ᠬᠤᠲᠣᠩ ᠠᠷᠠᠳ ᠤᠨ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ 2023 ᠣᠨ ᠤ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠠᠵᠢᠯ ᠤᠨ ᠢᠯᠡᠳᠬᠡᠯ
ᠨᠡᠶᠢᠲᠡᠯᠡᠭᠰᠡᠨ ᠴᠠᠭ᠄
2024/3/1
      2023 ᠣᠨ ᠳᠤ᠂ ᠬᠤᠲᠣᠩ ᠠᠷᠠᠳ ᠤᠨ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠰᠢ ᠶᠢᠨ ᠫᠢᠩ ᠬᠠᠤᠯᠢ ᠪᠠᠷ ᠵᠠᠰᠠᠬᠤ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ︽ᠬᠠᠤᠯᠢ ᠪᠠᠷ ᠵᠠᠰᠠᠬᠤ ᠬᠤᠲᠣᠩ ᠠᠷᠠᠳ ᠤᠨ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢᠨ ᠲᠥᠯᠦᠪᠵᠢᠭᠦᠯᠭᠡ ︵2022 ︱ 2025 ᠣᠨ︶︾ ᠶᠢ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠲᠣᠰ ᠪᠡᠶ᠎ᠡ ᠶᠢᠨ ᠡᠭᠦᠷᠭᠡ ᠴᠢᠳᠠᠪᠤᠷᠢ ᠶᠢᠨ ᠢᠶᠠᠨ ᠲᠣᠭᠤᠷᠢᠨ ᠳᠤ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠠᠵᠢᠯ ᠤᠨ ᠪᠣᠳᠠᠲᠠᠢ ᠳᠤ ᠰᠠᠭᠤᠷᠢᠯᠠᠨ᠂ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠡᠯ᠎ᠡ ᠵᠦᠢᠯ ᠤᠨ ᠠᠵᠢᠯ ᠢ ᠳᠠᠬᠢᠨ ᠰᠢᠨ᠎ᠡ ᠳᠡᠭᠲᠡᠷ ᠲᠤ ᠭᠠᠷᠭᠠᠬᠤ ᠶᠢ ᠲᠦᠯᠬᠢᠨ ᠠᠬᠢᠭᠤᠯᠵᠤ᠂ ᠡᠳᠦᠭᠡ 2023 ᠣᠨ ᠤ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠪᠠᠶᠢᠳᠠᠯ ᠢ ᠳᠣᠣᠷᠠᠬᠢ ᠮᠡᠲᠦ ᠬᠠᠷᠢᠭᠤ ᠮᠡᠳᠡᠭᠦᠯᠦᠶ᠎ᠡ᠄      ᠨᠢᠭᠡ᠂ ᠠᠵᠢᠯ ᠥᠷᠨᠢᠭᠦᠯᠦᠭᠰᠡᠨ ᠪᠠᠶᠢᠳᠠᠯ      ︵ᠨᠢᠭᠡ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢ ᠡᠮᠬᠢ ᠵᠢᠷᠤᠮ ᠲᠠᠢ ᠲᠦᠯᠬᠢᠨ ᠠᠬᠢᠭᠤᠯᠤᠨ᠎ᠠ      ᠮᠠᠨ ᠤ ᠲᠣᠪᠴᠢᠶ᠎ᠠ ᠰᠢ ᠶᠢᠨ ᠫᠢᠩ ᠤᠨ ᠬᠠᠤᠯᠢ ᠪᠠᠷ ᠵᠠᠰᠠᠬᠤ ᠦᠵᠡᠯ ᠰᠠᠨᠠᠭ᠎ᠠ ᠪᠠᠷ ᠦᠨᠳᠦᠰᠦ ᠪᠣᠯᠭᠠᠬᠤ ᠶᠢ ᠪᠠᠷᠢᠮᠲᠠᠯᠠᠵᠤ᠂ ᠰᠢ ᠶᠢᠨ ᠫᠢᠩ ᠤᠨ ᠬᠠᠤᠯᠢ ᠪᠠᠷ ᠵᠠᠰᠠᠬᠤ ᠦᠵᠡᠯ ᠰᠠᠨᠠᠭ᠎ᠠ ᠶᠢ ᠰᠤᠷᠤᠯᠴᠠᠨ ᠤᠬᠠᠭᠤᠯᠬᠤ ᠶᠢ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠪᠦᠬᠦ ᠺᠠᠳ᠋ᠷᠴᠤᠳ ᠤᠨ ᠴᠢᠬᠤᠯᠠ ᠤᠯᠤᠰ ᠲᠦᠷᠦ ᠶᠢᠨ ᠡᠭᠦᠷᠭᠡ ᠪᠣᠯᠭᠠᠪᠠ᠃ ᠡᠭᠦᠨ ᠤ ᠬᠠᠮᠲᠤ᠂ ᠰᠢ ᠶᠢᠨ ᠫᠢᠩ  ᠤᠨ ᠬᠠᠤᠯᠢᠵᠢᠯ ᠤᠨ ᠦᠵᠡᠯ ᠰᠠᠨᠠᠭ᠎ᠠ ᠶᠢ ᠰᠤᠷᠤᠯᠴᠠᠨ ᠤᠬᠠᠭᠤᠯᠬᠤ ᠶᠢ ᠨᠠᠮ ᠤᠨ ᠤᠳᠤᠷᠢᠳᠬᠤ ᠳᠤᠭᠤᠶᠢᠯᠠᠩ ᠤᠨ ᠤᠨᠤᠯ ᠰᠤᠷᠤᠯᠴᠠᠬᠤ ᠭᠤᠣᠯ ᠳᠤᠭᠤᠶᠢᠯᠠᠩ ᠤᠨ ᠰᠤᠷᠤᠯᠴᠠᠬᠤ ᠲᠥᠯᠥᠪᠯᠡᠭᠡ ᠳᠤ ᠣᠷᠣᠭᠤᠯᠵᠤ᠂ ᠪᠦᠬᠦ ᠺᠠᠳ᠋ᠷᠴᠤᠳ ᠢ ᠪᠣᠯᠪᠠᠰᠤᠷᠠᠭᠤᠯᠬᠤ ᠳᠤ ᠵᠠᠪᠠᠯ ᠰᠤᠷᠬᠤ ᠬᠢᠴᠢᠶᠡᠯ ᠪᠣᠯᠭᠠᠵᠤ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠡᠳᠦᠷ ᠳᠤᠳᠤᠮ ᠤᠨ ᠠᠵᠢᠯ ᠳᠤᠮᠳᠠ ᠥᠷᠭᠡᠨ ᠢᠶᠠᠷ ᠰᠤᠷᠤᠯᠴᠠᠨ ᠤᠬᠠᠭᠤᠯᠪᠠ᠃      ︽ᠬᠤᠲᠣᠩ ᠠᠷᠠᠳ ᠤᠨ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ︿ᠬᠤᠲᠣᠩ ᠠᠷᠠᠳ ᠤᠨ ᠲᠣᠭᠤᠷᠢᠭ ᠤᠨ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠵᠢᠱᠢᠶ᠎ᠡ ᠦᠵᠡᠭᠦᠯᠦᠨ ᠡᠭᠦᠳᠦᠨ ᠪᠠᠶᠢᠭᠤᠯᠬᠤ ᠠᠵᠢᠯ ᠤᠨ ᠬᠡᠷᠡᠭᠵᠢᠭᠦᠯᠬᠦ ᠲᠥᠰᠥᠯ﹀ ᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠮᠡᠳᠡᠭᠳᠡᠯ︾ ᠢ ᠳᠠᠷᠤᠮᠠᠯᠯᠠᠨ ᠲᠠᠷᠬᠠᠭᠠᠵᠤ᠂ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠢ ᠪᠠᠶᠢᠭᠤᠯᠤᠨ᠎ᠠ᠃ ᠬᠠᠤᠯᠢ ᠪᠠᠷ ᠵᠠᠰᠠᠬᠤ ᠪᠠᠶᠢᠭᠤᠯᠤᠯᠲᠠ ᠶᠢ ᠪᠦᠬᠦ ᠲᠠᠯ᠎ᠠ ᠶᠢᠨ ᠠᠵᠢᠯ ᠤᠨ ᠳᠤᠮᠳᠠ ᠪᠠᠨ ᠣᠷᠣᠭᠤᠯᠵᠤ᠂ ᠬᠠᠮᠲᠤ ᠪᠠᠷ ᠠᠷᠭ᠎ᠠ ᠰᠦᠪᠡᠭᠴᠢᠯᠡᠵᠦ᠂ ᠬᠠᠮᠲᠤ ᠪᠠᠷ ᠪᠠᠶᠢᠷᠢᠯᠠᠭᠤᠯᠵᠤ᠂ ᠬᠠᠮᠲᠤ ᠪᠠᠷ ᠲᠦᠯᠬᠢᠨ ᠠᠬᠢᠭᠤᠯᠪᠠ᠃ ᠵᠠᠬ᠎ᠠ ᠳᠡᠯᠭᠡᠭᠦᠷ ᠤᠨ ᠬᠢᠨᠠᠨ ᠬᠠᠮᠢᠶᠠᠷᠤᠯᠲᠠ ᠶᠢᠨ ᠡᠭᠦᠷᠭᠡ ᠴᠢᠳᠠᠪᠤᠷᠢ ᠪᠠ ᠬᠠᠷᠢᠶ᠎ᠠ ᠣᠷᠣᠨ ᠤ ᠬᠢᠨᠠᠨ ᠬᠠᠮᠢᠶᠠᠷᠤᠯᠲᠠ ᠶᠢᠨ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠪᠦᠬᠦ ᠲᠠᠯ᠎ᠠ ᠶᠢᠨ ᠬᠠᠤᠯᠢ ᠪᠠᠷ ᠵᠠᠰᠠᠬᠤ ᠪᠠᠶᠢᠭᠤᠯᠤᠯᠲᠠ ᠶᠢᠨ ᠡᠯ᠎ᠡ ᠵᠦᠢᠯ ᠤᠨ ᠠᠵᠢᠯ ᠤᠨ ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ ᠭᠤᠣᠯᠴᠢᠯᠠᠨ ᠬᠠᠤᠯᠢ ᠪᠠᠷ ᠵᠠᠰᠠᠬᠤ ᠪᠠᠶᠢᠭᠤᠯᠤᠯᠲᠠ ᠶᠢᠨ ᠠᠵᠢᠯ ᠳᠤ ᠠᠵᠢᠯ ᠤᠨ ᠠᠭᠤᠯᠭ᠎ᠠ ᠨᠢ ᠲᠣᠳᠣᠷᠬᠠᠢ᠂ ᠬᠠᠷᠢᠭᠤᠴᠠᠯᠭ᠎ᠠ ᠶᠢᠨ ᠲᠠᠰᠤᠭ ᠨᠢ ᠲᠣᠳᠣᠷᠬᠠᠢ᠂ ᠬᠠᠷᠠᠯᠲᠠ ᠶᠢᠨ ᠴᠢᠭᠯᠡᠯ ᠨᠢ ᠲᠣᠳᠣᠷᠬᠠᠢ ᠪᠠᠶᠢᠬᠤ ᠶᠢ ᠪᠡᠶᠡᠯᠡᠭᠦᠯᠪᠡ᠃      ︵ᠬᠤᠶᠠᠷ︶ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠣᠶᠢᠯᠠᠭᠠᠵᠤ᠂ ᠰᠢ ᠶᠢᠨ ᠫᠢᠩ ᠤᠨ ᠬᠠᠤᠯᠢ ᠪᠠᠷ ᠵᠠᠰᠠᠬᠤ ᠦᠵᠡᠯ ᠰᠠᠨᠠᠭ᠎ᠠ ᠶᠢ ᠭᠦᠨᠵᠡᠭᠡᠢ ᠣᠶᠢᠯᠠᠭᠠᠨ᠎ᠠ      ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠬᠤ ᠶᠢ ᠪᠦᠬᠦ ᠲᠠᠯ᠎ᠠ ᠶᠢᠨ ᠠᠵᠢᠯ ᠢ ᠬᠥᠲᠥᠯᠥᠨ ᠳᠠᠭᠠᠭᠤᠯᠬᠤ ᠲᠡᠷᠢᠭᠦᠨ ᠴᠢᠬᠤᠯᠠ ᠡᠭᠦᠷᠭᠡ ᠪᠣᠯᠭᠠᠬᠤ ᠶᠢᠨ ᠬᠠᠮᠲᠤ ᠲᠣᠪᠴᠢᠶ᠎ᠠ ᠶᠢᠨ ᠭᠤᠣᠯ ᠳᠤᠭᠤᠶᠢᠯᠠᠩ ᠤᠨ ᠣᠨ ᠤ ᠰᠤᠷᠤᠯᠴᠠᠬᠤ ᠲᠥᠯᠥᠪᠯᠡᠭᠡ ᠳᠤ ᠣᠷᠣᠭᠤᠯᠵᠤ᠂ ᠰᠢ ᠶᠢᠨ ᠫᠢᠩ ᠤᠨ ᠬᠠᠤᠯᠢᠵᠢᠯ ᠤᠨ ᠦᠵᠡᠯ ᠰᠠᠨᠠᠭ᠎ᠠ ᠪᠠᠷ ᠬᠠᠤᠯᠢᠵᠢᠯ ᠤᠨ ᠠᠵᠢᠯ ᠤᠨ ᠦᠢᠯᠡᠳᠦᠯᠭᠡ ᠶᠢ ᠵᠢᠯᠣᠭᠤᠳᠤᠭᠤᠯᠬᠤ ᠶᠢ ᠪᠠᠷᠢᠮᠲᠠᠯᠠᠵᠤ᠂ ᠲᠡᠭᠦᠨ ᠤ ᠴᠢᠬᠤᠯᠠ ᠠᠭᠤᠯᠭ᠎ᠠ ᠪᠣᠯᠣᠨ ᠠᠭᠤᠯᠤᠭᠳᠠᠬᠤᠨ ᠢ ᠭᠦᠨᠵᠡᠭᠡᠢ ᠡᠵᠡᠮᠳᠡᠵᠦ᠂ ᠤᠨᠤᠯ ᠤᠨ ᠰᠤᠷᠤᠯᠴᠠᠯᠭ᠎ᠠ ᠪᠣᠯᠣᠨ ᠦᠢᠯᠡᠳᠦᠯᠭᠡ ᠶᠢ ᠤᠶᠠᠯᠳᠤᠭᠤᠯᠬᠤ ᠪᠠᠷ ᠳᠠᠮᠵᠢᠭᠤᠯᠵᠤ᠂ ᠠᠵᠢᠯ ᠤᠨ ᠴᠢᠳᠠᠪᠤᠷᠢ ᠪᠠᠨ ᠪᠦᠬᠦ ᠲᠠᠯ᠎ᠠ ᠪᠠᠷ ᠳᠡᠭᠡᠭᠰᠢᠯᠡᠭᠦᠯᠬᠦ ᠬᠡᠷᠡᠭᠲᠡᠢ᠃      ︵ᠭᠤᠷᠪᠠ︶ ︽ᠭᠤᠷᠪᠠᠨ ᠵᠦᠢᠯ ᠤᠨ ᠳᠦᠷᠢᠮ︾ ᠢᠶᠠᠷ ᠭᠠᠷᠳᠠᠴᠠ ᠪᠣᠯᠭᠠᠵᠤ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠬᠢᠷᠢ ᠬᠡᠮᠵᠢᠶ᠎ᠡ ᠶᠢ ᠪᠥᠬᠦ ᠲᠠᠯ᠎ᠠ ᠪᠠᠷ ᠳᠡᠭᠡᠭᠰᠢᠯᠡᠭᠦᠯᠦᠨ᠎ᠡ᠃      ᠨᠢᠭᠡ ᠳᠤ᠂ ᠢᠳᠡᠭᠡᠨ ᠤ ᠠᠶᠤᠯᠭᠦᠢ ᠶᠢᠨ ᠬᠢᠨᠠᠯᠲᠠ ᠬᠠᠮᠢᠶᠠᠷᠤᠯᠲᠠ ᠶᠢ ᠢᠳᠡᠭᠡᠨ ᠤᠮᠳᠠᠭᠠᠨ ᠤ ᠭᠤᠭᠴᠤᠭ᠎ᠠ ᠳᠤ᠂ ᠢᠳᠡᠭᠡᠨ ᠤᠮᠳᠠᠭᠠᠨ ᠤ ᠦᠢᠯᠡᠴᠢᠯᠡᠭᠡᠨ ᠤ ᠨᠢᠭᠡᠴᠢ ᠶᠢ ᠨᠡᠶᠢᠲᠡ 565 ᠡᠷᠦᠬᠡ ᠤᠳᠠᠭ᠎ᠠ ᠪᠠᠶᠢᠴᠠᠭᠠᠵᠤ᠂ ᠬᠠᠤᠯᠢ ᠬᠡᠷᠡᠭᠵᠢᠭᠦᠯᠬᠦ ᠠᠵᠢᠯᠲᠠᠨ ᠢ 898 ᠬᠥᠮᠥᠨ ᠤᠳᠠᠭ᠎ᠠ ᠬᠥᠳᠡᠯᠭᠡᠵᠦ᠂ ᠢᠳᠡᠭᠡᠨ ᠤᠮᠳᠠᠭᠠᠨ ᠤ ᠪᠠᠭᠠᠵᠢ ᠬᠡᠷᠡᠭᠰᠡᠯ ᠢ 26 ᠪᠦᠯᠦᠭ ᠤᠳᠠᠭ᠎ᠠ ᠰᠤᠭᠤᠴᠢᠨ ᠪᠠᠶᠢᠴᠠᠭᠠᠪᠠ︔ ᠢᠳᠡᠭᠡᠨ ᠤ ᠭᠦᠢᠯᠭᠡᠭᠡᠨ ᠤ ᠭᠤᠭᠴᠤᠭ᠎ᠠ ᠳᠤ᠂ 8 ᠤᠳᠠᠭ᠎ᠠ ᠶᠢᠨ ᠲᠤᠰᠬᠠᠢ ᠴᠡᠭᠴᠡᠯᠡᠨ ᠵᠠᠰᠠᠯᠲᠠ ᠶᠢ ᠥᠷᠨᠢᠭᠦᠯᠵᠦ᠂ ᠢᠳᠡᠭᠡᠨ ᠤ ᠡᠵᠡᠩᠨᠡᠯᠲᠡ ᠶᠢᠨ ᠠᠵᠤ ᠠᠬᠤᠶᠢᠯᠠᠯ ᠢ 3820 ᠤᠳᠠᠭ᠎ᠠ ᠪᠠᠶᠢᠴᠠᠭᠠᠵᠤ᠂ 8 ᠬᠤᠪᠢ ᠲᠦᠭᠰᠢᠭᠦᠷᠢ ᠶᠢᠨ ᠨᠠᠷᠢᠨ ᠬᠠᠭᠤᠳᠠᠰᠤ ᠶᠢ ᠪᠠᠶᠢᠭᠤᠯᠪᠠ︔ ᠢᠳᠡᠭᠡᠨ ᠤ ᠵᠦᠢᠯ ᠤᠨ ᠦᠢᠯᠡᠳᠪᠦᠷᠢᠯᠡᠯ ᠤᠨ ᠭᠤᠭᠴᠤᠭ᠎ᠠ ᠳᠤ᠂ ᠦᠢᠯᠡᠳᠪᠦᠷᠢᠯᠡᠭᠰᠡᠨ ᠠᠵᠤ ᠠᠬᠤᠶᠢᠯᠠᠯ ᠢ 27 ᠤᠳᠠᠭ᠎ᠠ ᠪᠠᠶᠢᠴᠠᠭᠠᠵᠤ᠂ 8 ᠤᠳᠠᠭ᠎ᠠ ᠶᠢᠨ ᠲᠤᠰᠬᠠᠢ ᠴᠡᠭᠴᠡᠯᠡᠨ ᠵᠠᠰᠠᠬᠤ ᠠᠵᠢᠯ ᠢ ᠥᠷᠨᠢᠭᠦᠯᠪᠡ︔ ᠰᠣᠩᠭᠤᠨ ᠪᠠᠶᠢᠴᠠᠭᠠᠬᠤ ᠭᠤᠭᠴᠤᠭ᠎ᠠ ᠳᠤ᠂ ᠢᠳᠡᠰᠢᠨ ᠤ ᠲᠠᠷᠢᠶᠠᠯᠠᠩ ᠤᠨ ᠪᠦᠲᠦᠭᠡᠭᠳᠡᠬᠦᠨ ᠠᠴᠠ 165 ᠪᠦᠯᠦᠭ ᠤᠳᠠᠭ᠎ᠠ ᠶᠢᠨ ᠦᠯᠢᠭᠡᠷ ᠠᠪᠬᠤ ᠶᠢ ᠪᠡᠶᠡᠯᠡᠭᠦᠯᠵᠦ᠂ ᠡᠩ ᠤᠨ ᠢᠳᠡᠭᠡᠨ ᠠᠴᠠ 291 ᠪᠦᠯᠦᠭ ᠤᠳᠠᠭ᠎ᠠ ᠶᠢᠨ ᠦᠯᠢᠭᠡᠷ ᠠᠪᠬᠤ ᠶᠢ ᠪᠡᠶᠡᠯᠡᠭᠦᠯᠪᠡ᠃ ᠳᠡᠭᠡᠷᠡᠬᠢ ᠪᠠᠶᠢᠴᠠᠭᠠᠯᠲᠠ ᠶᠢᠨ ᠳᠤᠮᠳᠠ ᠣᠯᠵᠤ ᠮᠡᠳᠡᠭᠰᠡᠨ ᠠᠰᠠᠭᠤᠳᠠᠯ ᠢ ᠴᠥᠮ ᠬᠠᠤᠯᠢ ᠳᠤ ᠲᠣᠭᠲᠠᠭᠠᠭᠰᠠᠨ ᠵᠢᠷᠤᠮ ᠢᠶᠠᠷ ᠰᠢᠢᠳᠪᠦᠷᠢᠯᠡᠪᠡ᠃      ᠬᠤᠶᠠᠷ ᠲᠤ᠂ ︽ᠬᠤᠶᠠᠷ ᠦᠢᠯᠡᠳᠬᠦᠨ ᠨᠢᠭᠡ ᠵᠡᠪᠰᠡᠭ︾ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠎ᠠ᠃ 2023 ᠣᠨ ᠳᠤ ᠡᠮ ᠤᠨ ᠵᠦᠢᠯ ᠤᠨ ᠡᠵᠡᠩᠨᠡᠯᠲᠡ ᠪᠠ ᠬᠡᠷᠡᠭᠯᠡᠯᠲᠡ ᠶᠢᠨ ᠨᠢᠭᠡᠴᠢ 876 ᠤᠳᠠᠭ᠎ᠠ᠂ ᠡᠮᠴᠢᠯᠡᠭᠡᠨ ᠤ ᠪᠠᠭᠠᠵᠢ ᠬᠡᠷᠡᠭᠰᠡᠯ ᠤᠨ ᠡᠵᠡᠩᠨᠡᠯᠲᠡ ᠪᠠ ᠬᠡᠷᠡᠭᠯᠡᠯᠲᠡ ᠶᠢᠨ ᠨᠢᠭᠡᠴᠢ 378 ᠤᠳᠠᠭ᠎ᠠ᠂ ᠵᠠᠰᠠᠯ ᠴᠢᠮᠡᠭ ᠤᠨ ᠡᠳ᠋ ᠤᠨ ᠡᠵᠡᠩᠨᠡᠯᠲᠡ ᠪᠠ ᠬᠡᠷᠡᠭᠯᠡᠯᠲᠡ ᠶᠢᠨ ᠨᠢᠭᠡᠴᠢ 280 ᠤᠳᠠᠭ᠎ᠠ ᠪᠠᠶᠢᠴᠠᠭᠠᠯᠲᠠ ᠬᠢᠪᠡ᠃      ᠭᠤᠷᠪᠠ ᠳᠤ᠂ ᠣᠨᠴᠠ ᠲᠦᠷᠦᠯ ᠤᠨ ᠲᠤᠨᠤᠭ ᠲᠥᠬᠦᠭᠡᠷᠦᠮᠵᠢ ᠶᠢᠨ ᠠᠶᠤᠯᠭᠦᠢ ᠶᠢᠨ ᠬᠢᠨᠠᠯᠲᠠ ᠬᠠᠮᠢᠶᠠᠷᠤᠯᠲᠠ ᠶᠢ ᠬᠦᠴᠦᠲᠡᠢ ᠲᠦᠯᠬᠢᠨ ᠠᠬᠢᠭᠤᠯᠤᠨ᠎ᠠ᠃ ︽2023 ᠣᠨ ᠤ ᠣᠨᠴᠠ ᠲᠥᠷᠥᠯ ᠤᠨ ᠲᠣᠨᠤᠭ ᠲᠥᠬᠦᠭᠡᠷᠦᠮᠵᠢ ᠶᠢᠨ ᠠᠮᠤᠷ ᠲᠦᠪᠰᠢᠨ ᠢ ᠬᠢᠨᠠᠨ ᠪᠠᠶᠢᠴᠠᠭᠠᠬᠤ ᠠᠵᠢᠯ ᠤᠨ ᠲᠥᠯᠥᠪᠯᠡᠭᠡ︾᠂ ︽ᠬᠤᠲᠣᠩ ᠠᠷᠠᠳ ᠤᠨ ᠲᠣᠭᠤᠷᠢᠭ ᠤᠨ ᠵᠠᠬ᠎ᠠ ᠳᠡᠯᠭᠡᠭᠦᠷ ᠤᠨ ᠲᠣᠪᠴᠢᠶ᠎ᠠ ᠶᠢᠨ ᠴᠠᠬᠢᠯᠭᠠᠨ ᠱᠠᠲᠤ ᠶᠢᠨ ᠠᠮᠤᠷ ᠲᠦᠪᠰᠢᠨ ᠤ ᠰᠠᠭᠤᠷᠢ ᠶᠢ ᠪᠠᠶᠢᠭᠤᠯᠬᠤ ᠭᠤᠷᠪᠠᠨ ᠵᠢᠯ ᠤᠨ ᠠᠵᠢᠯᠯᠠᠭᠠᠨ ᠤ ᠲᠥᠰᠥᠯ ︵2023︱2025 ᠣᠨ︶︾ ᠢ ᠲᠣᠭᠲᠠᠭᠠᠵᠤ᠂ ᠠᠶᠤᠯᠭᠦᠢ ᠦᠢᠯᠡᠳᠪᠦᠷᠢᠯᠡᠯ ᠤᠨ ᠳᠤᠭᠤᠶᠢᠯᠠᠩ ᠤᠨ ᠵᠥᠪᠯᠡᠯ ᠢ ᠪᠠᠶᠢᠭᠤᠯᠵᠤ᠂ ᠲᠣᠰ ᠵᠢᠯ ᠳᠤ ᠨᠡᠶᠢᠲᠡ 5 ᠤᠳᠠᠭ᠎ᠠ ᠲᠤᠰᠬᠠᠢ ᠵᠦᠢᠯ ᠤᠨ ᠪᠠᠶᠢᠴᠠᠭᠠᠯᠲᠠ ᠬᠢᠵᠦ᠂ 65 ᠨᠢᠭᠡᠴᠢ ᠶᠢᠨ 300 ᠰᠠᠭᠤᠷᠢ ᠲᠣᠨᠤᠭ ᠲᠥᠬᠦᠭᠡᠷᠦᠮᠵᠢ ᠳᠤ ᠨᠡᠶᠢᠳᠡᠮ ᠪᠠᠶᠢᠴᠠᠭᠠᠯᠲᠠ ᠬᠢᠪᠡ᠃      ᠳᠥᠷᠪᠡ ᠳᠤ᠂ ᠭᠤᠣᠯᠳᠠᠯᠭ᠎ᠠ ᠲᠠᠢ ᠦᠢᠯᠡᠳᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠤᠯᠠᠮ ᠭᠦᠨᠵᠡᠭᠡᠶᠢᠷᠡᠨ᠎ᠡ᠃ ᠴᠢᠯᠠᠭᠤᠨ ᠲᠤᠰᠤᠨ ᠤ ᠬᠡᠢ ᠶᠢᠨ ᠬᠦᠴᠦᠳᠡᠯ ᠲᠣᠬᠢᠷᠠᠭᠤᠯᠤᠭᠴᠢ᠂ ᠰᠢᠲᠠᠮᠠᠬᠠᠢ ᠬᠡᠢ ᠶᠢᠨ ᠵᠤᠤᠬ᠎ᠠ᠂ ᠴᠠᠬᠢᠯᠭᠠᠨ ᠬᠥᠳᠡᠯᠭᠡᠭᠦᠷᠲᠦ ᠳᠤᠭᠤᠢ ᠲᠡᠷᠭᠡ᠂ ᠠᠯᠺᠤᠤᠯᠳᠦ ᠲᠦᠯᠡᠰᠢ᠂ ᠭᠠᠯ ᠤᠨᠲᠠᠷᠠᠭᠠᠬᠤ ᠦᠢᠯᠡᠳᠬᠦᠨ ᠵᠡᠷᠭᠡ ᠶᠢᠨ ᠲᠤᠰᠬᠠᠢ ᠪᠠᠶᠢᠴᠠᠭᠠᠯᠲᠠ ᠶᠢ ᠥᠷᠨᠢᠭᠦᠯᠵᠦ᠂ ᠨᠡᠶᠢᠳᠡ 200 ᠭᠠᠷᠤᠢ ᠤᠳᠠᠭ᠎ᠠ ᠪᠠᠶᠢᠴᠠᠭᠠᠵᠤ᠂ ᠢᠯᠡᠷᠡᠭᠦᠯᠦᠭᠰᠡᠨ ᠠᠰᠠᠭᠤᠳᠠᠯ ᠢ ᠴᠥᠮ ᠬᠠᠤᠯᠢ ᠪᠠᠷ ᠲᠣᠭᠲᠠᠭᠠᠭᠰᠠᠨ ᠲᠡᠰ ᠳᠠᠷᠠᠭᠠᠯᠠᠯ ᠢᠶᠠᠷ ᠰᠢᠢᠳᠪᠦᠷᠢᠯᠡᠪᠡ᠃      ᠲᠠᠪᠤ ᠳᠤ᠂ ᠠᠷᠠᠳ ᠤᠯᠠᠨ ᠤ ᠬᠡᠷᠡᠭᠯᠡᠭᠡᠨ ᠤ ᠣᠷᠴᠢᠨ ᠲᠣᠭᠤᠷᠢᠨ ᠢ ᠬᠠᠮᠠᠭᠠᠯᠠᠬᠤ ᠳᠤ ᠨᠡᠩ ᠰᠠᠨᠠᠭ᠎ᠠ ᠠᠮᠤᠷ ᠪᠣᠯᠣᠨ᠎ᠠ᠃ ᠪᠦᠬᠦ ᠤᠯᠤᠰ ᠤᠨ 12315 ᠰᠢᠰᠲ᠋ᠧᠮ ᠤᠨ ᠲᠠᠪᠴᠠᠩ ᠤᠨ 10899 ᠬᠤᠪᠢ ᠵᠠᠭᠠᠯᠳᠤᠯᠭ᠎ᠠ ᠢᠯᠡᠴᠢᠯᠡᠨ ᠮᠡᠳᠡᠭᠦᠯᠦᠯᠲᠡ ᠶᠢ ᠬᠦᠯᠢᠶᠡᠨ ᠠᠪᠴᠤ ᠰᠢᠢᠳᠪᠦᠷᠢᠯᠡᠪᠡ᠂ ᠡᠭᠦᠨ ᠤ ᠳᠣᠲᠣᠷ᠎ᠠ 9094 ᠬᠤᠪᠢ ᠵᠠᠭᠠᠯᠳᠤᠯᠭ᠎ᠠ᠂ 1805 ᠬᠤᠪᠢ ᠢᠯᠡᠴᠢᠯᠡᠨ ᠮᠡᠳᠡᠭᠦᠯᠦᠯᠲᠡ ᠶᠢ ᠬᠦᠯᠢᠶᠡᠨ ᠠᠪᠴᠠᠢ᠃ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ 12345 ᠬᠠᠯᠠᠭᠤᠨ ᠤᠲᠠᠰᠤᠨ ᠤ ᠵᠠᠭᠠᠯᠳᠤᠬᠤ ᠢᠯᠡᠴᠢᠯᠡᠨ ᠮᠡᠳᠡᠭᠦᠯᠬᠦ ᠠᠵᠢᠯ ᠤᠨ ᠬᠠᠭᠤᠳᠠᠰᠤ ᠶᠢ 5146 ᠬᠤᠪᠢ ᠭᠥᠯᠢᠶᠡᠨ ᠠᠪᠴᠤ᠂ 3766 ᠬᠤᠪᠢ ᠶᠢ ᠨᠢ ᠨᠢᠭᠡᠨᠲᠡ ᠰᠢᠢᠳᠪᠦᠷᠢᠯᠡᠨ ᠳᠠᠭᠤᠰᠬᠠᠵᠤ᠂ ᠡᠭᠦᠷᠭᠡ ᠴᠢᠳᠠᠪᠤᠷᠢ ᠶᠢ ᠨᠢ ᠦᠨᠳᠦᠰᠦᠯᠡᠨ ᠪᠤᠰᠤᠳ ᠵᠥᠪᠯᠡᠯ ᠠᠯᠪᠠᠨ ᠭᠡᠷ ᠲᠣᠪᠴᠢᠶ᠎ᠠ ᠳᠤ 1368 ᠬᠤᠪᠢ ᠰᠢᠯᠵᠢᠭᠦᠯᠦᠨ ᠥᠭᠪᠡ᠃      ︵ᠳᠥᠷᠪᠡ︶ ︽ᠨᠠᠢᠮᠠᠳᠤᠭᠠᠷ ᠲᠠᠪᠤᠨ ᠵᠢᠯ︾ ᠤᠨ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠠᠵᠢᠯ ᠢ ᠪᠦᠬᠦ ᠲᠠᠯ᠎ᠠ ᠪᠠᠷ ᠥᠷᠨᠢᠭᠦᠯᠵᠦ᠂ ︽ᠬᠡᠨ ᠬᠠᠤᠯᠢ ᠬᠡᠷᠡᠭᠵᠢᠭᠦᠯᠪᠡᠯ ᠬᠡᠨ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ︾ ᠬᠠᠷᠢᠭᠤᠴᠠᠯᠭ᠎ᠠ ᠶᠢᠨ ᠳᠦᠷᠢᠮ ᠢ ᠨᠠᠶᠢᠳᠠᠪᠤᠷᠢᠵᠢᠭᠤᠯᠤᠨ᠎ᠠ      ︽ᠬᠤᠲᠣᠩ ᠠᠷᠠᠳ ᠤᠨ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ︿ᠬᠡᠨ ᠬᠠᠤᠯᠢ ᠬᠡᠷᠡᠭᠵᠢᠭᠦᠯᠪᠡᠯ ᠬᠡᠨ ᠬᠠᠤᠯᠢ ᠲᠦᠭᠡᠮᠡᠯᠵᠢᠭᠦᠯᠬᠦ﹀ ᠶᠢ ᠠᠬᠢᠭᠤᠯᠬᠤ ᠠᠵᠢᠯ ᠤᠨ ᠲᠥᠯᠥᠪᠯᠡᠭᠡ︾ ᠶᠢ ᠳᠠᠷᠤᠮᠠᠯᠯᠠᠨ ᠲᠠᠷᠬᠠᠭᠠᠵᠤ᠂ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠬᠠᠷᠢᠭᠤᠴᠠᠯᠭ᠎ᠠ ᠶᠢᠨ ᠲᠣᠳᠣᠷᠬᠠᠢ ᠬᠠᠭᠤᠳᠠᠰᠤ ᠶᠢ ᠲᠣᠭᠲᠠᠭᠠᠵᠤ᠂ ︽3·15 ᠤᠯᠠᠨ ᠤᠯᠤᠰ ᠤᠨ ᠬᠡᠷᠡᠭᠯᠡᠭᠴᠢᠳ ᠤᠨ ᠡᠷᠬᠡ ᠠᠰᠢᠭ︾᠂ ︽ᠵᠠᠰᠠᠯ ᠴᠢᠮᠡᠭᠯᠡᠯ ᠤᠨ ᠡᠳ᠋ ᠤᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠤᠬᠠᠭᠤᠯᠭ᠎ᠠ ᠶᠢᠨ ᠭᠠᠷᠠᠭ︾᠂ ︽ᠳᠡᠯᠡᠬᠡᠢ ᠶᠢᠨ ᠬᠡᠮᠵᠢᠯᠲᠡ ᠶᠢᠨ ᠡᠳᠦᠷ︾᠂ ︽ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠡᠳᠦᠷ︾ ᠵᠡᠷᠭᠡ ᠴᠠᠭ ᠬᠤᠭᠤᠴᠠᠭᠠᠨ ᠳᠤ᠂ ᠵᠠᠷᠯᠠᠯ ᠨᠠᠭᠠᠬᠤ᠂ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠮᠠᠲ᠋ᠧᠷᠢᠶᠠᠯ ᠲᠠᠷᠬᠠᠭᠠᠬᠤ᠂ ᠪᠣᠯᠪᠠᠰᠤᠷᠠᠯ ᠤᠨ ᠬᠤᠷᠠᠯ ᠥᠷᠨᠢᠭᠦᠯᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠪᠠᠶᠠᠯᠢᠭ ᠰᠠᠶᠢᠬᠠᠨ ᠤᠬᠠᠭᠤᠯᠭ᠎ᠠ ᠶᠢᠨ ᠠᠵᠢᠯᠯᠠᠭ᠎ᠠ ᠶᠢ ᠡᠮᠬᠢ ᠵᠢᠷᠤᠮ ᠲᠠᠢ ᠪᠠᠷ ᠥᠷᠨᠢᠭᠦᠯᠵᠦ᠂ ᠨᠡᠶᠢᠭᠡᠮ ᠤᠨ ᠡᠯ᠎ᠡ ᠡᠲᠡᠭᠡᠳ ᠤᠨ ᠠᠵᠢᠯᠯᠠᠭ᠎ᠠ ᠶᠢ ᠬᠥᠲᠥᠯᠥᠨ ᠵᠢᠯᠤᠭᠤᠳᠴᠤ ᠪᠠᠶᠢᠭᠠᠳ ᠬᠡᠷᠡᠭᠯᠡᠭᠡᠨ ᠤ ᠵᠠᠬ᠎ᠠ ᠳᠡᠯᠭᠡᠭᠦᠷ ᠤᠨ ᠰᠠᠶᠢᠨ ᠰᠠᠶᠢᠬᠠᠨ ᠠᠭᠤᠷ ᠠᠮᠢᠰᠬᠤᠯ ᠢ ᠬᠠᠮᠲᠤ ᠪᠠᠷ ᠪᠤᠢ 2023 ᠣᠨ ᠳᠤ᠂ ᠨᠡᠶᠢᠲᠡ 13 ᠤᠳᠠᠭᠠᠨ ᠤ ᠭᠤᠣᠯ ᠰᠡᠳᠦᠪᠲᠦ ᠤᠬᠠᠭᠤᠯᠭ᠎ᠠ ᠶᠢ ᠥᠷᠨᠢᠭᠦᠯᠵᠦ᠂ 5 ᠤᠳᠠᠭᠠᠨ ᠤ ᠠᠵᠤ ᠠᠬᠤᠶᠢᠯᠠᠯ ᠤᠨ ᠪᠣᠯᠪᠠᠰᠤᠷᠠᠭᠤᠯᠤᠯ ᠤᠨ ᠠᠵᠢᠯᠯᠠᠭ᠎ᠠ ᠶᠢ ᠥᠷᠨᠢᠭᠦᠯᠪᠡ᠃      ︵ᠲᠠᠪᠤ︶ ᠬᠠᠤᠯᠢ ᠬᠡᠷᠡᠭᠵᠢᠭᠦᠯᠬᠦ ᠳᠤ ᠬᠢᠨᠠᠯᠲᠠ ᠲᠠᠯᠪᠢᠬᠤ ᠶᠢ ᠥᠷᠨᠢᠭᠦᠯᠵᠦ᠂ ᠬᠠᠤᠯᠢ ᠬᠡᠷᠡᠭᠵᠢᠭᠦᠯᠬᠦ ᠠᠵᠢᠯᠯᠠᠭ᠎ᠠ ᠶᠢ ᠵᠢᠷᠤᠮᠵᠢᠭᠤᠯᠤᠨ᠎ᠠ      ᠨᠢᠭᠡ ᠳᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ᠎ᠠ᠃ ︽ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠲᠦᠷ ᠬᠡᠷᠡᠭᠵᠢᠭᠦᠯᠬᠦ ᠲᠣᠭᠲᠠᠭᠠᠯ︾ ᠢ ᠴᠢᠩᠭ᠎ᠠ ᠵᠢᠷᠤᠮᠯᠠᠨ᠂ ᠡᠯ᠎ᠡ ᠲᠥᠷᠥᠯ ᠤᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠠᠵᠢᠯ ᠢ ᠢᠳᠡᠪᠬᠢᠲᠡᠢ ᠥᠷᠨᠢᠭᠦᠯᠬᠦ ᠬᠡᠷᠡᠭᠲᠡᠢ᠃ 2023 ᠣᠨ ᠳᠤ᠂ ᠮᠠᠨ ᠤ ᠲᠣᠪᠴᠢᠶ᠎ᠠ ︽ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠬᠡᠷᠡᠭ ᠤᠨ ᠪᠤᠷᠤᠭᠤ ᠬᠡᠷᠡᠭ ᠤᠨ ᠬᠠᠷᠢᠭᠤᠴᠠᠯᠭ᠎ᠠ ᠶᠢ ᠭᠡᠳᠡᠷᠭᠦ ᠪᠠᠶᠢᠴᠠᠭᠠᠵᠤ ᠬᠠᠷᠢᠭᠤᠴᠠᠯᠭ᠎ᠠ ᠨᠡᠬᠡᠮᠵᠢᠯᠡᠬᠦ ᠳᠦᠷᠢᠮ︾ ᠪᠣᠯᠣᠨ ︽ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠪᠠᠶᠢᠭᠤᠯᠤᠯᠭ᠎ᠠ ᠶᠢᠨ ᠳᠣᠲᠣᠭᠠᠳᠤ ᠶᠢᠨ ᠠᠵᠢᠯᠲᠠᠨ ᠬᠡᠷᠡᠭ ᠢ ᠰᠢᠢᠳᠪᠦᠷᠢᠯᠡᠬᠦ ᠳᠤ ᠭᠠᠷ ᠳᠦᠷᠦᠭᠰᠡᠨ ᠢ ᠲᠡᠮᠳᠡᠭᠯᠡᠬᠦ᠂ ᠣᠯᠠᠨ ᠳᠤ ᠮᠡᠳᠡᠭᠳᠡᠬᠦ ᠪᠠ ᠬᠠᠷᠢᠭᠤᠴᠠᠯᠭ᠎ᠠ ᠨᠡᠬᠡᠮᠵᠢᠯᠡᠬᠦ ᠳᠦᠷᠢᠮ︾ ᠢ ᠳᠠᠷᠤᠮᠠᠯᠯᠠᠨ ᠲᠠᠷᠬᠠᠭᠠᠪᠠ᠃ ᠳᠦᠷᠢᠮ ᠢ ᠨᠠᠶᠢᠳᠠᠪᠤᠷᠢᠵᠢᠭᠤᠯᠬᠤ ᠪᠠᠷ ᠳᠠᠮᠵᠢᠭᠤᠯᠤᠨ᠂ ᠤᠳᠤᠷᠢᠳᠬᠤ ᠪᠠᠭ ᠤᠨ ᠪᠦᠷᠢᠯᠳᠦᠭᠦᠨ ᠤ ᠬᠠᠤᠯᠢ ᠶᠣᠰᠣᠭᠠᠷ ᠵᠠᠰᠠᠭ ᠶᠠᠪᠤᠭᠤᠯᠬᠤ ᠶᠢ ᠰᠢᠪᠠᠳᠠᠵᠤ᠂ ᠬᠠᠤᠯᠢ ᠬᠡᠷᠡᠭᠵᠢᠭᠦᠯᠬᠦ ᠠᠵᠢᠯᠲᠠᠨ ᠤ ᠵᠥᠪ ᠦᠯᠢᠭᠡᠷ ᠳᠠᠭᠤᠷᠢᠶᠠᠯ ᠢ ᠰᠠᠶᠢᠲᠤᠷ ᠬᠢᠵᠦ᠂ ᠳᠣᠲᠣᠭᠠᠳᠤ ᠶᠢᠨ ᠱᠠᠲᠤ ᠳᠠᠪᠬᠤᠷᠭ᠎ᠠ ᠶᠢᠨ ᠬᠢᠨᠠᠯᠲᠠ ᠶᠢ ᠲᠡᠭᠦᠯᠳᠡᠷᠵᠢᠭᠦᠯᠬᠦ ᠶᠢ ᠲᠦᠯᠬᠢᠨ ᠠᠬᠢᠭᠤᠯᠵᠤ᠂ ᠵᠠᠰᠠᠭ ᠵᠠᠬᠢᠷᠭᠠᠨ ᠤ ᠠᠵᠢᠯ ᠬᠢᠬᠦ ᠦᠭᠡᠢ᠂ ᠳᠤᠷ᠎ᠠ ᠪᠠᠷ ᠢᠶᠠᠨ ᠬᠢᠬᠦ ᠠᠰᠠᠭᠤᠳᠠᠯ ᠢ ᠦᠨᠡᠨ ᠬᠦ ᠬᠤᠷᠢᠭᠯᠠᠨ ᠵᠣᠭᠰᠣᠭᠠᠨ᠎ᠠ᠃ ᠣᠲᠣ ᠪᠣᠯᠲᠠᠯ᠎ᠠ᠂ ᠮᠠᠨ ᠤ ᠲᠣᠪᠴᠢᠶ᠎ᠠ ᠳᠤ ᠪᠠᠶᠢᠭᠤᠯᠭ᠎ᠠ ᠶᠢᠨ ᠳᠣᠲᠣᠭᠠᠳᠤ ᠶᠢᠨ ᠠᠵᠢᠯᠲᠠᠨ ᠭᠠᠷ ᠳᠦᠷᠦᠵᠦ᠂ ᠬᠡᠷᠡᠭ ᠢ ᠰᠢᠢᠳᠪᠦᠷᠢᠯᠡᠬᠦ ᠳᠤ ᠭᠠᠷ ᠳᠦᠷᠦᠵᠦ ᠪᠠᠶᠢᠭ᠎ᠠ ᠵᠡᠷᠭᠡ ᠪᠠᠶᠢᠳᠠᠯ ᠭᠠᠷᠤᠭᠰᠠᠨ ᠦᠭᠡᠢ᠃      ᠬᠤᠶᠠᠷ ᠲᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠬᠡᠷᠡᠭ ᠤᠨ ᠡᠪᠬᠡᠮᠡᠯ ᠢ ᠦᠨᠡᠯᠡᠨ ᠪᠠᠶᠢᠴᠠᠭᠠᠬᠤ ᠠᠵᠢᠯ ᠢ ᠰᠠᠶᠢᠲᠤᠷ ᠬᠢᠨ᠎ᠡ᠃ ᠪᠥᠬᠦ ᠲᠠᠯ᠎ᠠ ᠶᠢᠨ 2022 ᠣᠨ ᠤ 4 ᠰᠠᠷ᠎ᠠ ᠠᠴᠠ 2023 ᠣᠨ ᠤ 8 ᠰᠠᠷ᠎ᠠ ᠪᠣᠯᠲᠠᠯ᠎ᠠ ᠰᠢᠢᠳᠪᠦᠷᠢᠯᠡᠭᠰᠡᠨ ᠵᠠᠰᠠᠭ ᠵᠠᠬᠢᠷᠭᠠᠨ ᠤ ᠰᠢᠳᠬᠡᠯ ᠲᠣᠷᠭᠠᠭᠤᠯᠢ ᠶᠢᠨ ᠬᠡᠷᠡᠭ ᠢ ᠦᠨᠡᠯᠡᠨ ᠪᠠᠶᠢᠴᠠᠭᠠᠵᠤ᠂ ᠬᠡᠷᠡᠭ ᠪᠣᠯᠭᠠᠨ ᠳᠠᠩᠰᠠᠯᠠᠬᠤ᠂ ᠪᠠᠶᠢᠴᠠᠭᠠᠵᠤ ᠭᠡᠷᠡᠴᠢ ᠠᠪᠬᠤ᠂ ᠬᠢᠨᠠᠨ ᠪᠠᠶᠢᠴᠠᠭᠠᠵᠤ ᠲᠣᠭᠲᠠᠭᠠᠬᠤ᠂ ᠭᠦᠢᠴᠡᠳᠬᠡᠬᠦ ᠪᠠ ᠬᠡᠷᠡᠭ ᠢ ᠳᠠᠭᠤᠰᠬᠠᠬᠤ᠂ ᠬᠡᠷᠡᠭ ᠤᠨ ᠡᠪᠬᠡᠮᠡᠯ ᠢ ᠲᠠᠩᠰᠠ ᠡᠪᠬᠡᠮᠡᠯ ᠳᠤ ᠣᠷᠣᠭᠤᠯᠬᠤ ᠵᠡᠷᠭᠡ 5 ᠲᠠᠯ᠎ᠠ ᠪᠠᠷ ᠵᠠᠰᠠᠭ ᠵᠠᠬᠢᠷᠭᠠᠨ ᠤ ᠰᠢᠳᠬᠡᠯ ᠲᠣᠷᠭᠠᠭᠤᠯᠢ ᠶᠢᠨ ᠬᠡᠷᠡᠭ ᠤᠨ ᠦᠨᠡᠯᠡᠨ ᠪᠠᠶᠢᠴᠠᠭᠠᠬᠤ ᠬᠦᠰᠦᠨᠦᠭᠲᠦ ᠶᠢᠨ ᠱᠠᠭᠠᠷᠳᠠᠯᠭ᠎ᠠ ᠲᠠᠢ ᠬᠠᠷᠢᠴᠠᠭᠤᠯᠤᠨ᠂ ᠪᠣᠭᠤᠮᠲᠠ ᠶᠢ ᠴᠢᠩᠭ᠎ᠠ ᠠᠳᠬᠤᠨ᠎ᠠ᠃      ᠭᠤᠷᠪᠠ ᠳᠤ ᠬᠠᠤᠯᠢ ᠬᠡᠷᠡᠭᠵᠢᠭᠦᠯᠬᠦ ᠴᠢᠬᠤᠯᠠ ᠶᠡᠭᠡ ᠲᠣᠭᠲᠠᠭᠠᠯ ᠤᠨ ᠬᠠᠤᠯᠢ ᠳᠦᠷᠢᠮ ᠤᠨ ᠬᠢᠨᠠᠨ ᠬᠠᠷᠭᠤᠭᠤᠯᠤᠯᠲᠠ ᠶᠢᠨ ᠳᠦᠷᠢᠮ ᠢ ᠴᠢᠩᠭ᠎ᠠ ᠨᠠᠶᠢᠳᠠᠪᠤᠷᠢᠵᠢᠭᠤᠯᠤᠨ᠎ᠠ᠃ ᠮᠠᠨ ᠤ ᠲᠣᠪᠴᠢᠶ᠎ᠠ ᠬᠠᠤᠯᠢ ᠬᠡᠷᠡᠭᠵᠢᠭᠦᠯᠬᠦ ᠴᠢᠬᠤᠯᠠ ᠶᠡᠭᠡ ᠲᠣᠭᠲᠠᠭᠠᠯ ᠭᠠᠷᠭᠠᠬᠤ ᠠᠴᠠ ᠪᠠᠨ ᠡᠮᠦᠨ᠎ᠡ ᠡᠷᠬᠡᠪᠰᠢ ᠬᠠᠤᠯᠢ ᠳᠦᠷᠢᠮ ᠤᠨ ᠬᠢᠨᠠᠨ ᠪᠠᠶᠢᠴᠠᠭᠠᠯᠲᠠ ᠬᠢᠬᠦ ᠬᠡᠷᠡᠭᠲᠡᠢ᠂ ᠬᠠᠤᠯᠢ ᠳᠦᠷᠢᠮ ᠤᠨ ᠬᠢᠨᠠᠨ ᠪᠠᠶᠢᠴᠠᠭᠠᠯᠲᠠ ᠬᠢᠭᠰᠡᠨ ᠦᠭᠡᠢ ᠪᠤᠶᠤ ᠬᠢᠨᠠᠨ ᠪᠠᠶᠢᠴᠠᠭᠠᠯᠲᠠ ᠳᠤ ᠪᠠᠲᠤᠯᠠᠭᠳᠠᠭᠰᠠᠨ ᠦᠭᠡᠢ ᠪᠠᠶᠢᠪᠠᠯ᠂ ᠵᠠᠰᠠᠭ ᠵᠠᠬᠢᠷᠭᠠᠨ ᠤ ᠰᠢᠳᠬᠡᠯ ᠤᠨ ᠲᠣᠭᠲᠠᠭᠠᠯ ᠭᠠᠷᠭᠠᠵᠤ ᠪᠣᠯᠬᠤ ᠦᠭᠡᠢ᠃ 2023 ᠣᠨ ᠳᠤ᠂ ᠨᠡᠶᠢᠳᠡ 68 ᠬᠤᠪᠢ ᠴᠢᠬᠤᠯᠠ ᠶᠡᠭᠡ ᠬᠡᠷᠡᠭ ᠢ ᠶᠠᠷᠢᠯᠴᠠᠵᠤ ᠬᠢᠨᠠᠨ ᠵᠥᠪᠯᠡᠪᠡ᠃      ︵ᠵᠢᠷᠭᠤᠭ᠎ᠠ︶ ᠪᠠᠭᠲᠠᠭᠠᠮᠵᠢᠲᠠᠢ ᠬᠢᠨᠠᠭᠤᠷ ᠪᠣᠯᠭᠤᠮᠵᠢᠲᠠᠢ ᠬᠢᠨᠠᠨ ᠬᠠᠮᠢᠶᠠᠷᠴᠤ ᠬᠠᠤᠯᠢ ᠬᠡᠷᠡᠭᠵᠢᠭᠦᠯᠬᠦ ᠶᠢ ᠬᠡᠷᠡᠭᠵᠢᠭᠦᠯᠵᠦ᠂ ᠬᠤᠳᠠᠯᠳᠤᠭ᠎ᠠ ᠡᠷᠬᠢᠯᠡᠬᠦ ᠣᠷᠴᠢᠨ ᠲᠣᠭᠤᠷᠢᠨ ᠢ ᠰᠢᠯᠢᠳᠡᠭᠵᠢᠭᠦᠯᠦᠨ᠎ᠡ      ᠥᠪᠡᠷᠲᠡᠭᠡᠨ ᠵᠠᠰᠠᠬᠤ ᠣᠷᠣᠨ ᠤ ︽ᠳᠥᠷᠪᠡᠨ ᠬᠠᠭᠤᠳᠠᠰᠤ ᠨᠠᠷᠢᠨ ᠲᠠᠩᠰᠠ︾ ᠶᠢ ᠨᠠᠶᠢᠳᠠᠪᠤᠷᠢᠵᠢᠭᠤᠯᠵᠤ᠂ ᠪᠠᠭᠲᠠᠭᠠᠮᠵᠢᠲᠠᠢ ᠪᠣᠯᠭᠤᠮᠵᠢᠲᠠᠢ ᠬᠢᠨᠠᠨ ᠬᠠᠮᠢᠶᠠᠷᠴᠤ ᠬᠠᠤᠯᠢ ᠬᠡᠷᠡᠭᠵᠢᠭᠦᠯᠬᠦ ᠶᠢ ᠶᠡᠬᠡᠪᠡᠷ ᠳᠡᠯᠭᠡᠷᠡᠭᠦᠯᠦᠨ᠎ᠡ᠃ ᠮᠠᠨ ᠤ ᠲᠣᠪᠴᠢᠶ᠎ᠠ ᠠᠴᠠ ᠬᠡᠷᠡᠭ ᠰᠢᠢᠳᠪᠦᠷᠢᠯᠡᠬᠦ ᠰᠠᠯᠠᠭ᠎ᠠ ᠮᠥᠴᠢᠷ ᠢ ᠰᠢᠨᠵᠢ ᠴᠢᠨᠠᠷ ᠢ ᠲᠣᠭᠲᠠᠭᠠᠨ ᠲᠠᠰᠤᠯᠤᠯᠲᠠ ᠬᠢᠬᠦ ᠱᠠᠲᠤᠨ ᠳᠤ ᠡᠷᠬᠡᠪᠰᠢ ︽ᠳᠥᠷᠪᠡᠨ ᠨᠠᠷᠢᠨ ᠳᠠᠩᠰᠠ︾ ᠶᠢᠨ ᠲᠣᠭᠲᠠᠭᠠᠯ ᠲᠠᠢ ᠬᠠᠷᠢᠴᠠᠭᠤᠯᠵᠤ᠂ ᠨᠥᠬᠦᠴᠡᠯ ᠳᠤ ᠨᠡᠶᠢᠴᠡᠬᠦ ᠵᠠᠰᠠᠭ ᠵᠠᠬᠢᠷᠭᠠᠨ ᠤ ᠬᠠᠷᠢᠴᠠᠩᠭᠤᠢ ᠬᠥᠮᠥᠨ ᠢ ᠬᠥᠩᠭᠡᠯᠡᠨ ᠰᠢᠢᠳᠬᠡᠵᠦ ᠰᠢᠢᠳᠬᠡᠬᠦ ᠠᠴᠠ ᠬᠡᠯᠲᠦᠷᠢᠭᠦᠯᠬᠦ ᠬᠡᠷᠡᠭᠲᠡᠢ ᠭᠡᠵᠦ ᠱᠠᠭᠠᠷᠳᠠᠵᠠᠢ᠃ ᠰᠢᠳᠬᠡᠯ ᠥᠭᠬᠦ ᠦᠭᠡᠢ ᠪᠠᠷ ᠳᠠᠮᠵᠢᠭᠤᠯᠤᠨ᠂ ᠵᠠᠬ᠎ᠠ ᠳᠡᠯᠭᠡᠭᠦᠷ ᠤᠨ ᠪᠡᠶᠡᠴᠢ ᠴᠣᠭᠴᠠ ᠳᠤ ᠰᠠᠨᠠᠭᠤᠯᠤᠮᠵᠢ ᠥᠭᠴᠦ᠂ ᠵᠠᠬ᠎ᠠ ᠳᠡᠯᠭᠡᠭᠦᠷ ᠤᠨ ᠪᠡᠶᠡᠴᠢ ᠴᠣᠭᠴᠠ ᠶᠢᠨ ᠬᠤᠶᠢᠰᠢᠳᠠ ᠲᠣᠭᠲᠠᠭᠠᠯ ᠳᠤ ᠨᠡᠶᠢᠴᠡᠬᠦ ᠠᠵᠢᠯ ᠢ ᠨᠠᠩ ᠰᠠᠶᠢᠲᠤᠷ ᠬᠢᠬᠦ ᠶᠢ ᠰᠢᠪᠠᠳᠠᠨ ᠱᠠᠭᠠᠷᠳᠠᠵᠤ᠂ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠦᠷᠭᠦᠯᠵᠢᠯᠡᠨ ᠰᠢᠯᠢᠳᠡᠭᠵᠢᠭᠦᠯᠦᠨ᠎ᠡ᠃      ︵ᠲᠤᠯᠤᠭ᠎ᠠ︶ ᠬᠠᠤᠯᠢ ᠴᠠᠭᠠᠵᠠ ᠶᠢᠨ ᠡᠷᠬᠡ ᠰᠦᠷ ᠢ ᠤᠬᠠᠮᠰᠠᠷ ᠠᠴᠠ ᠪᠠᠨ ᠬᠠᠮᠠᠭᠠᠯᠠᠵᠤ᠂ ᠵᠠᠷᠭᠤ ᠶᠢ ᠲᠠᠬᠢᠨ ᠵᠥᠪᠯᠡᠬᠦ ᠠᠵᠢᠯ ᠢ ᠰᠠᠶᠢᠲᠤᠷ ᠬᠢᠪᠡ      ᠵᠠᠰᠠᠭ ᠵᠠᠬᠢᠷᠭᠠᠨ ᠤ ᠵᠠᠷᠭᠤ ᠶᠢᠨ ᠵᠠᠷᠭᠤ ᠬᠦᠯᠢᠶᠡᠬᠦ ᠠᠵᠢᠯ ᠤᠨ ᠳᠤᠮᠳᠠ᠂ ᠮᠠᠨ ᠤ ᠲᠣᠪᠴᠢᠶ᠎ᠠ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠬᠠᠷᠢᠭᠤᠴᠠᠯᠭᠠᠲᠠᠨ ᠤ ᠬᠠᠤᠯᠢ ᠶᠣᠰᠣᠭᠠᠷ ᠰᠢᠭᠦᠯᠲᠡ ᠳᠤ ᠣᠷᠣᠯᠴᠠᠵᠤ ᠵᠠᠷᠭᠤ ᠬᠦᠯᠢᠶᠡᠬᠦ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠬᠠᠷᠢᠭᠤᠴᠠᠯᠭᠠᠲᠠᠨ ᠤ ᠰᠢᠭᠦᠯᠲᠡ ᠳᠤ ᠣᠷᠣᠯᠴᠠᠭᠰᠠᠨ ᠨᠤᠷᠮ᠎ᠠ ᠶᠢ 100 % ᠳᠤ ᠬᠦᠷᠭᠡᠵᠡᠢ᠃ ᠡᠭᠦᠨ ᠤ ᠬᠠᠮᠲᠤ ᠬᠤᠯᠪᠣᠭᠳᠠᠯ ᠪᠦᠬᠦᠢ ᠰᠲ᠋ᠣᠺ ᠤᠨ ᠲᠠᠰᠤᠭ ᠤᠨ ᠬᠡᠷᠡᠭ ᠰᠢᠢᠳᠪᠦᠷᠢᠯᠡᠬᠦ ᠠᠵᠢᠯᠲᠠᠨ ᠢ ᠵᠣᠬᠢᠶᠠᠨ ᠪᠠᠶᠢᠭᠤᠯᠤᠨ ᠰᠢᠭᠦᠬᠦ ᠬᠤᠷᠢᠶᠠᠨ ᠤ ᠲᠤᠬᠠᠢ ᠶᠢᠨ ᠲᠠᠯᠠᠪᠤᠷ ᠲᠤ ᠰᠤᠯᠠ ᠰᠣᠨᠣᠰᠬᠤ ᠳᠤ ᠣᠷᠣᠯᠴᠠᠭᠤᠯᠵᠤ᠂ ᠬᠠᠤᠯᠢ ᠶᠢ ᠰᠤᠷᠤᠯᠴᠠᠬᠤ ᠶᠠᠪᠤᠴᠠ ᠳᠤ ᠬᠠᠤᠯᠢ ᠬᠡᠷᠡᠭᠵᠢᠭᠦᠯᠵᠦ ᠬᠡᠷᠡᠭ ᠰᠢᠢᠳᠪᠦᠷᠢᠯᠡᠬᠦ ᠴᠢᠳᠠᠪᠤᠷᠢ ᠪᠠᠨ ᠳᠡᠭᠡᠭᠰᠢᠯᠡᠭᠦᠯᠪᠡ᠃      ᠬᠤᠶᠠᠷ᠂ ᠣᠯᠣᠭᠰᠠᠨ ᠠᠮᠵᠢᠯᠲᠠ      ᠨᠢᠭᠡ ᠳᠤ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠠᠴᠠ ︽ᠤᠯᠤᠰ ᠤᠨ ᠡᠷᠡᠭᠦᠯ ᠬᠠᠮᠠᠭᠠᠯᠠᠯ ᠤᠨ ᠬᠤᠲᠠ ᠶᠢᠨ ᠲᠡᠷᠢᠭᠦᠨ ᠤ ᠬᠠᠮᠲᠤ ᠪᠠ ᠲᠡᠷᠢᠭᠦᠨ ᠤ ᠬᠤᠪᠢ ᠬᠥᠮᠥᠨ ᠢ ᠡᠭᠦᠳᠦᠨ ᠪᠠᠶᠢᠭᠤᠯᠬᠤ ᠲᠤᠬᠠᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠥᠬᠡᠬᠤᠲᠠ ᠶᠢᠨ ᠬᠤᠷᠢᠶᠠᠨ ᠤ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠲᠣᠭᠲᠠᠭᠠᠯ︾ ᠢ ᠣᠯᠭᠤᠪᠠ᠃      ᠬᠤᠶᠠᠷ ᠲᠤ ᠬᠥᠬᠡᠬᠤᠲᠠ ᠶᠢᠨ ᠡᠭᠦᠳᠦᠨ ᠪᠠᠶᠢᠭᠤᠯᠤᠭᠰᠠᠨ ᠤᠯᠤᠰ ᠤᠨ ᠡᠷᠡᠭᠦᠯ ᠬᠠᠮᠠᠭᠠᠯᠠᠯ ᠤᠨ ᠬᠤᠲᠠ ᠶᠢᠨ ᠵᠢᠯᠤᠭᠤᠳᠬᠤ ᠭᠠᠵᠠᠷ ᠤᠨ ᠠᠯᠪᠠᠨ ᠭᠡᠷ ᠠᠴᠠ ︽ᠤᠯᠤᠰ ᠤᠨ ᠡᠷᠡᠭᠦᠯ ᠬᠠᠮᠠᠭᠠᠯᠠᠯ ᠤᠨ ᠬᠤᠲᠠ ᠶᠢᠨ ᠲᠡᠷᠢᠭᠦᠨ ᠤ ᠵᠢᠱᠢᠶ᠎ᠡ ᠦᠵᠡᠭᠦᠯᠬᠦ ᠨᠢᠭᠡᠴᠢ︾ ᠶᠢ ᠣᠯᠭᠤᠪᠠ᠃      ᠭᠤᠷᠪᠠ ᠳᠤ᠂ ᠬᠤᠲᠣᠩ ᠠᠷᠠᠳ ᠤᠨ ᠲᠣᠭᠤᠷᠢᠭ ᠤᠨ ᠣᠷᠣᠨ ᠪᠦᠰᠡ ᠶᠢᠨ ᠨᠠᠷᠠᠲᠤ ᠲᠥᠷᠥᠯ ᠲᠡᠮᠳᠡᠭᠲᠦ ᠶᠢᠨ ᠪᠠᠶᠢᠭᠤᠯᠤᠯᠲᠠ ᠶᠢ ᠠᠬᠢᠭᠤᠯᠵᠤ᠂ ᠬᠥᠬᠡᠬᠤᠲᠠ ᠶᠢᠨ ᠮᠧᠩ ᠯᠢᠶᠠᠩ ᠢᠳᠡᠭᠡᠨ ᠤ ᠬᠢᠵᠠᠭᠠᠷᠲᠤ ᠺᠣᠮᠫᠠᠨᠢ ᠶᠢᠨ ︽ᠮᠧᠩ︾ ᠥᠰᠥᠭ ᠤᠨ ᠲᠡᠮᠳᠡᠭ ᠢ ᠭᠡᠷᠡᠴᠢᠯᠡᠬᠦ ᠠᠵᠢᠯ ᠥᠷᠨᠢᠭᠦᠯᠬᠦ ᠳᠤ ᠢᠳᠡᠪᠬᠢᠲᠡᠢ ᠪᠠᠷ ᠬᠦᠴᠦ ᠨᠡᠮᠡᠷᠢᠯᠡᠨ᠎ᠡ᠃ 2023 ᠣᠨ ᠤ ᠡᠴᠦᠰ ᠲᠤ᠂ ᠬᠥᠬᠡᠬᠤᠲᠠ ᠶᠢᠨ ᠮᠧᠩ ᠯᠢᠶᠠᠩ ᠢᠳᠡᠭᠡᠨ ᠤ ᠬᠢᠵᠠᠭᠠᠷᠲᠤ ᠺᠣᠮᠫᠠᠨᠢ ᠶᠢᠨ ᠦᠢᠯᠡᠳᠪᠦᠷᠢᠯᠡᠭᠰᠡᠨ ᠮᠠᠯᠴᠢᠳ ᠤᠨ ᠬᠠᠲᠠᠭᠠᠭᠰᠠᠨ ᠦᠬᠡᠷ ᠤᠨ ᠮᠢᠬ᠎ᠠ ᠨᠢ ᠬᠥᠬᠡᠬᠤᠲᠠ ᠶᠢᠨ ᠲᠦᠷᠦᠭᠦᠸ ᠪᠦᠯᠦᠭ ᠤᠨ ︽ᠮᠧᠩ︾ ᠥᠰᠥᠭ ᠤᠨ ᠲᠡᠮᠳᠡᠭᠲᠦ ᠮᠠᠯ ᠤᠨ ᠠᠰᠢᠭ ᠰᠢᠮ᠎ᠡ ᠵᠢᠴᠢ ᠲᠡᠭᠦᠨ ᠤ ᠪᠦᠲᠦᠭᠡᠭᠳᠡᠬᠦᠨ ᠤ ᠭᠡᠷᠡᠴᠢᠯᠡᠯ ᠢ ᠭᠥᠷᠳᠡᠪᠡ᠃      ᠭᠤᠷᠪᠠ᠂ ᠣᠷᠣᠰᠢᠵᠤ ᠪᠠᠶᠢᠬᠤ ᠬᠦᠷᠦᠯᠴᠡᠬᠦ ᠦᠭᠡᠢ ᠵᠦᠢᠯ      ᠠᠵᠤ ᠠᠬᠤᠢ ᠪᠠ ᠲᠧᠭᠨᠢᠭ ᠮᠡᠷᠭᠡᠵᠢᠯ ᠤᠨ ᠬᠥᠭᠵᠢᠯᠲᠡ ᠶᠢ ᠳᠠᠭᠠᠯᠳᠤᠨ᠂ ᠬᠢᠨᠠᠨ ᠬᠠᠮᠢᠶᠠᠷᠬᠤ ᠥᠪᠡᠷ ᠤᠨ ᠦᠷᠳᠡᠭ ᠶᠡᠭᠡ ᠪᠠᠷ ᠳᠡᠭᠡᠭᠰᠢᠯᠡᠵᠦ᠂ ᠮᠥᠷᠳᠡᠨ ᠪᠠᠶᠢᠴᠠᠭᠠᠵᠤ ᠬᠡᠷᠡᠭ ᠰᠢᠢᠳᠪᠦᠷᠢᠯᠡᠬᠦ᠂ ᠲᠤᠬᠠᠢ ᠶᠢᠨ ᠭᠠᠵᠠᠷ ᠲᠤᠨᠢ ᠪᠠᠶᠢᠴᠠᠭᠠᠬᠤ᠂ ᠪᠣᠯᠪᠠᠰᠤᠷᠠᠭᠤᠯᠤᠨ ᠰᠣᠯᠢᠯᠴᠠᠬᠤ ᠵᠡᠷᠭᠡ ᠠᠵᠢᠯ ᠲᠤᠶᠢᠯ ᠤᠨ ᠶᠡᠭᠡ ᠡᠳ᠋ ᠤᠨ ᠶᠠᠪᠤᠳᠠᠯ ᠤᠨ ᠳᠠᠷᠤᠯᠲᠠ ᠳᠤ ᠲᠤᠯᠭᠠᠷᠠᠵᠤ ᠪᠠᠶᠢᠨ᠎ᠠ᠃ ᠬᠠᠤᠯᠢ ᠴᠠᠭᠠᠵᠠ ᠶᠢᠨ ᠲᠤᠰᠬᠠᠢ ᠮᠡᠷᠭᠡᠵᠢᠯ ᠤᠨ ᠴᠢᠳᠠᠪᠤᠷᠢᠲᠠᠨ ᠳᠤᠲᠠᠭᠳᠠᠵᠤ᠂ ᠮᠠᠨ ᠤ ᠲᠣᠪᠴᠢᠶ᠎ᠠ ᠶᠢᠨ ᠬᠠᠤᠯᠢ ᠬᠡᠷᠡᠭᠵᠢᠭᠦᠯᠬᠦ ᠡᠩᠨᠡᠭᠡᠨ ᠤ ᠠᠵᠢᠯᠲᠠᠨ ᠤ ᠨᠠᠰᠤ ᠨᠢ ᠬᠡᠲᠦ ᠶᠡᠭᠡ᠂ ᠲᠤᠯᠭᠠᠭᠤᠷᠢ ᠬᠦᠴᠦᠨ ᠨᠢ ᠳᠤᠲᠠᠮᠠᠭ ᠪᠠᠶᠢᠵᠤ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠵᠠᠰᠠᠭ ᠵᠠᠬᠢᠷᠭᠠᠨ ᠤ ᠮᠠᠰᠢ ᠣᠯᠠᠨ ᠬᠡᠷᠡᠭ ᠶᠠᠪᠤᠳᠠᠯ ᠤᠨ ᠡᠮᠦᠨ᠎ᠡ᠂ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠳᠦᠷᠢᠮ ᠲᠣᠭᠲᠠᠭᠠᠯ ᠵᠢᠴᠢ ᠲᠥᠷᠥ ᠶᠢᠨ ᠪᠣᠳᠣᠯᠭ᠎ᠠ ᠶᠢ ᠡᠵᠡᠮᠰᠢᠵᠦ ᠡᠵᠡᠮᠳᠡᠭᠰᠡᠨ ᠢᠶᠠᠷ ᠬᠦᠷᠦᠯᠴᠡᠬᠦ ᠦᠭᠡᠢ ᠪᠠᠶᠢᠵᠤ᠂ ᠮᠡᠳᠡᠯᠭᠡ ᠶᠢᠨ ᠰᠢᠨᠡᠴᠢᠯᠡᠯᠲᠡ ᠵᠢᠴᠢ ᠬᠠᠤᠯᠢ ᠴᠠᠭᠠᠵᠠ ᠶᠢᠨ ᠵᠡᠪᠰᠡᠭ ᠢ ᠬᠡᠷᠡᠭᠯᠡᠨ ᠡᠭᠦᠷᠭᠡ ᠬᠠᠷᠢᠭᠤᠴᠠᠯᠭ᠎ᠠ ᠶᠢᠨ ᠠᠶᠤᠯ ᠲᠦᠭᠰᠢᠭᠦᠷᠢ ᠶᠢ ᠠᠷᠢᠯᠭᠠᠬᠤ ᠴᠢᠳᠠᠪᠤᠷᠢ ᠶᠢᠨ ᠲᠠᠯ᠎ᠠ ᠪᠠᠷ ᠤᠯᠠᠮ ᠨᠢᠭᠡ ᠠᠯᠬᠤᠮ ᠴᠢᠩᠭᠠᠳᠬᠠᠨ ᠳᠡᠭᠡᠭᠰᠢᠯᠡᠭᠦᠯᠬᠦ ᠴᠢᠬᠤᠯᠠᠲᠠᠢ ᠪᠠᠶᠢᠨ᠎ᠠ᠃      ᠳᠥᠷᠪᠡ᠂ 2024 ᠣᠨ ᠳᠤ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠭᠤᠣᠯ ᠲᠣᠬᠢᠷᠠᠭᠤᠯᠤᠯᠲᠠ ᠲᠦᠯᠬᠢᠨ ᠠᠬᠢᠭᠤᠯᠤᠨ᠎ᠠ      ︵ᠨᠢᠭᠡ︶ ︽ᠨᠠᠢᠮᠠᠳᠤᠭᠠᠷ ᠲᠠᠪᠤᠨ ᠵᠢᠯ︾ ᠤᠨ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠠᠵᠢᠯ ᠢ ᠦᠷᠭᠦᠯᠵᠢᠯᠡᠨ ᠲᠦᠯᠬᠢᠨ ᠠᠬᠢᠭᠤᠯᠤᠨ᠎ᠠ      ᠪᠦᠬᠦ ᠠᠷᠠᠳ ᠢᠶᠠᠷ ᠢᠶᠠᠨ ᠬᠠᠤᠯᠢ ᠶᠢ ᠰᠠᠬᠢᠵᠤ ᠬᠠᠤᠯᠢ ᠶᠢ ᠲᠦᠭᠡᠮᠡᠯᠵᠢᠭᠦᠯᠬᠦ ᠪᠣᠯ ᠪᠦᠬᠦ ᠲᠠᠯ᠎ᠠ ᠪᠠᠷ ᠬᠠᠤᠯᠢ ᠪᠠᠷ ᠤᠯᠤᠰ ᠢᠶᠠᠨ ᠵᠠᠰᠠᠬᠤ ᠶᠢᠨ ᠤᠷᠳᠤ ᠬᠤᠭᠤᠴᠠᠭᠠᠨ ᠤ ᠰᠠᠭᠤᠷᠢ ᠴᠢᠨᠠᠷᠲᠠᠢ ᠠᠵᠢᠯ ᠪᠣᠯᠣᠨ᠎ᠠ᠂ ᠬᠤᠲᠣᠩ ᠠᠷᠠᠳ ᠤᠨ ᠲᠣᠭᠤᠷᠢᠭ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ᠂ ᠨᠡᠶᠢᠭᠡᠮ ᠤᠨ ᠠᠮᠤᠷ ᠲᠦᠪᠰᠢᠨ ᠲᠣᠭᠲᠠᠭᠤᠨ ᠢ ᠬᠠᠮᠠᠭᠠᠯᠠᠬᠤ ᠳᠤ ᠠᠷᠠᠳ ᠢᠷᠭᠡᠳ ᠤᠨ ᠬᠠᠤᠯᠢᠵᠢᠯ ᠤᠨ ᠬᠡᠪ ᠪᠣᠯᠪᠠᠰᠤᠷᠠᠯ ᠢ ᠳᠡᠭᠡᠭᠰᠢᠯᠡᠭᠦᠯᠵᠦ᠂ ᠪᠦᠬᠦ ᠨᠡᠶᠢᠭᠡᠮ ᠢᠶᠠᠷ ᠢᠶᠠᠨ ᠬᠠᠤᠯᠢ ᠶᠢ ᠵᠢᠷᠤᠮᠯᠠᠨ ᠬᠠᠤᠯᠢ ᠶᠢ ᠰᠠᠬᠢᠵᠤ᠂ ᠬᠠᠤᠯᠢ ᠶᠢ ᠰᠠᠬᠢᠨ ᠬᠠᠤᠯᠢ ᠶᠢ ᠬᠡᠷᠡᠭᠯᠡᠬᠦ ᠶᠢ ᠠᠬᠢᠭᠤᠯᠬᠤ ᠶᠢ ᠲᠤᠯᠭᠠᠮ᠎ᠠ ᠱᠠᠭᠠᠷᠳᠠᠵᠤ ᠪᠠᠶᠢᠨ᠎ᠠ᠃ ︽ᠨᠠᠢᠮᠠᠳᠤᠭᠠᠷ ᠲᠠᠪᠤᠨ ᠵᠢᠯ︾ ᠤᠨ ᠬᠠᠤᠯᠢ ᠴᠠᠭᠠᠵᠠ ᠶᠢᠨ ᠮᠡᠳᠡᠯᠭᠡ ᠶᠢ ᠲᠦᠭᠡᠮᠡᠯᠵᠢᠭᠦᠯᠬᠦ ᠲᠥᠯᠦᠪᠵᠢᠭᠦᠯᠭᠡ ᠶᠢᠨ ᠱᠠᠭᠠᠷᠳᠠᠯᠭ᠎ᠠ ᠶᠢ ᠦᠨᠳᠦᠰᠦᠯᠡᠨ᠂ ︽ᠬᠡᠨ ᠬᠠᠤᠯᠢ ᠬᠡᠷᠡᠭᠵᠢᠭᠦᠯᠪᠡᠯ ᠬᠡᠨ ᠬᠠᠤᠯᠢ ᠴᠠᠭᠠᠵᠠ ᠶᠢᠨ ᠮᠡᠳᠡᠯᠭᠡ ᠶᠢ ᠲᠦᠭᠡᠮᠡᠯᠵᠢᠭᠦᠯᠬᠦ︾ ᠬᠠᠤᠯᠢ ᠴᠠᠭᠠᠵᠠ ᠶᠢᠨ ᠮᠡᠳᠡᠯᠭᠡ ᠶᠢ ᠲᠦᠭᠡᠮᠡᠯᠵᠢᠭᠦᠯᠬᠦ ᠬᠠᠷᠢᠭᠤᠴᠠᠯᠭ᠎ᠠ ᠶᠢᠨ ᠳᠦᠷᠢᠮ ᠢ ᠦᠷᠭᠦᠯᠵᠢᠯᠡᠨ ᠭᠦᠨᠵᠡᠭᠡᠢ ᠨᠠᠶᠢᠳᠠᠪᠤᠷᠢᠵᠢᠭᠤᠯᠤᠨ᠎ᠠ᠃ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠬᠠᠷᠢᠭᠤᠴᠠᠯᠭ᠎ᠠ ᠶᠢᠨ ᠲᠣᠳᠣᠷᠬᠠᠢ ᠬᠠᠭᠤᠳᠠᠰᠤ ᠶᠢ ᠬᠥᠳᠡᠯᠦᠩᠭᠦᠢ ᠪᠠᠷ ᠲᠡᠭᠦᠯᠳᠡᠷᠵᠢᠭᠦᠯᠵᠦ᠂ ᠬᠠᠤᠯᠢ ᠲᠦᠭᠡᠮᠡᠯᠵᠢᠭᠦᠯᠬᠦ ᠠᠵᠢᠯ ᠢ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠬᠦ ᠪᠥᠬᠦ ᠶᠠᠪᠤᠴᠠ ᠳᠤ ᠣᠷᠣᠭᠤᠯᠪᠠ᠃      ︵ᠬᠤᠶᠠᠷ︶ ᠬᠠᠲᠠᠭᠤ ᠵᠥᠭᠡᠯᠡᠨ ᠢᠶᠠᠷ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢ ᠠᠬᠢᠭᠤᠯᠵᠤ᠂ ᠵᠠᠬ᠎ᠠ ᠳᠡᠯᠭᠡᠭᠦᠷ ᠤᠨ ᠬᠤᠳᠠᠯᠳᠤᠭ᠎ᠠ ᠡᠷᠭᠢᠯᠡᠬᠦ ᠣᠷᠴᠢᠨ ᠲᠣᠭᠤᠷᠢᠨ ᠢ ᠰᠢᠯᠢᠳᠡᠭᠵᠢᠭᠦᠯᠦᠨ᠎ᠡ᠃      ᠪᠠᠭᠲᠠᠭᠠᠮᠵᠢᠲᠠᠢ ᠬᠢᠨᠠᠭᠤᠷ ᠪᠣᠯᠭᠤᠮᠵᠢᠲᠠᠢ ᠬᠢᠨᠠᠯᠲᠠ ᠬᠠᠮᠢᠶᠠᠷᠤᠯᠲᠠ ᠶᠢᠨ ᠣᠶᠢᠯᠠᠭᠠᠭᠳᠠᠬᠤᠨ ᠢ ᠭᠦᠨᠵᠡᠭᠡᠢ ᠣᠶᠢᠯᠠᠭᠠᠵᠤ᠂ ᠥᠪᠡᠷᠲᠡᠭᠡᠨ ᠵᠠᠰᠠᠬᠤ ᠣᠷᠣᠨ ᠤ ︽ᠳᠥᠷᠪᠡᠨ ᠨᠠᠷᠢᠨ ᠳᠠᠩᠰᠠ︾ ᠶᠢ ᠪᠦᠬᠦ ᠲᠠᠯ᠎ᠠ  ᠪᠠᠷ ᠨᠠᠶᠢᠳᠠᠪᠤᠷᠢᠵᠢᠭᠤᠯᠵᠤ᠂ ᠪᠠᠭᠲᠠᠭᠠᠮᠵᠢᠲᠠᠢ ᠬᠢᠨᠠᠭᠤᠷ ᠪᠣᠯᠭᠤᠮᠵᠢᠲᠠᠢ ᠬᠢᠨᠠᠯᠲᠠ ᠬᠠᠮᠢᠶᠠᠷᠤᠯᠲᠠ ᠶᠢᠨ ᠣᠶᠢᠯᠠᠭᠠᠭᠳᠠᠬᠤᠨ ᠢ ᠴᠢᠩᠭᠠᠳᠬᠠᠵᠤ᠂ ᠪᠠᠭᠲᠠᠭᠠᠮᠵᠢᠲᠠᠢ ᠤᠶᠠᠨ ᠬᠠᠳᠠᠨ ᠴᠢᠨᠠᠷᠲᠠᠢ ᠬᠠᠤᠯᠢ ᠬᠡᠷᠡᠭᠵᠢᠭᠦᠯᠦᠯᠲᠡ ᠶᠢ ᠬᠡᠷᠡᠭᠵᠢᠭᠦᠯᠵᠦ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠦᠢᠯᠡ ᠠᠵᠢᠯᠯᠠᠭ᠎ᠠ ᠶᠢ ᠵᠢᠷᠤᠮᠵᠢᠭᠤᠯᠬᠤ ᠶᠢᠨ ᠬᠠᠮᠲᠤ ᠬᠠᠤᠯᠢ ᠠᠴᠠ ᠵᠥᠷᠢᠴᠡᠭᠰᠡᠨ ᠪᠡᠶᠡᠴᠢ ᠴᠣᠭᠴᠠ ᠶᠢᠨ ᠤᠬᠠᠭᠤᠯᠭ᠎ᠠ ᠬᠥᠮᠦᠵᠢᠯ ᠢ ᠤᠯᠠᠮ ᠨᠢᠭᠡ ᠠᠯᠬᠤᠮ ᠴᠢᠩᠭᠠᠳᠬᠠᠵᠤ᠂ ᠵᠠᠰᠠᠭ ᠵᠠᠬᠢᠷᠭᠠᠨ ᠤ ᠰᠡᠷᠡᠮᠵᠢᠯᠡᠭᠦᠯᠬᠦ᠂ ᠵᠠᠰᠠᠭ ᠵᠠᠬᠢᠷᠭᠠᠨ ᠤ ᠪᠣᠯᠵᠣᠨ ᠶᠠᠷᠢᠯᠴᠠᠬᠤ᠂ ᠵᠠᠰᠠᠭ ᠵᠠᠬᠢᠷᠭᠠᠨ ᠤ ᠵᠢᠯᠣᠭᠤᠳᠤᠯᠭ᠎ᠠ ᠬᠢᠬᠦ ᠵᠡᠷᠭᠡ ᠤᠶᠠᠨ ᠬᠠᠳᠠᠨ ᠴᠢᠨᠠᠷᠲᠠᠢ ᠠᠷᠭ᠎ᠠ ᠬᠡᠮᠵᠢᠶ᠎ᠡ ᠪᠠᠷ ᠳᠠᠮᠵᠢᠭᠤᠯᠤᠨ ᠵᠠᠯᠠᠷᠠᠭᠤᠯᠬᠤ ᠬᠥᠮᠦᠵᠢᠯ ᠬᠢᠵᠦ᠂ ᠡᠯ᠎ᠡ ᠲᠦᠷᠦᠯ ᠤᠨ ᠵᠠᠬ᠎ᠠ ᠳᠡᠯᠭᠡᠭᠦᠷ ᠤᠨ ᠪᠡᠶᠡᠴᠢ ᠴᠣᠭᠴᠠ ᠶᠢᠨ ᠬᠠᠤᠯᠢ ᠶᠣᠰᠣᠭᠠᠷ ᠲᠣᠭᠲᠠᠭᠠᠯ ᠳᠤ ᠨᠡᠶᠢᠴᠡᠭᠦᠯᠦᠨ ᠡᠵᠡᠩᠨᠡᠯᠲᠡ ᠶᠢᠨ ᠠᠵᠢᠯᠯᠠᠭ᠎ᠠ ᠥᠷᠨᠢᠭᠦᠯᠬᠦ ᠶᠢ ᠠᠬᠢᠭᠤᠯᠵᠤ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢᠨ ᠬᠠᠤᠯᠢ ᠴᠠᠭᠠᠵᠠ ᠶᠢᠨ ᠦᠷ᠎ᠡ ᠪᠦᠲᠦᠮᠵᠢ ᠪᠠ ᠨᠡᠶᠢᠭᠡᠮ ᠤᠨ ᠦᠷ᠎ᠡ ᠪᠦᠲᠦᠮᠵᠢ ᠶᠢᠨ ᠨᠢᠭᠡᠳᠦᠯᠲᠡᠢ ᠪᠠᠶᠢᠬᠤ ᠶᠢ ᠴᠢᠷᠮᠠᠶᠢᠨ ᠪᠡᠶᠡᠯᠡᠭᠦᠯᠦᠨ᠎ᠡ᠃      ︵ᠭᠤᠷᠪᠠ︶ ᠬᠠᠤᠯᠢ ᠬᠡᠷᠡᠭᠵᠢᠭᠦᠯᠬᠦ ᠠᠵᠢᠯᠲᠠᠨ ᠤ ᠬᠠᠤᠯᠢ ᠶᠣᠰᠣᠭᠠᠷ ᠵᠠᠰᠠᠭ ᠶᠠᠪᠤᠭᠤᠯᠬᠤ ᠠᠵᠢᠯ ᠤᠨ ᠬᠢᠷᠢ ᠬᠡᠮᠵᠢᠶ᠎ᠡ ᠶᠢ ᠬᠦᠴᠦᠯᠡᠨ ᠠᠬᠢᠭᠤᠯᠤᠨ᠎ᠠ      ᠮᠠᠨ ᠤ ᠲᠣᠪᠴᠢᠶ᠎ᠠ ᠶᠢᠨ ᠭᠤᠣᠯ ᠳᠤᠭᠤᠶᠢᠯᠠᠩ ᠤᠨ ᠰᠤᠷᠤᠯᠴᠠᠬᠤ ᠲᠥᠯᠥᠪᠯᠡᠭᠡ ᠲᠠᠢ ᠤᠶᠠᠯᠳᠤᠭᠤᠯᠤᠨ᠂ ᠬᠠᠤᠯᠢ ᠴᠠᠭᠠᠵᠠ ᠶᠢᠨ ᠮᠡᠳᠡᠯᠭᠡ ᠶᠢ ᠲᠥᠪᠯᠡᠷᠡᠭᠦᠯᠦᠨ ᠰᠤᠷᠤᠯᠴᠠᠵᠤ᠂ ᠤᠳᠤᠷᠢᠳᠬᠤ ᠺᠠᠳ᠋ᠷᠴᠤᠳ ᠤᠨ ᠬᠠᠤᠯᠢ ᠪᠠᠷ ᠵᠠᠰᠠᠬᠤ ᠤᠬᠠᠮᠰᠠᠷ᠂ ᠬᠠᠤᠯᠢ ᠪᠠᠷ ᠵᠠᠰᠠᠬᠤ ᠰᠡᠳᠬᠢᠬᠦᠢ ᠶᠢ ᠪᠦᠲᠦᠮᠵᠢᠲᠡᠶ ᠪᠠᠷ ᠳᠡᠭᠡᠭᠰᠢᠯᠡᠭᠦᠯᠦᠨ᠎ᠡ᠃ ᠡᠭᠦᠨ ᠤ ᠬᠠᠮᠲᠤ᠂ ᠣᠯᠠᠨ ᠠᠷᠭ᠎ᠠ ᠮᠠᠶ᠋ᠢᠭ ᠢᠶᠠᠷ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯᠲᠠᠨ ᠤ ᠠᠵᠢᠯ ᠤᠨ ᠪᠠᠶᠢᠷᠢ ᠳᠤ ᠭᠠᠷᠬᠤ ᠠᠴᠠ ᠡᠮᠦᠨᠡᠬᠢ ᠪᠣᠯᠪᠠᠰᠤᠷᠠᠭᠤᠯᠤᠯ ᠪᠠ ᠠᠵᠢᠯ ᠤᠨ ᠪᠠᠶᠢᠷᠢ ᠶᠢᠨ ᠪᠣᠯᠪᠠᠰᠤᠷᠠᠭᠤᠯᠤᠯ ᠢ ᠴᠢᠩᠭᠠᠳᠬᠠᠵᠤ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯᠲᠠᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠬᠡᠷᠡᠭᠲᠡᠢ᠃ ᠬᠡᠷᠡᠭ ᠤᠨ ᠡᠪᠬᠡᠮᠡᠯ ᠢ ᠦᠨᠡᠯᠡᠨ ᠪᠠᠶᠢᠴᠠᠭᠠᠬᠤ ᠬᠡᠯᠪᠡᠷᠢ ᠪᠠᠷ ᠬᠠᠤᠯᠢ ᠬᠡᠷᠡᠭᠵᠢᠭᠦᠯᠬᠦ ᠠᠵᠢᠯᠲᠠᠨ ᠳᠤ ᠬᠢᠨᠠᠨ ᠰᠢᠯᠭᠠᠵᠤ ᠦᠨᠡᠯᠡᠯᠲᠡ ᠬᠢᠵᠦ᠂ ᠪᠥᠬᠦ ᠲᠠᠯ᠎ᠠ ᠶᠢᠨ ᠬᠠᠤᠯᠢ ᠶᠣᠰᠣᠭᠠᠷ ᠵᠠᠰᠠᠭ ᠶᠠᠪᠤᠭᠤᠯᠬᠤ ᠠᠵᠢᠯ ᠤᠨ ᠬᠢᠷᠢ ᠬᠡᠮᠵᠢᠶ᠎ᠡ ᠶᠢ ᠳᠡᠭᠡᠭᠰᠢᠯᠡᠭᠦᠯᠬᠦ ᠶᠢ ᠠᠬᠢᠭᠤᠯᠤᠨ᠎ᠠ᠃      2023 ᠣᠨ ᠳᠤ᠂ ᠮᠠᠨ ᠤ ᠲᠣᠪᠴᠢᠶ᠎ᠠ ᠶᠢᠨ ᠬᠠᠤᠯᠢ ᠪᠠᠷ ᠵᠠᠰᠠᠬᠤ ᠪᠠᠶᠢᠭᠤᠯᠤᠯᠲᠠ ᠶᠢᠨ ᠠᠵᠢᠯ ᠬᠡᠳᠦᠶᠢᠪᠡᠷ ᠵᠣᠬᠢᠬᠤ ᠠᠮᠵᠢᠯᠲᠠ ᠣᠯᠣᠭᠰᠠᠨ ᠪᠣᠯᠪᠠᠴᠤ᠂ ᠬᠠᠤᠯᠢ ᠪᠠᠷ ᠵᠠᠰᠠᠬᠤ ᠪᠠᠶᠢᠭᠤᠯᠤᠯᠲᠠ ᠶᠢᠨ ᠡᠭᠦᠷᠭᠡ ᠬᠦᠨᠳᠦ ᠵᠠᠮ ᠬᠤᠯᠠ ᠪᠠᠶᠢᠨ᠎ᠠ᠂ ᠮᠠᠨ ᠤ ᠲᠣᠪᠴᠢᠶ᠎ᠠ ᠲᠣᠭᠤᠷᠢᠭ ᠤᠨ ᠨᠠᠮ ᠤᠨ ᠬᠤᠷᠢᠶ᠎ᠠ᠂ ᠲᠣᠭᠤᠷᠢᠭ ᠤᠨ ᠵᠠᠰᠠᠭ ᠤᠨ ᠣᠷᠳᠣᠨ ᠤ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠠᠵᠢᠯ ᠳᠠᠬᠢ ᠤᠳᠤᠷᠢᠳᠤᠯᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠦᠷᠭᠦᠯᠵᠢᠯᠡᠨ ᠪᠠᠷᠢᠮᠲᠠᠯᠠᠵᠤ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠡᠭᠦᠷᠭᠡ ᠴᠢᠳᠠᠪᠤᠷᠢ ᠪᠠᠨ ᠪᠥᠬᠦ ᠲᠠᠯ᠎ᠠ ᠪᠠᠷ ᠭᠦᠢᠴᠡᠳᠬᠡᠵᠦ᠂ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢ ᠠᠬᠢᠭᠤᠯᠬᠤ ᠶᠢᠨ ᠲᠥᠯᠥᠭᠡ ᠴᠥᠬᠦᠷᠡᠰᠢ ᠦᠭᠡᠢ ᠴᠢᠷᠮᠠᠶᠢᠨ᠎ᠠ ᠭᠡᠳᠡᠭ ᠢ ᠪᠢᠳᠡ ᠰᠡᠷᠭᠡᠭ ᠢᠶᠠᠷ ᠲᠠᠨᠢᠵᠤ ᠣᠯᠪᠠ᠃                               ᠬᠤᠲᠣᠩ ᠠᠷᠠᠳ ᠤᠨ ᠲᠣᠭᠤᠷᠢᠭ ᠤᠨ                        ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ                              2024 ᠣᠨ ᠤ 2 ᠰᠠᠷ᠎ᠠ ᠶᠢᠨ 28 ᠤ ᠡᠳᠦᠷ      ᠢᠷᠡᠯᠲᠡ᠄ ᠬᠤᠲᠣᠩ ᠠᠷᠠᠳ ᠤᠨ ᠲᠣᠭᠤᠷᠢᠭ ᠤᠨ ᠵᠠᠰᠠᠭ ᠤᠨ ᠣᠷᠳᠣᠨ ᠤ ᠠᠯᠪᠠᠨ ᠰᠦᠯᠵᠢᠶ᠎ᠡ
 
ᠢᠷᠡᠯᠲᠡ᠄ ᠬᠤᠲᠤᠩ ᠠᠷᠠᠳ ᠤᠨ ᠲᠣᠭᠤᠷᠢᠭ ᠤᠨ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000611号-1号