ᠬᠤᠲᠣᠩ ᠠᠷᠠᠳ ᠤᠨ ᠲᠣᠭᠤᠷᠢᠭ ᠤᠨ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ 2023 ᠣᠨ ᠤ ᠬᠥᠬᠢᠭᠦᠯᠦᠨ ᠰᠠᠶᠢᠰᠢᠶᠠᠬᠤ ᠶᠡᠭᠡ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/2/9
      2 ᠰᠠᠷ᠎ᠠ ᠶᠢᠨ 7 ᠤ ᠡᠳᠦᠷ᠂ ᠬᠥᠬᠡᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠬᠤᠲᠣᠩ ᠠᠷᠠᠳ ᠤᠨ ᠬᠤᠪᠢᠶᠠᠷᠢ ᠲᠣᠪᠴᠢᠶ᠎ᠠ 2023 ᠣᠨ ᠤ ᠬᠥᠬᠢᠭᠦᠯᠦᠨ ᠰᠠᠶᠢᠰᠢᠶᠠᠬᠤ ᠶᠡᠭᠡ ᠬᠤᠷᠠᠯ ᠬᠤᠷᠠᠯᠳᠤᠭᠤᠯᠵᠤ᠂ 2023 ᠣᠨ ᠤ ᠠᠵᠢᠯ ᠢ ᠲᠣᠭᠠᠯᠠᠨ ᠪᠦᠷᠢᠳᠬᠡᠵᠦ᠂ 2023 ᠣᠨ ᠤ ᠠᠵᠢᠯ ᠤᠨ ᠳᠤᠮᠳᠠ ᠴᠣᠯᠭᠤᠷᠠᠨ ᠭᠠᠷᠤᠭᠰᠠᠨ ᠲᠡᠷᠢᠭᠦᠨ ᠤ ᠠᠷᠠᠳ ᠤᠨ ᠲᠤᠰᠠᠯᠠᠬᠤ ᠴᠠᠭᠳᠠᠭ᠎ᠠ ᠶᠢᠨ ᠬᠤᠪᠢ ᠬᠥᠮᠥᠨ ᠪᠠ ᠰᠢᠯᠢᠳᠡᠭ ᠴᠠᠭᠳᠠᠭ᠎ᠠ ᠶᠢᠨ ᠭᠡᠷ ᠪᠦᠯᠢ ᠶᠢᠨ ᠬᠢᠨ ᠢ ᠬᠥᠬᠢᠭᠦᠯᠦᠨ ᠱᠠᠩᠨᠠᠵᠤ᠂ ᠲᠤᠯᠭᠠᠷᠠᠵᠤ ᠪᠠᠶᠢᠭ᠎ᠠ ᠪᠠᠶᠢᠳᠠᠯ ᠡᠭᠦᠷᠭᠡ ᠳᠤ ᠵᠠᠳᠠᠯᠤᠯᠲᠠ ᠬᠢᠵᠦ᠂ 2024 ᠣᠨ ᠤ ᠪᠥᠬᠦ ᠲᠠᠯ᠎ᠠ ᠶᠢᠨ ᠳᠣᠲᠣᠭᠠᠳᠤ ᠶᠢ ᠬᠠᠮᠠᠭᠠᠯᠠᠬᠤ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃ ᠬᠤᠲᠣᠩ ᠠᠷᠠᠳ ᠤᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ᠂ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ ᠶᠢᠨ ᠨᠠᠮ ᠤᠨ ᠬᠤᠷᠢᠶᠠᠨ ᠤ ᠱᠦᠵᠢ᠂ ᠲᠣᠪᠴᠢᠶᠠᠨ ᠳᠠᠷᠤᠭ᠎ᠠ ᠯᠢᠦ ᠲᠤᠸ ᠬᠤᠷᠠᠯ ᠳᠤ ᠣᠷᠣᠯᠴᠠᠨ ᠶᠠᠷᠢᠶ᠎ᠠ ᠲᠠᠯᠪᠢᠵᠤ᠂ ᠬᠤᠪᠢᠶᠠᠷᠢ ᠲᠣᠪᠴᠢᠶ᠎ᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠶᠢᠨ ᠭᠡᠰᠢᠭᠦᠨ ᠯᠢ ᠭᠦᠸᠧ ᠫᠢᠩ ᠬᠤᠷᠠᠯ ᠢ ᠡᠷᠭᠢᠯᠡᠵᠦ᠂ ᠬᠤᠪᠢᠶᠠᠷᠢ ᠲᠣᠪᠴᠢᠶ᠎ᠠ ᠶᠢᠨ ᠨᠠᠮ ᠤᠨ ᠬᠤᠷᠢᠶᠠᠨ ᠤ ᠤᠳᠤᠷᠢᠳᠬᠤ ᠪᠠᠭ ᠤᠨ ᠪᠦᠷᠢᠯᠳᠦᠭᠦᠨ᠂ ᠡᠯ᠎ᠡ ᠭᠠᠵᠠᠷ ᠤᠨ ᠠᠩᠭᠢ ᠲᠠᠰᠤᠭ ᠤᠨ ᠬᠠᠷᠢᠭᠤᠴᠠᠯᠭᠠᠲᠠᠨ᠂ ᠬᠥᠬᠢᠭᠦᠯᠦᠭᠳᠡᠨ ᠰᠠᠶᠢᠰᠢᠶᠠᠭᠳᠠᠭᠰᠠᠨ ᠠᠷᠠᠳ ᠤᠨ ᠲᠤᠰᠠᠯᠠᠬᠤ ᠴᠠᠭᠳᠠᠭ᠎ᠠ᠂ ᠡᠯ᠎ᠡ ᠰᠠᠯᠠᠭ᠎ᠠ ᠮᠥᠴᠢᠷ ᠤᠨ ᠠᠷᠠᠳ ᠤᠨ ᠲᠤᠰᠠᠯᠠᠬᠤ ᠴᠠᠭᠳᠠᠭ᠎ᠠ ᠶᠢᠨ ᠲᠥᠯᠥᠭᠡᠯᠡᠭᠴᠢ ᠵᠢᠴᠢ ᠰᠢᠯᠢᠳᠡᠭ ᠴᠠᠭᠳᠠᠭ᠎ᠠ ᠶᠢᠨ ᠭᠡᠷ ᠪᠦᠯᠢ ᠶᠢᠨ ᠨᠡᠶᠢᠲᠡ 240 ᠭᠠᠷᠤᠢ ᠬᠥᠮᠥᠨ ᠬᠤᠷᠠᠯ ᠳᠤ ᠣᠷᠣᠯᠴᠠᠵᠠᠢ᠃
     ᠬᠤᠷᠠᠯ ᠠᠴᠠ ᠵᠢᠭᠠᠵᠤ ᠭᠠᠷᠭᠠᠭᠰᠠᠨ ᠨᠢ᠂ 2023 ᠣᠨ ᠳᠤ᠂ ᠬᠤᠲᠣᠩ ᠠᠷᠠᠳ ᠤᠨ ᠲᠣᠭᠤᠷᠢᠭ ᠤᠨ ᠨᠠᠮ ᠤᠨ ᠬᠤᠷᠢᠶ᠎ᠠ᠂ ᠲᠣᠭᠤᠷᠢᠭ ᠤᠨ ᠵᠠᠰᠠᠭ ᠤᠨ ᠣᠷᠳᠣᠨ ᠪᠣᠯᠣᠨ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠨᠠᠮ ᠤᠨ ᠬᠤᠷᠢᠶ᠎ᠠ ᠶᠢᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠬᠤᠲᠣᠩ ᠠᠷᠠᠳ ᠤᠨ ᠲᠣᠭᠤᠷᠢᠭ ᠤᠨ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ ᠶᠢᠨ ᠨᠠᠮ ᠤᠨ ᠬᠤᠷᠢᠶ᠎ᠠ ᠪᠦᠬᠦ ᠠᠷᠠᠳ ᠤᠨ ᠲᠤᠰᠠᠯᠠᠬᠤ ᠴᠠᠭᠳᠠᠭ᠎ᠠ ᠶᠢ ᠪᠦᠯᠬᠦᠮᠳᠡᠭᠦᠯᠦᠨ ᠳᠠᠭᠠᠭᠤᠯᠵᠤ᠂ ᠨᠡᠶᠢᠭᠡᠮ ᠵᠢᠷᠤᠮ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠣᠯᠣᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠭᠤᠣᠯ ᠰᠡᠳᠦᠪ ᠭᠤᠣᠯ ᠰᠢᠵᠢᠮ ᠲᠠᠢ ᠨᠢᠭᠲᠠ ᠤᠶᠠᠯᠳᠤᠭᠤᠯᠤᠨ᠂ ᠥᠷᠢᠰᠦᠯᠳᠦᠭᠡᠨ ᠢ ᠢᠳᠡᠪᠬᠢᠲᠡᠢ ᠠᠷᠭᠠᠴᠠᠵᠤ᠂ ᠠᠶᠤᠯ ᠲᠦᠭᠰᠢᠭᠦᠷᠢ ᠶᠢ ᠪᠦᠲᠦᠮᠵᠢᠲᠡᠢ ᠰᠢᠢᠳᠪᠦᠷᠢᠯᠡᠵᠦ᠂ ᠴᠢᠬᠤᠯᠠ ᠶᠡᠭᠡ ᠰᠢᠯᠭᠠᠯᠲᠠ ᠶᠢ ᠳᠠᠭᠠᠭᠠᠵᠤ᠂ ᠬᠠᠷᠰᠢ ᠰᠠᠭᠠᠳ ᠢ ᠢᠯᠠᠨ ᠳᠠᠪᠠᠵᠤ᠂ ᠡᠷᠡᠯᠬᠡᠭᠯᠡᠨ ᠤᠷᠤᠭᠰᠢᠯᠠᠵᠤ᠂ ᠦᠨᠡᠨᠴᠢ ᠰᠢᠳᠤᠷᠭᠤ ᠪᠠ ᠬᠤᠪᠢ ᠨᠡᠮᠡᠷᠢ ᠦᠵᠡᠭᠦᠯᠬᠦ ᠪᠠᠷ ᠲᠣᠭᠲᠠᠭᠤᠨ ᠠᠮᠤᠷ ᠲᠦᠪᠰᠢᠨ ᠡᠮᠬᠢ ᠳᠢᠭᠯᠢᠮ ᠲᠠᠢ ᠨᠡᠶᠢᠭᠡᠮ ᠤᠨ ᠠᠮᠤᠷ ᠲᠦᠪᠰᠢᠨ ᠤ ᠣᠷᠴᠢᠨ ᠲᠣᠭᠤᠷᠢᠨ ᠢ ᠴᠣᠭᠴᠠᠯᠠᠵᠤ᠂ ᠤᠶᠤᠨ ᠤᠬᠠᠭᠠᠨ ᠪᠠ ᠬᠦᠴᠦ ᠬᠥᠯᠥᠰᠦ ᠪᠠᠷ ᠢᠶᠠᠨ ᠬᠤᠲᠣᠩ ᠠᠷᠠᠳ ᠤᠨ ᠲᠣᠭᠤᠷᠢᠭ ᠤᠨ ᠠᠮᠤᠷ ᠠᠮᠤᠭᠤᠯᠠᠩ ᠤᠨ ᠪᠠᠶᠢᠭᠤᠯᠤᠯᠲᠠ ᠶᠢᠨ ᠰᠢᠨ᠎ᠡ ᠬᠠᠭᠤᠳᠠᠰᠤ ᠶᠢ ᠪᠢᠴᠢᠭᠯᠡᠵᠦ᠂ ᠡᠷᠡᠯᠬᠡᠭᠯᠡᠨ ᠲᠡᠮᠡᠴᠡᠬᠦ ᠪᠠ ᠡᠷᠡᠯᠬᠡᠭᠯᠡᠨ ᠤᠷᠤᠭᠰᠢᠯᠠᠬᠤ ᠪᠠᠷ ᠬᠤᠲᠠ ᠶᠢᠨ ᠲᠥᠪ ᠤᠨ ᠳᠣᠲᠣᠭᠠᠳᠤ ᠶᠢ ᠬᠠᠮᠠᠭᠠᠯᠠᠬᠤ ᠪᠠᠶᠢᠭᠤᠯᠤᠯᠭ᠎ᠠ ᠶᠢᠨ ᠰᠢᠨ᠎ᠡ ᠳᠦᠷᠢ ᠲᠥᠷᠬᠦ ᠶᠢ ᠳᠡᠯᠭᠡᠨ ᠦᠵᠡᠭᠦᠯᠵᠡᠢ᠃
     ᠬᠤᠷᠠᠯ ᠠᠴᠠ ᠱᠠᠭᠠᠷᠳᠠᠭᠰᠠᠨ ᠨᠢ᠂ ᠣᠳᠣᠬᠠᠨ ᠳᠤ᠂ ᠮᠠᠨ ᠤ ᠤᠯᠤᠰ ᠨᠢᠭᠡᠨᠲᠡ ᠨᠡᠶᠢᠭᠡᠮ ᠵᠢᠷᠤᠮ ᠤᠨ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠰᠢᠨ᠎ᠡ ᠠᠶᠠᠨ ᠳᠤ ᠣᠷᠣᠵᠤ᠂ ᠪᠦᠬᠦ ᠲᠣᠭᠤᠷᠢᠭ ᠤᠨ ᠡᠯ᠎ᠡ ᠲᠦᠷᠦᠯ ᠤᠨ ᠦᠢᠯᠡᠰ ᠰᠢᠨ᠎ᠡ ᠭᠠᠷᠤᠭ᠎ᠠ ᠳᠡᠭᠡᠷ᠎ᠡ ᠵᠣᠭᠰᠣᠵᠤ᠂ ᠳᠣᠲᠣᠭᠠᠳᠤ ᠶᠢ ᠬᠠᠮᠠᠭᠠᠯᠠᠬᠤ ᠠᠵᠢᠯ ᠴᠤ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠴᠠᠭ ᠦᠶ᠎ᠡ ᠳᠤ ᠣᠷᠣᠵᠤ᠂ ᠪᠢᠳᠡᠨ ᠳᠤ ᠲᠤᠯᠭᠠᠷᠠᠵᠤ ᠪᠠᠶᠢᠭ᠎ᠠ ᠠᠶᠤᠯ ᠲᠦᠭᠰᠢᠭᠦᠷᠢ ᠶᠢᠨ ᠬᠡᠮ ᠰᠣᠭᠤᠭ ᠨᠡᠩ ᠤᠯᠠᠨ᠂ ᠥᠷᠢᠰᠦᠯᠳᠦᠭᠡᠨ ᠤ ᠳᠠᠷᠤᠯᠲᠠ ᠨᠡᠩ ᠶᠡᠭᠡ ᠪᠠᠶᠢᠨ᠎ᠠ᠃ ᠨᠠᠷᠢᠨ ᠪᠤᠳᠤᠯᠢᠶᠠᠨᠲᠠᠢ ᠬᠦᠨᠳᠦ ᠬᠡᠴᠡᠭᠦᠦ ᠨᠡᠶᠢᠭᠡᠮ ᠤᠨ ᠠᠮᠤᠷ ᠲᠦᠪᠰᠢᠨ ᠤ ᠪᠠᠶᠢᠳᠠᠯ ᠤᠨ ᠡᠮᠦᠨ᠎ᠡ᠂ ᠪᠢᠳᠡ ᠲᠠᠷᠢᠬᠢ ᠲᠣᠯᠣᠭᠠᠢ ᠪᠠᠨ ᠴᠠᠭ ᠢᠮᠠᠭᠲᠠ ᠰᠡᠷᠭᠡᠭ ᠪᠠᠶᠢᠯᠭᠠᠵᠤ᠂ ︽ᠬᠦᠯᠢᠶᠡᠵᠦ ᠪᠣᠯᠬᠤ ᠦᠭᠡᠢ︾ ᠪᠠᠴᠢᠮ ᠲᠤᠯᠭᠠᠮ᠎ᠠ ᠰᠡᠳᠬᠢᠯᠭᠡ᠂ ︽ᠰᠠᠨᠠᠭ᠎ᠠ ᠠᠮᠤᠷ ᠦᠭᠡᠢ︾ ᠬᠠᠷᠢᠭᠤᠴᠠᠯᠭᠠᠲᠤ ᠰᠡᠳᠬᠢᠯᠭᠡ ᠪᠠᠷ ᠨᠡᠶᠢᠭᠡᠮ ᠤᠨ ᠲᠣᠭᠲᠠᠭᠤᠨ ᠪᠠᠶᠢᠳᠠᠯ ᠢ ᠬᠠᠮᠠᠭᠠᠯᠠᠬᠤ ᠪᠠ ᠠᠵᠤ ᠠᠬᠤᠢ ᠶᠢᠨ ᠬᠥᠭᠵᠢᠯᠲᠡ ᠶᠢ ᠠᠬᠢᠭᠤᠯᠬᠤ ᠶᠢᠨ ᠬᠠᠷᠢᠴᠠᠭ᠎ᠠ ᠶᠢ ᠣᠨᠣᠪᠴᠢᠲᠠᠶ ᠡᠵᠡᠮᠰᠢᠵᠦ᠂ ᠳᠣᠲᠣᠭᠠᠳᠤ ᠶᠢ ᠬᠠᠮᠠᠭᠠᠯᠠᠬᠤ ᠠᠵᠢᠯ ᠤᠨ ᠪᠠᠷᠠᠭᠠᠯᠬᠢᠯᠠᠯᠳᠤ ᠴᠢᠨᠠᠷ ᠪᠠ ᠰᠠᠨᠠᠭᠠᠴᠢᠯᠠᠭᠠᠲᠤ ᠴᠢᠨᠠᠷ ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠠᠵᠢᠯ ᠤᠨ ᠬᠦᠴᠦᠯᠡᠬᠦ ᠴᠡᠭ ᠢᠶᠠᠨ ᠪᠥᠬᠦ ᠲᠣᠭᠤᠷᠢᠭ ᠤᠨ ᠭᠤᠣᠯ ᠠᠵᠢᠯ ᠳᠤ ᠦᠢᠯᠡᠴᠢᠯᠡᠵᠦ ᠪᠠᠲᠤᠯᠠᠬᠤ ᠳᠤ ᠲᠠᠯᠪᠢᠵᠤ᠂ ᠨᠡᠶᠢᠭᠡᠮ ᠤᠨ ᠡᠶ᠎ᠡ ᠵᠣᠬᠢᠴᠠᠯ ᠲᠠᠢ ᠲᠣᠭᠲᠠᠭᠤᠨ ᠢ ᠠᠬᠢᠭᠤᠯᠬᠤ ᠳᠡᠭᠡᠷ᠎ᠡ ᠲᠠᠯᠪᠢᠵᠤ᠂ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠬᠤ ᠳᠡᠭᠡᠷ᠎ᠡ ᠲᠠᠯᠪᠢᠵᠤ᠂ ᠠᠮᠤᠷ ᠲᠦᠪᠰᠢᠨ ᠲᠣᠭᠲᠠᠭᠤᠨ ᠤᠯᠤᠰ ᠲᠥᠷᠥ ᠶᠢᠨ ᠣᠷᠴᠢᠨ ᠲᠣᠭᠤᠷᠢᠨ᠂ ᠠᠮᠤᠷ ᠲᠣᠭᠲᠠᠭᠤᠨ ᠡᠮᠬᠢ ᠵᠢᠷᠤᠮ ᠲᠠᠢ ᠨᠡᠶᠢᠭᠡᠮ ᠤᠨ ᠣᠷᠴᠢᠨ ᠲᠣᠭᠤᠷᠢᠨ᠂ ᠲᠥᠪ ᠭᠤᠥᠯᠴᠢ ᠰᠢᠳᠤᠷᠭᠤ ᠶᠣᠰᠣᠨ ᠤ ᠬᠠᠤᠯᠢ ᠪᠠᠷ ᠵᠠᠰᠠᠬᠤ ᠣᠷᠴᠢᠨ ᠲᠣᠭᠤᠷᠢᠨ᠂ ᠴᠢᠨᠠᠷ ᠰᠠᠶᠢᠲᠠᠢ ᠥᠨᠳᠥᠷ ᠦᠷ᠎ᠡ ᠪᠦᠲᠦᠮᠵᠢᠲᠡᠶ ᠦᠢᠯᠡᠴᠢᠯᠡᠭᠡᠨ ᠤ ᠣᠷᠴᠢᠨ ᠲᠣᠭᠤᠷᠢᠨ ᠢ ᠢᠳᠡᠪᠬᠢᠲᠡᠢ ᠪᠠᠷ ᠪᠣᠶ ᠪᠣᠯᠭᠠᠬᠤ ᠬᠡᠷᠡᠭᠲᠡᠢ᠃
     ᠠᠶᠤᠯ ᠲᠦᠭᠰᠢᠭᠦᠷᠢ ᠪᠠ ᠥᠷᠢᠰᠦᠯᠳᠦᠭᠡᠨ ᠤ ᠡᠮᠦᠨ᠎ᠡ᠂ ᠪᠦᠬᠦ ᠠᠷᠠᠳ ᠤᠨ ᠲᠤᠰᠠᠯᠠᠬᠤ ᠴᠠᠭᠳᠠᠭ᠎ᠠ ᠶᠢᠨ ᠬᠢᠨ ᠡᠷᠬᠡᠪᠰᠢ ᠢᠲᠡᠭᠡᠯ ᠵᠣᠷᠢᠭ ᠢᠶᠠᠨ ᠪᠠᠲᠤᠳᠬᠠᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠬᠤ ᠶᠢ ᠨᠠᠮ ᠤᠨ ᠬᠤᠷᠢᠳᠤᠭᠠᠷ ᠶᠡᠭᠡ ᠬᠤᠷᠠᠯ ᠪᠣᠯᠣᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠪᠥᠬᠦ ᠤᠯᠤᠰ ᠤᠨ ᠳᠣᠲᠣᠭᠠᠳᠤ ᠶᠢ ᠬᠠᠮᠠᠭᠠᠯᠠᠬᠤ ᠲᠢᠩᠬᠢᠮ ᠲᠣᠪᠴᠢᠶ᠎ᠠ ᠶᠢᠨ ᠳᠠᠷᠤᠭ᠎ᠠ ᠨᠠᠷ ᠤᠨ ᠬᠤᠷᠠᠯ᠂ ᠪᠥᠬᠦ ᠲᠣᠭᠤᠷᠢᠭ ᠤᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠳᠠᠷᠤᠭ᠎ᠠ ᠨᠠᠷ ᠤᠨ ᠬᠤᠷᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠤᠯᠤᠰ ᠤᠨ ᠠᠮᠤᠷ ᠲᠦᠪᠰᠢᠨ ᠪᠣᠯᠣᠨ ᠨᠡᠶᠢᠭᠡᠮ ᠤᠨ ᠠᠮᠤᠷ ᠲᠣᠭᠲᠠᠭᠤᠨ ᠢ ᠬᠠᠮᠠᠭᠠᠯᠠᠬᠤ᠂ ᠠᠷᠠᠳ ᠲᠦᠮᠡᠨ ᠤ ᠵᠣᠯ ᠵᠢᠷᠭᠠᠯ ᠪᠠ ᠠᠮᠤᠷ ᠲᠣᠭᠲᠠᠭᠤᠨ ᠢ ᠬᠠᠮᠠᠭᠠᠯᠠᠬᠤ ᠳᠠᠷᠬᠠᠨ ᠡᠭᠦᠷᠭᠡ ᠬᠠᠷᠢᠭᠤᠴᠠᠯᠭ᠎ᠠ ᠪᠠᠨ ᠦᠨᠡᠨᠴᠢ ᠪᠠᠷ ᠰᠠᠶᠢᠲᠤᠷ ᠭᠦᠢᠴᠡᠳᠬᠡᠨ᠎ᠡ᠃ ᠲᠠᠷᠠᠭᠠᠴᠢ ᠶᠢᠨ ᠠᠵᠢᠯ ᠤᠨ ᠳᠤᠮᠳᠠ ᠪᠠᠨ ᠥᠨᠳᠥᠷ ᠲᠦᠪᠰᠢᠨ ᠪᠦᠬᠦᠢ ᠠᠮᠤᠷ ᠲᠦᠪᠰᠢᠨ ᠤ ᠡᠨᠡᠬᠦ ᠴᠢᠬᠤᠯᠠ ᠪᠠᠲᠤᠯᠠᠭ᠎ᠠ ᠶᠢ ᠪᠠᠲᠤ ᠡᠵᠡᠮᠳᠡᠵᠦ᠂ ᠠᠷᠠᠳ ᠤᠯᠠᠨ ᠤ ᠠᠮᠤᠷ ᠲᠦᠪᠰᠢᠨ ᠤ ᠲᠥᠷᠥᠭᠳᠡᠯ ᠢ ᠲᠠᠰᠤᠷᠠᠯᠲᠠ ᠦᠭᠡᠢ ᠨᠡᠮᠡᠭᠳᠡᠭᠦᠯᠵᠦ᠂ ᠪᠣᠳᠠᠲᠤ ᠠᠵᠢᠯᠯᠠᠭ᠎ᠠ ᠪᠠᠷ ᠢᠶᠠᠨ ᠬᠤᠲᠣᠩ ᠠᠷᠠᠳ ᠤᠨ ᠲᠣᠭᠤᠷᠢᠭ ᠤᠨ ᠨᠡᠶᠢᠭᠡᠮ ᠤᠨ ᠶᠡᠭᠡ ᠲᠠᠯ᠎ᠠ ᠶᠢᠨ ᠲᠣᠭᠲᠠᠭᠤᠨ ᠢ ᠰᠠᠶᠢᠲᠤᠷ ᠬᠠᠮᠠᠭᠠᠯᠠᠵᠤ᠂ ᠲᠡᠭᠦᠰ ᠲᠡᠭᠦᠯᠳᠡᠷ ᠤᠶᠤᠨ ᠰᠠᠨᠠᠭᠠᠨ ᠤ ᠳᠦᠷᠰᠦ ᠪᠠᠶᠢᠳᠠᠯ᠂ ᠪᠣᠳᠠᠲᠠᠢ ᠶᠢ ᠡᠷᠬᠢᠮᠯᠡᠭᠰᠡᠨ ᠠᠵᠢᠯ ᠤᠨ ᠰᠤᠷᠲᠠᠯ᠂ ᠰᠢᠯᠢᠳᠡᠭ ᠰᠠᠶᠢᠨ ᠠᠵᠢᠯ ᠤᠨ ᠠᠮᠵᠢᠯᠲᠠ ᠪᠠᠷ ᠨᠠᠮ ᠪᠣᠯᠣᠨ ᠠᠷᠠᠳ ᠲᠦᠮᠡᠨ ᠳᠤ ᠬᠠᠨᠤᠮᠵᠢᠲᠠᠢ ᠬᠠᠷᠢᠭᠤᠯᠲᠠ ᠶᠢᠨ ᠬᠠᠭᠤᠳᠠᠰᠤ ᠲᠤᠰᠢᠶᠠᠨ᠎ᠠ᠃
     ᠬᠥᠬᠢᠭᠦᠯᠦᠭᠳᠡᠨ ᠰᠠᠶᠢᠰᠢᠶᠠᠭᠳᠠᠭᠰᠠᠨ ᠠᠷᠠᠳ ᠤᠨ ᠲᠤᠰᠠᠯᠠᠬᠤ ᠴᠠᠭᠳᠠᠭ᠎ᠠ ᠶᠢᠨ ᠬᠢᠨ ᠢᠷᠠᠭᠤ ᠠᠯᠳᠠᠷ ᠢᠶᠠᠨ ᠨᠠᠨᠳᠢᠩᠨᠠᠵᠤ᠂ ᠪᠠᠷᠳᠠᠮᠨᠠᠬᠤ ᠦᠭᠡᠢ ᠪᠠᠴᠢᠮᠳᠠᠬᠤ ᠦᠭᠡᠢ ᠪᠠᠶᠢᠬᠤ ᠶᠢ ᠬᠦᠰᠡᠵᠦ᠂ ᠡᠨᠡ ᠤᠳᠠᠭ᠎ᠠ ᠶᠢᠨ ᠬᠥᠬᠢᠭᠦᠯᠦᠨ ᠰᠠᠶᠢᠰᠢᠶᠠᠬᠤ ᠶᠠᠪᠤᠳᠠᠯ ᠢ ᠰᠢᠨ᠎ᠡ ᠡᠬᠢᠯᠡᠯᠲᠡ ᠪᠣᠯᠭᠠᠵᠤ᠂ ᠳᠠᠬᠢᠨ ᠰᠢᠯᠢᠳᠡᠭ ᠠᠮᠵᠢᠯᠲᠠ ᠭᠠᠷᠭᠠᠵᠤ᠂ ᠳᠠᠬᠢᠨ ᠰᠢᠨ᠎ᠡ ᠭᠠᠪᠢᠶ᠎ᠠ ᠪᠠᠶᠢᠭᠤᠯᠵᠤ᠂ ᠠᠷᠠᠳ ᠠᠴᠠ ᠲᠤᠰᠠᠯᠠᠬᠤ ᠴᠠᠭᠳᠠᠭ᠎ᠠ ᠪᠦᠬᠦᠨ ᠢ ᠤᠷᠢᠶᠠᠯᠠᠨ ᠲᠡᠳᠡᠨ ᠢᠶᠠᠷ ᠦᠯᠢᠭᠡᠷ ᠳᠠᠭᠤᠷᠢᠶᠠᠯ ᠪᠣᠯᠭᠠᠵᠤ᠂ ᠥᠪᠡᠷ ᠤᠨ ᠲᠤᠬᠠᠶᠢᠯᠠᠭᠰᠠᠨ ᠠᠵᠢᠯ ᠤᠨ ᠴᠢᠳᠠᠪᠤᠷᠢ ᠪᠠ ᠲᠤᠬᠠᠶᠢᠯᠠᠭᠰᠠᠨ ᠠᠵᠢᠯ ᠤᠨ ᠬᠡᠪ ᠪᠣᠯᠪᠠᠰᠤᠷᠠᠯ ᠢᠶᠠᠨ ᠲᠠᠰᠤᠷᠠᠯᠲᠠ ᠦᠭᠡᠢ ᠳᠡᠭᠡᠭᠰᠢᠯᠡᠭᠦᠯᠵᠦ᠂ ᠨᠡᠩ ᠣᠷᠭᠢᠯᠤᠮ᠎ᠠ ᠬᠠᠯᠠᠭᠤᠨ ᠰᠡᠳᠬᠢᠯᠭᠡ ᠪᠠ ᠴᠤᠭ ᠪᠠᠳᠠᠷᠠᠩᠭᠤᠢ ᠲᠡᠮᠡᠴᠡᠯ ᠤᠨ ᠵᠣᠷᠢᠭ ᠢᠶᠠᠷ ᠠᠵᠢᠯ ᠳᠠᠭᠠᠨ ᠣᠷᠣᠯᠴᠠᠵᠤ᠂ ᠨᠡᠩ ᠡᠷᠡᠰ ᠪᠠᠲᠤ ᠢᠲᠡᠭᠡᠯ ᠵᠣᠷᠢᠭ᠂ ᠨᠡᠩ ᠴᠤᠭ ᠪᠠᠳᠠᠷᠠᠩᠭᠤᠢ ᠲᠡᠮᠡᠴᠡᠯ ᠤᠨ ᠵᠣᠷᠢᠭ᠂ ᠨᠡᠩ ᠬᠠᠲᠠᠭᠤ ᠴᠢᠩᠭ᠎ᠠ ᠰᠤᠷᠲᠠᠯ ᠢᠶᠠᠷ ᠳᠣᠲᠣᠭᠠᠳᠤ ᠶᠢ ᠬᠠᠮᠠᠭᠠᠯᠠᠬᠤ ᠦᠢᠯᠡᠰ ᠤᠨ ᠰᠢᠨ᠎ᠡ ᠪᠠᠶᠢᠳᠠᠯ ᠢ ᠲᠠᠰᠤᠷᠠᠯᠲᠠ ᠦᠭᠡᠢ ᠡᠭᠦᠳᠴᠦ᠂ ᠨᠠᠮ ᠪᠠ ᠠᠷᠠᠳ ᠲᠦᠮᠡᠨ ᠤ ᠬᠦᠨᠳᠦ ᠨᠠᠶᠢᠳᠠᠯᠭ᠎ᠠ ᠶᠢ ᠶᠠᠭᠠᠬᠢᠭᠰᠠᠨ ᠴᠤ ᠬᠥᠰᠡᠷᠳᠡᠭᠦᠯᠬᠦ ᠦᠭᠡᠢ ᠪᠠᠶᠢᠬᠤ ᠬᠡᠷᠡᠭᠲᠡᠢ᠃      ᠢᠷᠡᠯᠲᠡ᠄ ᠬᠤᠲᠣᠩ ᠠᠷᠠᠳ ᠤᠨ ᠲᠣᠭᠤᠷᠢᠭ ᠤᠨ ᠵᠠᠰᠠᠭ ᠤᠨ ᠣᠷᠳᠣᠨ ᠤ ᠠᠯᠪᠠᠨ ᠰᠦᠯᠵᠢᠶ᠎ᠡ
 
ᠢᠷᠡᠯᠲᠡ᠄ ᠬᠤᠲᠤᠩ ᠠᠷᠠᠳ ᠤᠨ ᠲᠣᠭᠤᠷᠢᠭ ᠤᠨ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000611号-1号