ᠬᠤᠲᠣᠩ ᠠᠷᠠᠳ ᠤᠨ ᠲᠣᠭᠤᠷᠢᠭ 2024 ᠣᠨ ᠤ ᠤᠯᠤᠰ ᠲᠦᠷᠦ ᠬᠠᠤᠯᠢ ᠴᠠᠭᠠᠵᠠ ᠶᠢᠨ ᠠᠵᠢᠯ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/3/1
      2 ᠰᠠᠷ᠎ᠠ ᠶᠢᠨ 28 ᠤ ᠦᠳᠡ ᠶᠢᠨ ᠬᠤᠶᠢᠨ᠎ᠠ᠂ ᠬᠤᠲᠣᠩ ᠠᠷᠠᠳ ᠤᠨ ᠲᠣᠭᠤᠷᠢᠭ 2024 ᠣᠨ ᠤ ᠲᠣᠭᠤᠷᠢᠭ ᠤᠨ ᠨᠠᠮ ᠤᠨ ᠬᠤᠷᠢᠶ᠎ᠠ ᠶᠢᠨ ᠤᠯᠤᠰ ᠲᠥᠷᠥ ᠬᠠᠤᠯᠢ ᠴᠠᠭᠠᠵᠠ ᠶᠢᠨ ᠠᠵᠢᠯ ᠤᠨ ᠬᠤᠷᠠᠯ ᠬᠤᠷᠠᠯᠳᠤᠭᠤᠯᠵᠤ᠂ ᠬᠤᠷᠠᠯ ᠠᠴᠠ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠰᠢ ᠶᠢᠨ ᠫᠢᠩ ᠤᠨ ᠬᠠᠤᠯᠢᠵᠢᠯ ᠤᠨ ᠦᠵᠡᠯ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ᠂ ᠲᠥᠪ ᠤᠨ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠳᠠ ᠶᠢᠨ ᠨᠠᠮ ᠤᠨ ᠬᠤᠷᠢᠶ᠎ᠠ ᠶᠢᠨ ᠤᠯᠤᠰ ᠲᠦᠷᠦ ᠬᠠᠤᠯᠢ ᠴᠠᠭᠠᠵᠠ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠥᠩᠭᠡᠷᠡᠭᠰᠡᠨ ᠨᠢᠭᠡ ᠵᠢᠯ ᠤᠨ ᠠᠵᠢᠯ ᠢᠶᠠᠨ ᠳ᠋ᠦᠩᠨᠡᠵᠦ᠂ ᠣᠳᠣᠬᠠᠨ ᠤ ᠪᠠᠶᠢᠳᠠᠯ ᠡᠭᠦᠷᠭᠡ ᠶᠢ ᠵᠠᠳᠠᠯᠵᠤ᠂ 2024 ᠣᠨ ᠪᠠ ᠬᠤᠶᠢᠰᠢᠳᠠ ᠶᠢᠨ ᠨᠢᠭᠡ ᠬᠤᠭᠤᠴᠠᠭᠠᠨ ᠤ ᠪᠦᠬᠦ ᠲᠣᠭᠤᠷᠢᠭ ᠤᠨ ᠤᠯᠤᠰ ᠲᠦᠷᠦ ᠬᠠᠤᠯᠢ ᠴᠠᠭᠠᠵᠠ ᠶᠢᠨ ᠠᠵᠢᠯ ᠢ ᠰᠤᠳᠤᠯᠤᠨ ᠪᠠᠶᠢᠷᠢᠯᠠᠭᠤᠯᠵᠠᠢ᠃ ᠬᠤᠷᠠᠯ ᠢ ᠲᠣᠭᠤᠷᠢᠭ ᠤᠨ ᠠᠷᠠᠳ ᠤᠨ ᠰᠢᠭᠦᠬᠦ ᠬᠤᠷᠢᠶᠠᠨ ᠤ ᠳᠠᠷᠤᠭ᠎ᠠ ᠵᠧᠦ ᠶᠠᠨ ᠡᠷᠭᠢᠯᠡᠵᠦ᠂ ᠲᠣᠭᠤᠷᠢᠭ ᠤᠨ ᠤᠯᠤᠰ ᠲᠥᠷᠥ ᠬᠠᠤᠯᠢ ᠴᠠᠭᠠᠵᠠ ᠶᠢᠨ ᠡᠯ᠎ᠡ ᠨᠢᠭᠡᠴᠢ ᠶᠢᠨ ᠤᠳᠤᠷᠢᠳᠬᠤ ᠪᠠᠭ ᠤᠨ ᠪᠦᠷᠢᠯᠳᠦᠭᠦᠨ᠂ ᠲᠣᠭᠤᠷᠢᠭ ᠤᠨ ᠵᠠᠬᠢᠳᠠᠯ ᠰᠣᠷᠪᠤᠯᠵᠢᠯᠠᠭ᠎ᠠ ᠶᠢᠨ ᠲᠣᠪᠴᠢᠶᠠᠨ ᠤ ᠤᠳᠤᠷᠢᠳᠬᠤ ᠪᠠᠭ ᠤᠨ ᠪᠦᠷᠢᠯᠳᠦᠭᠦᠨ᠂ ᠲᠣᠭᠤᠷᠢᠭ ᠤᠨ ᠨᠠᠮ ᠤᠨ ᠬᠤᠷᠢᠶᠠᠨ ᠤ ᠤᠯᠤᠰ ᠲᠥᠷᠥ ᠬᠠᠤᠯᠢ ᠴᠠᠭᠠᠵᠠ   ᠶᠢᠨ ᠬᠤᠷᠢᠶᠠᠨ ᠤ ᠪᠦᠬᠦ ᠤᠳᠤᠷᠢᠳᠬᠤ ᠺᠠᠳ᠋ᠷ᠂ ᠲᠣᠭᠤᠷᠢᠭ ᠤᠨ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠤᠯᠤᠰ ᠲᠥᠷᠥ ᠬᠠᠤᠯᠢ ᠴᠠᠭᠠᠵᠠ   ᠶᠢᠨ ᠠᠵᠢᠯ  ᠢ ᠬᠤᠪᠢᠳᠠᠨ ᠬᠠᠮᠢᠶᠠᠷᠴᠤ ᠪᠠᠶᠢᠭ᠎ᠠ ᠤᠳᠤᠷᠢᠳᠬᠤ ᠺᠠᠳ᠋ᠷ ᠵᠢᠴᠢ ᠨᠢᠭᠡ ᠪᠠᠯᠭᠠᠰᠤ ᠳᠣᠯᠣᠭᠠᠨ ᠠᠯᠪᠠᠨ ᠭᠡᠷ ᠤᠨ ᠤᠯᠤᠰ ᠲᠥᠷᠥ ᠬᠠᠤᠯᠢ ᠴᠠᠭᠠᠵᠠ   ᠶᠢᠨ ᠭᠡᠰᠢᠭᠦᠳ ᠬᠤᠷᠠᠯ ᠳᠤ ᠣᠷᠣᠯᠴᠠᠵᠠᠢ᠃ ᠲᠣᠭᠤᠷᠢᠭ ᠤᠨ ᠨᠠᠮ ᠤᠨ ᠬᠤᠷᠢᠶ᠎ᠠ ᠶᠢᠨ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ ᠶᠢᠨ ᠱᠦᠵᠢ ᠵᠣᠣ ᠪᠥᠸᠧ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃
     ᠬᠤᠷᠠᠯ ᠠᠴᠠ ᠵᠢᠭᠠᠵᠤ ᠭᠠᠷᠭᠠᠭᠰᠠᠨ ᠨᠢ᠂ 2023 ᠣᠨ ᠳᠤ ᠬᠠᠲᠠᠭᠤ ᠪᠡᠷᠬᠡ ᠪᠥᠭᠡᠳ ᠨᠦᠰᠡᠷ ᠬᠦᠨᠳᠦ ᠥᠭᠡᠷᠡᠴᠢᠯᠡᠯᠲᠡ ᠬᠥᠭᠵᠢᠯᠲᠡ ᠶᠢᠨ ᠡᠭᠦᠷᠭᠡ ᠪᠣᠯᠣᠨ ᠨᠠᠷᠢᠨ ᠪᠤᠳᠤᠯᠢᠶᠠᠨᠲᠠᠢ ᠲᠣᠭᠲᠠᠭᠤᠨ ᠪᠠᠶᠢᠳᠠᠯ ᠤᠨ ᠡᠮᠦᠨ᠎ᠡ᠂ ᠪᠦᠬᠦ ᠲᠣᠭᠤᠷᠢᠭ ᠤᠨ ᠤᠯᠤᠰ ᠲᠥᠷᠥ ᠬᠠᠤᠯᠢ ᠴᠠᠭᠠᠵᠠ ᠶᠢᠨ ᠰᠢᠰᠲ᠋ᠧᠮ ᠤᠨ ᠬᠢᠨ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠲᠠ ᠶᠢᠨ ᠨᠠᠮ ᠤᠨ ᠬᠤᠷᠢᠶ᠎ᠠ᠂ ᠲᠣᠭᠤᠷᠢᠭ ᠤᠨ ᠨᠠᠮ ᠤᠨ ᠬᠤᠷᠢᠶᠠᠨ ᠤ ᠠᠵᠢᠯ ᠤᠨ ᠱᠠᠭᠠᠷᠳᠠᠯᠭ᠎ᠠ ᠶᠢ ᠳᠡᠭᠡᠳᠦ ᠱᠠᠲᠤᠨ ᠤ ᠠᠵᠢᠯ ᠤᠨ ᠪᠠᠶᠢᠷᠢᠯᠠᠭᠤᠯᠤᠯᠲᠠ ᠶᠢ ᠬᠤᠲᠣᠩ ᠠᠷᠠᠳ ᠤᠨ ᠲᠣᠭᠤᠷᠢᠭ ᠤᠨ ᠪᠣᠳᠠᠲᠤ ᠪᠠᠶᠢᠳᠠᠯ ᠲᠠᠢ ᠤᠶᠠᠯᠳᠤᠭᠤᠯᠵᠤ᠂ ︽ᠡᠬᠡ ᠤᠯᠤᠰ ᠤᠨ ᠤᠮᠠᠷᠠᠲᠤ ᠶᠢᠨ ᠠᠮᠤᠷ ᠲᠣᠭᠲᠠᠭᠤᠨ ᠤ ᠬᠠᠯᠬᠠᠪᠴᠢ ᠶᠢ ᠪᠠᠲᠤ ᠴᠣᠭᠴᠠᠯᠠᠬᠤ︾ ᠴᠢᠬᠤᠯᠠ ᠶᠡᠭᠡ ᠤᠯᠤᠰ ᠲᠥᠷᠥ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠶᠢᠨ ᠲᠣᠭᠤᠷᠢᠨ ᠳᠤ᠂ ︽ᠦᠨᠳᠦᠰᠦᠨ ᠱᠠᠲᠤᠨ ᠤ ᠰᠠᠭᠤᠷᠢ ᠶᠢ ᠳᠡᠭᠡᠭᠰᠢᠯᠡᠭᠦᠯᠬᠦ ᠣᠨ︾ ᠢ ᠬᠡᠷᠡᠭᠵᠢᠭᠦᠯᠬᠦ ᠪᠠᠷ ᠭᠠᠷᠳᠠᠴᠠ ᠪᠣᠯᠭᠠᠵᠤ᠂ ︽ᠨᠠᠢᠮᠠᠨ ᠶᠡᠭᠡ ᠲᠤᠰᠬᠠᠢ ᠠᠵᠢᠯᠯᠠᠭ᠎ᠠ︾ ᠶᠢ ᠭᠦᠨᠵᠡᠭᠡᠢ ᠠᠬᠢᠭᠤᠯᠵᠤ᠂ ᠰᠤᠷᠤᠯᠴᠠᠯᠭ᠎ᠠ ᠶᠢ ᠡᠷᠡᠰ ᠭᠤᠶᠢᠪᠢᠰᠢ ᠦᠭᠡᠢ ᠪᠠᠷ ᠠᠳᠬᠤᠵᠤ᠂ ᠡᠩᠨᠡᠭᠡ ᠪᠠᠨ ᠬᠦᠴᠦᠷᠬᠡᠭᠵᠢᠭᠦᠯᠦᠨ᠂ ᠴᠢᠳᠠᠪᠤᠷᠢ ᠪᠠᠨ ᠳᠡᠭᠡᠭᠰᠢᠯᠡᠭᠦᠯᠵᠦ᠂ ᠠᠮᠤᠷ ᠲᠦᠪᠰᠢᠨ ᠢ ᠪᠠᠲᠤᠯᠠᠵᠤ᠂ ᠬᠥᠭᠵᠢᠯᠲᠡ ᠶᠢ ᠠᠬᠢᠭᠤᠯᠵᠤ᠂ ᠨᠠᠮ ᠤᠨ ᠤᠯᠤᠰ ᠲᠦᠷᠦ ᠬᠠᠤᠯᠢ ᠴᠠᠭᠠᠵᠠ ᠶᠢᠨ ᠠᠵᠢᠯ ᠳᠠᠬᠢ ᠤᠳᠤᠷᠢᠳᠤᠯᠭ᠎ᠠ ᠶᠢ ᠨᠡᠩ ᠡᠷᠡᠰ ᠪᠠᠲᠤ ᠪᠥᠭᠡᠳ ᠬᠦᠴᠦᠨ ᠲᠠᠢ ᠪᠣᠯᠭᠠᠵᠤ᠂ ᠤᠯᠤᠰ ᠲᠦᠷᠦ ᠬᠠᠤᠯᠢ ᠴᠠᠭᠠᠵᠠ ᠶᠢᠨ ᠡᠩᠨᠡᠭᠡᠨ ᠤ ᠰᠤᠷᠲᠠᠯ ᠤᠨ ᠴᠢᠳᠠᠪᠤᠷᠢ ᠶᠢ ᠢᠯᠡᠳᠲᠡ ᠳᠡᠭᠡᠭᠰᠢᠯᠡᠭᠦᠯᠵᠦ᠂ ᠦᠨᠳᠦᠰᠦᠨ ᠱᠠᠲᠤᠨ ᠤ ᠰᠠᠭᠤᠷᠢ ᠶᠢ ᠲᠠᠰᠤᠷᠠᠯᠳᠠ ᠦᠭᠡᠢ ᠪᠠᠬᠢᠵᠢᠭᠦᠯᠵᠦ᠂ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢ ᠯᠠᠪᠳᠠᠭᠤᠨ ᠢᠶᠠᠷ ᠠᠬᠢᠭᠤᠯᠵᠤ᠂ ᠨᠡᠶᠢᠭᠡᠮ ᠤᠨ ᠶᠡᠭᠡ ᠲᠠᠯ᠎ᠠ ᠶᠢ ᠢᠮᠠᠭᠲᠠ ᠠᠮᠤᠷ ᠲᠦᠪᠰᠢᠨ ᠲᠣᠭᠲᠠᠭᠤᠨ ᠪᠠᠶᠢᠯᠭᠠᠵᠤ᠂ ᠠᠷᠠᠳ ᠤᠯᠠᠨ ᠤ ᠠᠮᠤᠷ ᠲᠦᠪᠰᠢᠨ ᠤ ᠲᠥᠷᠥᠭᠳᠡᠯ ᠪᠠ ᠬᠠᠨᠤᠮᠵᠢ ᠶᠢᠨ ᠬᠡᠮᠵᠢᠶ᠎ᠡ ᠶᠢ ᠲᠠᠰᠤᠷᠠᠯᠳᠠ ᠦᠭᠡᠢ ᠨᠡᠮᠡᠭᠳᠡᠭᠦᠯᠦᠨ᠎ᠡ᠃ ᠤᠯᠤᠰ ᠲᠦᠷᠦ ᠬᠠᠤᠯᠢ ᠴᠠᠭᠠᠵᠠ ᠶᠢᠨ ᠡᠩᠨᠡᠭᠡᠨ ᠤ ᠰᠢᠨ᠎ᠡ ᠳᠦᠷᠰᠦ ᠪᠠᠶᠢᠳᠠᠯ᠂ ᠰᠢᠨ᠎ᠡ ᠵᠢᠳᠬᠦᠯ ᠴᠢᠷᠮᠠᠶᠢᠯᠭ᠎ᠠ ᠶᠢ ᠢᠯᠡᠷᠡᠭᠦᠯᠪᠡ᠃      ᠬᠤᠷᠠᠯ ᠠᠴᠠ ᠱᠠᠭᠠᠷᠳᠠᠭᠰᠠᠨ ᠨᠢ᠂ ᠰᠢᠨ᠎ᠡ ᠨᠢᠭᠡᠨ ᠵᠢᠯ᠂ ᠪᠦᠬᠦ ᠲᠣᠭᠤᠷᠢᠭ ᠤᠨ ᠤᠯᠤᠰ ᠲᠥᠷᠥ ᠬᠠᠤᠯᠢ ᠴᠠᠭᠠᠵᠠ ᠶᠢᠨ ᠪᠠᠶᠢᠭᠤᠯᠤᠯᠭ᠎ᠠ ᠨᠤᠭᠤᠳ ᠰᠢ ᠶᠢᠨ ᠫᠢᠩ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠰᠢ ᠶᠢᠨ ᠫᠢᠩ ᠤᠨ ᠬᠠᠤᠯᠢᠵᠢᠯ ᠤᠨ ᠦᠵᠡᠯ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ᠂ ᠶᠡᠷᠦᠩᠬᠡᠢ ᠴᠣᠭᠴᠠ ᠶᠢᠨ ᠤᠯᠤᠰ ᠤᠨ ᠠᠮᠤᠷ ᠲᠦᠪᠰᠢᠨ ᠤ ᠦᠵᠡᠯᠲᠡ ᠶᠢ ᠣᠨᠣᠪᠴᠢᠲᠠᠶ ᠡᠵᠡᠮᠰᠢᠵᠦ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠲᠥᠪ ᠤᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠲᠠ ᠶᠢᠨ ᠨᠠᠮ ᠤᠨ ᠬᠤᠷᠢᠶ᠎ᠠ᠂ ᠲᠣᠭᠤᠷᠢᠭ ᠤᠨ ᠨᠠᠮ ᠤᠨ ᠬᠤᠷᠢᠶ᠎ᠠ ᠶᠢᠨ ᠠᠵᠢᠯ ᠤᠨ ᠲᠣᠬᠢᠷᠠᠭᠤᠯᠤᠯᠲᠠ ᠶᠣᠰᠣᠭᠠᠷ᠂ ᠨᠠᠮ ᠤᠨ ᠤᠯᠤᠰ ᠲᠥᠷᠥ ᠬᠠᠤᠯᠢ ᠴᠠᠭᠠᠵᠠ ᠶᠢᠨ ᠠᠵᠢᠯ ᠳᠠᠬᠢ ᠬᠠᠷᠢᠴᠠᠯᠠᠰᠢ ᠦᠭᠡᠢ ᠤᠳᠤᠷᠢᠳᠤᠯᠭ᠎ᠠ ᠶᠢ ᠪᠠᠷᠢᠮᠲᠠᠯᠠᠵᠤ᠂ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠵᠤ᠂ ᠰᠢᠨ᠎ᠡ ᠴᠠᠭ ᠦᠶ᠎ᠡ ᠶᠢᠨ ︿ᠹᠧᠩᠴᠢᠶᠤᠤ ᠶᠢᠨ ᠲᠤᠷᠰᠢᠯᠭ᠎ᠠ﹀ ᠶᠢ ᠪᠠᠷᠢᠮᠲᠠᠯᠠᠨ ᠬᠥᠭᠵᠢᠭᠦᠯᠵᠦ᠂ ︽ᠬᠤᠶᠠᠷ ᠶᠡᠭᠡ ᠶᠠᠪᠤᠳᠠᠯ︾ ᠢ ᠰᠠᠶᠢᠲᠤᠷ ᠨᠠᠶᠢᠳᠠᠪᠤᠷᠢᠵᠢᠭᠤᠯᠬᠤ ᠶᠢᠨ ᠲᠣᠭᠤᠷᠢᠨ ᠳᠤ ᠡᠭᠦᠷᠭᠡ ᠬᠠᠷᠢᠭᠤᠴᠠᠯᠭ᠎ᠠ ᠪᠠᠨ ᠦᠨᠡᠨᠴᠢ ᠪᠠᠷ ᠭᠦᠢᠴᠡᠳᠬᠡᠵᠦ᠂ ᠡᠭᠦᠷᠭᠡᠯᠡᠨ ᠠᠵᠢᠯᠯᠠᠵᠤ᠂ ᠠᠶᠤᠯ ᠲᠦᠭᠰᠢᠭᠦᠷᠢ ᠶᠢ ᠰᠡᠷᠭᠡᠶᠢᠯᠡᠬᠦ᠂ ᠠᠮᠤᠷ ᠲᠦᠪᠰᠢᠨ ᠢ ᠪᠠᠲᠤᠯᠠᠬᠤ᠂ ᠲᠣᠭᠲᠠᠭᠤᠨ ᠢ ᠬᠠᠮᠠᠭᠠᠯᠠᠬᠤ᠂ ᠬᠥᠭᠵᠢᠯᠲᠡ ᠶᠢ ᠠᠬᠢᠭᠤᠯᠬᠤ ᠡᠯ᠎ᠡ ᠵᠦᠢᠯ ᠤᠨ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠠᠳᠬᠤᠵᠤ᠂ ᠬᠠᠤᠯᠢᠵᠢᠯ ᠤᠨ ᠡᠵᠡᠩᠨᠡᠯᠲᠡ ᠶᠢᠨ ᠣᠷᠴᠢᠨ ᠲᠣᠭᠤᠷᠢᠨ ᠤ ᠪᠦᠲᠦᠭᠡᠨ ᠪᠠᠶᠢᠭᠤᠯᠤᠯᠲᠠ ᠶᠢᠨ ᠲᠦᠪᠰᠢᠨ᠂ ᠵᠠᠬᠢᠳᠠᠯ ᠰᠣᠷᠪᠤᠯᠵᠢᠯᠠᠭ᠎ᠠ ᠶᠢᠨ ᠣᠷᠣᠯᠠᠨ ᠭᠦᠢᠴᠡᠳᠬᠡᠬᠦ ᠳᠦᠷᠢᠮ ᠤᠨ ᠠᠵᠢᠯ ᠤᠨ ᠲᠦᠪᠰᠢᠨ ᠪᠣᠯᠣᠨ ᠵᠥᠷᠢᠴᠡᠯ ᠵᠢᠭᠤᠷᠠᠯᠳᠤᠭᠠᠨ ᠢ ᠵᠢᠭᠰᠠᠭᠠᠨ ᠪᠠᠶᠢᠴᠠᠭᠠᠵᠤ ᠰᠢᠢᠳᠪᠦᠷᠢᠯᠡᠬᠦ ᠬᠠᠤᠯᠢᠵᠢᠯ ᠤᠨ ᠲᠦᠪᠰᠢᠨ ᠢ ᠬᠦᠴᠦᠯᠡᠨ ᠳᠡᠭᠡᠭᠰᠢᠯᠡᠭᠦᠯᠵᠦ᠂ ᠤᠯᠤᠰ ᠲᠦᠷᠦ ᠶᠢᠨ ᠪᠠᠶᠢᠭᠤᠯᠤᠯᠭ᠎ᠠ ᠶᠢᠨ ᠪᠠᠶᠢᠭᠤᠯᠤᠯᠲᠠ ᠪᠣᠯᠣᠨ ᠤᠯᠤᠰ ᠲᠦᠷᠦ ᠬᠠᠤᠯᠢ ᠴᠠᠭᠠᠵᠠ ᠶᠢᠨ ᠡᠩᠨᠡᠭᠡᠨ ᠤ ᠪᠠᠶᠢᠭᠤᠯᠤᠯᠲᠠ ᠶᠢ ᠦᠷᠭᠦᠯᠵᠢᠯᠡᠨ ᠴᠢᠩᠭᠠᠳᠬᠠᠵᠤ᠂ ᠤᠯᠤᠰ ᠲᠦᠷᠦ ᠬᠠᠤᠯᠢ ᠴᠠᠭᠠᠵᠠ ᠶᠢᠨ ᠠᠵᠢᠯ ᠤᠨ ᠣᠳᠣᠬᠢᠴᠢᠯᠠᠯᠲᠠ ᠪᠠᠷ ᠬᠤᠲᠣᠩ ᠠᠷᠠᠳ ᠤᠨ ᠲᠣᠭᠤᠷᠢᠭ ᠤᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠲᠤᠯᠭᠠᠭᠤᠷᠢᠯᠠᠨ ᠦᠢᠯᠡᠴᠢᠯᠡᠵᠦ᠂ ᠪᠦᠬᠦ ᠲᠣᠭᠤᠷᠢᠭ ᠤᠨ ︽ᠲᠦᠷᠪᠡᠨ ᠬᠤᠳᠠ ᠶᠢᠨ ᠲᠣᠭᠤᠷᠢᠭ︾ ᠢ ᠲᠦᠷᠭᠡᠨ ᠪᠦᠲᠦᠭᠡᠨ ᠪᠠᠶᠢᠭᠤᠯᠬᠤ᠂ ᠣᠷᠣᠨ ᠤ ᠲᠥᠪ ᠤᠨ ᠣᠳᠣᠬᠢᠴᠢᠯᠠᠭᠰᠠᠨ ᠬᠡᠷᠡᠭᠯᠡᠭᠡᠨ ᠤ ᠲᠥᠪ ᠢ ᠪᠠᠶᠢᠭᠤᠯᠬᠤ ᠶᠢ ᠪᠠᠲᠤᠯᠠᠬᠤ ᠬᠡᠷᠡᠭᠲᠡᠢ᠃      ᠬᠤᠷᠠᠯ ᠠᠴᠠ ᠴᠢᠬᠤᠯᠠᠴᠢᠯᠠᠭᠰᠠᠨ ᠨᠢ᠂ ᠨᠠᠮ ᠤᠨ ᠤᠯᠤᠰ ᠲᠦᠷᠦ ᠬᠠᠤᠯᠢ ᠴᠠᠭᠠᠵᠠ ᠶᠢᠨ ᠠᠵᠢᠯ ᠳᠠᠬᠢ ᠬᠠᠷᠢᠴᠠᠯᠠᠰᠢ ᠦᠭᠡᠢ ᠤᠳᠤᠷᠢᠳᠤᠯᠭ᠎ᠠ ᠶᠢ ᠦᠷᠭᠦᠯᠵᠢᠯᠡᠨ ᠪᠠᠷᠢᠮᠲᠠᠯᠠᠬᠤ ᠬᠡᠷᠡᠭᠲᠡᠢ᠃ 8 ᠲᠠᠯ᠎ᠠ ᠶᠢᠨ ᠠᠵᠢᠯ ᠢ ᠭᠤᠣᠯᠳᠠᠯᠭ᠎ᠠ ᠲᠠᠢ ᠰᠠᠶᠢᠲᠤᠷ ᠬᠢᠬᠦ ᠬᠡᠷᠡᠭᠲᠡᠢ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠰᠡᠳᠬᠢᠯ ᠰᠠᠨᠠᠭ᠎ᠠ ᠪᠠᠨ ᠨᠢᠭᠲᠠᠷᠠᠭᠤᠯᠤᠨ ᠰᠦᠭ ᠰᠦᠨᠡᠰᠦ ᠶᠢ ᠱᠤᠭᠤᠬᠤ ᠶᠢ ᠴᠥᠬᠦᠷᠡᠰᠢ ᠦᠭᠡᠢ ᠪᠠᠷᠢᠮᠲᠠᠯᠠᠵᠤ᠂ ᠭᠤᠣᠯ ᠰᠡᠳᠦᠪᠲᠦ ᠬᠥᠮᠦᠵᠢᠯ ᠤᠨ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠦᠨ ᠥᠷᠭᠡᠳᠬᠡᠬᠦ ᠬᠡᠷᠡᠭᠲᠡᠢ᠃ ᠶᠡᠷᠦᠩᠬᠡᠢ ᠴᠣᠭᠴᠠ ᠶᠢᠨ ᠤᠯᠤᠰ ᠤᠨ ᠠᠮᠤᠷ ᠲᠦᠪᠰᠢᠨ ᠤ ᠦᠵᠡᠯᠲᠡ ᠶᠢ ᠭᠦᠨᠵᠡᠭᠡᠢ ᠲᠤᠭᠤᠰᠢᠯᠠᠭᠤᠯᠵᠤ᠂ ᠬᠦᠨᠳᠦ ᠶᠡᠭᠡ ᠠᠶᠤᠯ ᠲᠦᠭᠰᠢᠭᠦᠷᠢ ᠶᠢ ᠰᠠᠨᠠᠭᠠᠴᠢᠯᠠᠭ᠎ᠠ ᠠᠴᠠ ᠪᠠᠨ ᠰᠡᠷᠭᠡᠶᠢᠯᠡᠨ ᠠᠷᠢᠯᠭᠠᠵᠤ᠂ ᠪᠦᠬᠦ ᠲᠣᠭᠤᠷᠢᠭ ᠤᠨ ᠤᠯᠤᠰ ᠲᠦᠷᠦ ᠶᠢᠨ ᠶᠡᠭᠡ ᠲᠠᠯ᠎ᠠ ᠶᠢᠨ ᠲᠣᠭᠲᠠᠭᠤᠨ ᠢ ᠪᠠᠲᠤᠯᠠᠬᠤ ᠬᠡᠷᠡᠭᠲᠡᠢ᠃ ︽ᠠᠮᠤᠷ ᠠᠮᠤᠭᠤᠯᠠᠩ ᠬᠤᠲᠣᠩ ᠠᠷᠠᠳ ᠤᠨ ᠲᠣᠭᠤᠷᠢᠭ︾ ᠤᠨ ᠪᠦᠲᠦᠭᠡᠨ ᠪᠠᠶᠢᠭᠤᠯᠤᠯᠲᠠ ᠶᠢ ᠭᠦᠨᠵᠡᠭᠡᠶᠢᠷᠡᠭᠦᠯᠵᠦ᠂ ᠢᠮᠠᠭᠲᠠ ᠠᠵᠢᠯ ᠢ ᠡᠮᠦᠨ᠎ᠡ ᠨᠢ ᠬᠢᠵᠦ᠂ ᠡᠩ ᠤᠨ ᠦᠶ᠎ᠡ ᠳᠤ ᠬᠢᠵᠦ᠂ ᠨᠡᠶᠢᠭᠡᠮ ᠤᠨ ᠲᠣᠭᠲᠠᠭᠤᠨ ᠢ ᠬᠠᠮᠠᠭᠠᠯᠠᠬᠤ ᠶᠢ ᠤᠷᠢᠳᠴᠢᠯᠠᠨ ᠰᠡᠷᠭᠡᠶᠢᠯᠡᠬᠦ ᠲᠡᠰᠢ ᠬᠤᠪᠢᠷᠠᠭᠤᠯᠬᠤ ᠶᠢ ᠠᠬᠢᠭᠤᠯᠬᠤ ᠬᠡᠷᠡᠭᠲᠡᠢ᠃ ᠦᠨᠳᠦᠰᠦᠨ ᠱᠠᠲᠤᠨ ᠤ ᠵᠠᠰᠠᠯᠲᠠ ᠶᠢᠨ ᠠᠵᠢᠯ ᠤᠨ ᠦᠷ᠎ᠡ ᠪᠦᠲᠦᠮᠵᠢ ᠶᠢ ᠪᠠᠬᠢᠵᠢᠭᠦᠯᠦᠭᠰᠡᠨ ᠰᠠᠭᠤᠷᠢᠨ ᠳᠡᠭᠡᠷ᠎ᠡ᠂ ᠰᠢᠨ᠎ᠡ ᠴᠠᠭ ᠦᠶ᠎ᠡ ᠶᠢᠨ ︽ᠹᠥ᠋ᠩᠴᠢᠶᠤᠤ ᠶᠢᠨ ᠲᠤᠷᠰᠢᠯᠭ᠎ᠠ︾ ᠶᠢ ᠪᠠᠷᠢᠮᠲᠠᠯᠠᠨ ᠬᠥᠭᠵᠢᠭᠦᠯᠵᠦ᠂ ᠭᠤᠣᠯᠳᠠᠯᠭ᠎ᠠ  ᠲᠠᠢ ᠬᠦᠷᠢᠶ᠎ᠡ᠂ ᠪᠠᠭᠤᠷᠠᠢ ᠭᠤᠭᠴᠤᠭ᠎ᠠ ᠳᠤ ᠦᠷᠭᠦᠯᠵᠢᠯᠡᠨ ᠰᠢᠯᠢᠳᠡᠭᠴᠢᠯᠡᠨ ᠨᠠᠷᠢᠯᠢᠭ ᠬᠢᠬᠦ ᠬᠡᠷᠡᠭᠲᠡᠢ᠃ ᠤᠯᠤᠰ ᠤᠨ ᠵᠠᠬᠢᠳᠠᠯ ᠰᠣᠷᠪᠤᠯᠵᠢᠯᠠᠭ᠎ᠠ ᠶᠢᠨ ᠵᠢᠱᠢᠶ᠎ᠡ ᠦᠵᠡᠭᠦᠯᠬᠦ ᠣᠷᠣᠨ ᠢ ᠴᠢᠷᠮᠠᠶᠢᠨ ᠪᠠᠶᠢᠭᠤᠯᠬᠤ ᠲᠠᠢ ᠨᠢᠭᠲᠠ ᠤᠶᠠᠯᠳᠤᠭᠤᠯᠤᠨ᠂ ᠨᠢᠭᠡ ᠲᠠᠯ᠎ᠠ ᠪᠠᠷ ᠵᠠᠬᠢᠳᠠᠯ ᠰᠣᠷᠪᠤᠯᠵᠢᠯᠠᠭ᠎ᠠ ᠶᠢ ᠣᠷᠣᠯᠠᠨ ᠰᠢᠢᠳᠪᠦᠷᠢᠯᠡᠬᠦ ᠶᠢ ᠠᠳᠬᠤᠵᠤ᠂ ᠨᠦᠭᠦᠭᠡ ᠲᠠᠯ᠎ᠠ ᠪᠠᠷ ᠳᠠᠷᠤᠭᠳᠠᠮᠠᠯ ᠬᠡᠷᠡᠭ ᠢ ᠰᠢᠢᠳᠪᠦᠷᠢᠯᠡᠬᠦ ᠶᠢ ᠠᠳᠬᠤᠵᠤ᠂ ᠠᠰᠠᠭᠤᠳᠠᠯ ᠢ ᠰᠢᠢᠳᠪᠦᠷᠢᠯᠡᠭᠰᠡᠨ ᠪᠣᠳᠠᠲᠤ ᠦᠷ᠎ᠡ ᠪᠦᠲᠦᠮᠵᠢ ᠪᠠᠷ ᠠᠷᠠᠳ ᠤᠨ ᠢᠲᠡᠭᠡᠯ ᠢ ᠣᠯᠬᠤ ᠬᠡᠷᠡᠭᠲᠡᠢ᠃ ᠳᠣᠲᠣᠭᠠᠳᠤ ᠶᠢ ᠬᠠᠮᠠᠭᠠᠯᠠᠬᠤ ᠪᠠᠶᠢᠴᠠᠭᠠᠬᠤ ᠰᠢᠭᠦᠬᠦ ᠵᠡᠷᠭᠡ ᠰᠠᠯᠠᠭ᠎ᠠ ᠮᠥᠴᠢᠷ ᠤᠨ ᠬᠠᠤᠯᠢ ᠶᠣᠰᠣᠭᠠᠷ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠶᠢ ᠡᠷᠡᠰ ᠳᠡᠮᠵᠢᠵᠦ᠂ ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠶᠢ ᠴᠢᠩᠭᠠᠳᠬᠠᠵᠤ᠂ ᠬᠡᠷᠡᠭ ᠨᠢᠭᠡᠪᠦᠷᠢ ᠶᠢ ᠴᠢᠨᠠᠷ ᠰᠠᠶᠢᠲᠠᠢ ᠰᠢᠢᠳᠪᠦᠷᠢᠯᠡᠬᠦ ᠶᠢ ᠪᠠᠲᠤᠯᠠᠵᠤ᠂ ᠪᠦᠬᠦ ᠲᠣᠭᠤᠷᠢᠭ ᠤᠨ ᠤᠯᠠᠨ ᠲᠦᠮᠡᠨ ᠳᠤ ᠲᠥᠪ ᠭᠤᠣᠯᠴᠢ ᠰᠢᠳᠤᠷᠭᠤ ᠶᠣᠰᠣ ᠲᠠᠢ ᠪᠠᠶᠢᠬᠤ ᠶᠢ ᠮᠡᠳᠡᠷᠡᠭᠦᠯᠬᠦ ᠬᠡᠷᠡᠭᠲᠡᠢ ᠭᠡᠵᠦ ᠵᠢᠭᠠᠵᠤ ᠭᠠᠷᠭᠠᠪᠠ᠃ ᠤᠯᠤᠰ ᠲᠦᠷᠦ ᠬᠠᠤᠯᠢ ᠴᠠᠭᠠᠵᠠ ᠶᠢᠨ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠬᠤ ᠶᠢ ᠪᠠᠷᠢᠮᠲᠠᠯᠠᠵᠤ᠂ ᠤᠯᠤᠰ ᠲᠦᠷᠦ ᠬᠠᠤᠯᠢ ᠴᠠᠭᠠᠵᠠ ᠶᠢᠨ ᠺᠠᠳ᠋ᠷ ᠴᠠᠭᠳᠠᠭ᠎ᠠ ᠶᠢᠨ ᠴᠢᠳᠠᠪᠤᠷᠢ ᠬᠡᠪ ᠴᠢᠨᠠᠷ ᠢ ᠦᠨᠡᠨᠬᠦ ᠳᠡᠭᠡᠭᠰᠢᠯᠡᠭᠦᠯᠵᠦ᠂ ᠺᠠᠳ᠋ᠷ ᠴᠠᠭᠳᠠᠭ᠎ᠠ ᠶᠢᠨ ᠬᠠᠷᠢᠭᠤᠴᠠᠯᠭ᠎ᠠ ᠡᠭᠦᠷᠭᠡᠯᠡᠨ ᠵᠢᠳᠬᠦᠯ ᠭᠠᠷᠭᠠᠬᠤ ᠶᠢ ᠵᠣᠷᠢᠭᠵᠢᠭᠤᠯᠵᠤ᠂ ᠤᠯᠤᠰ ᠲᠦᠷᠦ ᠬᠠᠤᠯᠢ ᠴᠠᠭᠠᠵᠠ ᠶᠢᠨ ᠺᠠᠳ᠋ᠷ ᠴᠠᠭᠳᠠᠭ᠎ᠠ ᠶᠢᠨ ᠬᠠᠤᠯᠢᠵᠢᠯ᠂ ᠲᠤᠰᠬᠠᠶᠢᠵᠢᠯᠲᠠ᠂ ᠪᠣᠳᠠᠲᠤ ᠳᠠᠶᠢᠨᠴᠢᠯᠠᠯᠳᠠ ᠶᠢᠨ ᠲᠦᠪᠰᠢᠨ ᠢ ᠳᠠᠰᠤᠷᠠᠯᠳᠠ ᠦᠭᠡᠢ ᠳᠡᠭᠡᠭᠰᠢᠯᠡᠭᠦᠯᠬᠦ ᠬᠡᠷᠡᠭᠲᠡᠢ᠃ ᠲᠤᠷᠰᠢᠯᠭ᠎ᠠ ᠶᠢᠨ ᠢᠶᠠᠨ ᠬᠢᠯᠠᠰ ᠴᠡᠭ ᠢ ᠴᠠᠭ ᠲᠤᠬᠠᠢ ᠳᠤᠨᠢ ᠳ᠋ᠦᠩᠨᠡᠵᠦ᠂ ᠤᠬᠠᠭᠤᠯᠤᠨ ᠳᠡᠯᠭᠡᠷᠡᠭᠦᠯᠬᠦ ᠡᠷᠴᠢᠮ ᠢᠶᠠᠨ ᠴᠢᠩᠭᠠᠷᠠᠭᠤᠯᠵᠤ᠂ ᠬᠤᠲᠣᠩ ᠠᠷᠠᠳ ᠤᠨ ᠲᠣᠭᠤᠷᠢᠭ ᠤᠨ ᠤᠯᠤᠰ ᠲᠦᠷᠦ ᠬᠠᠤᠯᠢ ᠴᠠᠭᠠᠵᠠ ᠶᠢᠨ ᠦᠯᠢᠭᠡᠷ ᠢ ᠰᠠᠶᠢᠲᠤᠷ ᠶᠠᠷᠢᠬᠤ ᠶᠢ ᠪᠠᠷᠢᠮᠲᠠᠯᠠᠬᠤ ᠬᠡᠷᠡᠭᠲᠡᠢ᠃      ᠢᠷᠡᠯᠲᠡ᠄ ᠬᠤᠲᠣᠩ ᠠᠷᠠᠳ ᠤᠨ ᠲᠣᠭᠤᠷᠢᠭ ᠤᠨ ᠵᠠᠰᠠᠭ ᠤᠨ ᠣᠷᠳᠣᠨ ᠤ ᠠᠯᠪᠠᠨ ᠰᠦᠯᠵᠢᠶ᠎ᠡ
 
ᠢᠷᠡᠯᠲᠡ᠄ ᠬᠤᠲᠤᠩ ᠠᠷᠠᠳ ᠤᠨ ᠲᠣᠭᠤᠷᠢᠭ ᠤᠨ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000611号-1号