᠠᠭ᠎ᠠ ᠮᠥᠴᠢᠷ ᠢ ᠵᠣᠬᠢᠶᠠᠨ ᠪᠠᠶᠢᠭᠤᠯᠤᠨ ᠨᠠᠮ ᠤᠨ ᠰᠠᠬᠢᠯᠭ᠎ᠠ ᠪᠠᠲᠤ ᠶᠢᠨ ᠬᠠᠤᠯᠢ ᠲᠣᠭᠲᠠᠭᠠᠯ ᠢ ᠰᠤᠷᠤᠯᠴᠠᠭᠤᠯᠵᠤ᠂ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭᠠᠨ ᠤ ᠬᠠᠰᠢᠯᠭ᠎ᠠ ᠶᠢ ᠲᠠᠰᠤᠷᠠᠯᠳᠠ ᠦᠭᠡᠢ ᠪᠠᠬᠢᠵᠢᠭᠦᠯᠵᠦ᠂ ᠪᠦᠬᠦ ᠲᠠᠯ᠎ᠠ ᠶᠢᠨ ᠺᠠᠳ᠋ᠷ ᠠᠵᠢᠯᠲᠠᠨ ᠤ ᠨᠠᠮ ᠤᠨ ᠰᠠᠬᠢᠯᠭ᠎ᠠ ᠵᠠᠰᠠᠭ ᠤᠨ ᠰᠠᠬᠢᠯᠭ᠎ᠠ ᠪᠠᠲᠤ ᠶᠢᠨ ᠤᠬᠠᠮᠰᠠᠷ᠂ ᠠᠷᠢᠭᠤᠨ ᠴᠢᠬᠡᠴᠢ ᠪᠠᠷ ᠪᠡᠶ᠎ᠡ ᠪᠠᠨ ᠪᠠᠷᠢᠬᠤ ᠤᠬᠠᠮᠰᠠᠷ ᠢ ᠴᠢᠨᠠᠭᠰᠢᠳᠠ ᠴᠢᠩᠭᠠᠳᠬᠠᠵᠤ᠂ ᠠᠷᠢᠭᠤᠨ ᠴᠢᠬᠡᠴᠢ ᠪᠠᠷ ᠪᠠᠶᠠᠷ ᠤᠨ ᠡᠳᠦᠷ ᠢ ᠥᠩᠭᠡᠷᠡᠭᠦᠯᠬᠦ᠂ ᠪᠣᠯᠪᠠᠰᠤᠨ ᠢᠶᠠᠷ ᠪᠠᠶᠠᠷ ᠤᠨ ᠡᠳᠦᠷ ᠢ ᠥᠩᠭᠡᠷᠡᠭᠦᠯᠬᠦ ᠶᠢ ᠦᠨᠡᠨᠬᠦ ᠪᠠᠲᠤᠯᠠᠬᠤ ᠬᠡᠷᠡᠭᠲᠡᠢ᠃      ᠢᠷᠡᠯᠲᠡ᠄ ᠬᠤᠲᠣᠩ ᠠᠷᠠᠳ ᠤᠨ ᠲᠣᠭᠤᠷᠢᠭ ᠤᠨ ᠵᠠᠰᠠᠭ ᠤᠨ ᠣᠷᠳᠣᠨ ᠤ ᠠᠯᠪᠠᠨ ᠰᠦᠯᠵᠢᠶ᠎ᠡ
 
ᠢᠷᠡᠯᠲᠡ᠄ ᠬᠤᠲᠤᠩ ᠠᠷᠠᠳ ᠤᠨ ᠲᠣᠭᠤᠷᠢᠭ ᠤᠨ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000611号-1号