ᠬᠥᠬᠡᠬᠤᠲᠠ ᠶᠢᠨ ᠬᠤᠲᠣᠩ ᠠᠷᠠᠳ ᠤᠨ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠬᠢᠷᠢ ᠲᠡᠩᠴᠡᠬᠦ ᠦᠭᠡᠢ ᠢᠳᠡᠭᠡᠨ ᠢ ᠬᠠᠷᠭᠤᠭᠤᠯᠤᠨ ᠪᠠᠶᠢᠴᠠᠭᠠᠵᠤ ᠰᠢᠢᠳᠪᠦᠷᠢᠯᠡᠭᠰᠡᠨ ᠪᠠᠶᠢᠳᠠᠯ ᠤᠨ ᠲᠤᠬᠠᠢ ᠵᠠᠷᠯᠠᠯ
ᠨᠡᠶᠢᠲᠡᠯᠡᠭᠰᠡᠨ ᠴᠠᠭ᠄
2024/3/1
      ᠮᠠᠨ ᠤ ᠲᠣᠪᠴᠢᠶ᠎ᠠ ᠤᠯᠤᠰ ᠤᠨ ᠢᠳᠡᠭᠡᠨ ᠤ ᠠᠮᠤᠷ ᠲᠦᠪᠰᠢᠨ ᠤ ᠥᠯᠢᠭᠡᠷ ᠠᠪᠴᠤ ᠬᠢᠨᠠᠨ ᠬᠡᠮᠵᠢᠬᠦ ᠰᠢᠰᠲ᠋ᠧᠮ ᠠᠴᠠ ᠥᠪᠥᠷ ᠮᠣᠩᠭᠤᠯ ᠤᠨ ᠪᠢ ᠨᠦᠥᠸ᠋ ᠪᠠᠶᠢᠴᠠᠭᠠᠨ ᠬᠡᠮᠵᠢᠬᠦ ᠮᠡᠷᠭᠡᠵᠢᠯ ᠤᠨ ᠦᠢᠯᠡᠴᠢᠯᠡᠭᠡᠨ ᠤ ᠬᠢᠵᠠᠭᠠᠷᠲᠤ ᠺᠣᠮᠫᠠᠨᠢ ᠶᠢᠨ ᠭᠠᠷᠭᠠᠭᠰᠠᠨ 3 ᠬᠤᠪᠢ ᠬᠢᠷᠢ ᠲᠡᠩᠴᠡᠬᠦ ᠦᠭᠡᠢ ᠢᠳᠡᠭᠡᠨ ᠢ ᠰᠢᠯᠭᠠᠨ ᠪᠠᠶᠢᠴᠠᠭᠠᠭᠰᠠᠨ ᠮᠡᠳᠡᠭᠦᠯᠦᠯᠲᠡ ᠶᠢ ᠠᠪᠴᠤ᠂ ᠣᠲᠣ ᠬᠢᠷᠢ ᠲᠡᠩᠴᠡᠬᠦ ᠦᠭᠡᠢ ᠢᠳᠡᠭᠡᠨ ᠢ ᠬᠠᠷᠭᠤᠭᠤᠯᠤᠨ ᠪᠠᠶᠢᠴᠠᠭᠠᠵᠤ ᠰᠢᠢᠳᠪᠦᠷᠢᠯᠡᠭᠰᠡᠨ ᠪᠠᠶᠢᠳᠠᠯ ᠢ ᠳᠣᠣᠷᠠᠬᠢ ᠮᠡᠲᠦ ᠵᠠᠷᠯᠠᠶ᠎ᠠ᠄      ᠨᠢᠭᠡ᠂ ᠬᠥᠬᠡᠬᠤᠲᠠ ᠶᠢᠨ ᠬᠤᠲᠣᠩ ᠠᠷᠠᠳ ᠤᠨ ᠲᠣᠭᠤᠷᠢᠭ ᠤᠨ ᠭᠤᠸᠠᠩ ᠮᠢᠩ ᠵᠠᠮ ᠤᠨ ᠪᠠ ᠶᠢᠨ ᠲᠢ ᠢᠦᠢ ᠽᠢ ᠬᠤᠭᠤᠯᠠᠨ ᠭᠡᠷ      ︵ᠨᠢᠭᠡ︶ ᠦᠨᠳᠦᠰᠦᠨ ᠪᠠᠶᠢᠳᠠᠯ ᠢ ᠰᠤᠭᠤᠴᠢᠨ ᠪᠠᠶᠢᠴᠠᠭᠠᠬᠤ      ᠦᠯᠢᠭᠡᠷ ᠡᠳ᠋ ᠤᠨ ᠨᠡᠷᠡᠶᠢᠳᠦᠯ᠄ ᠴᠣᠮᠣ᠂ ᠬᠤᠭᠤᠯᠠᠨ ᠫᠢᠯᠠ︔ ᠦᠯᠢᠭᠡᠷ ᠠᠪᠤᠭᠰᠠᠨ ᠡᠳᠦᠷ ᠬᠤᠭᠤᠴᠠᠭ᠎ᠠ᠄ 2023-11-24︔ ᠦᠯᠢᠭᠡᠷ ᠠᠪᠬᠤ ᠰᠠᠭᠤᠷᠢ ᠲᠤᠭ᠎ᠠ᠄/︔ ᠰᠢᠯᠭᠠᠨ ᠪᠠᠶᠢᠴᠠᠭᠠᠭᠠᠳ ᠬᠢᠷᠢ ᠲᠡᠩᠴᠡᠭᠰᠡᠨ ᠦᠭᠡᠢ ᠲᠥᠷᠥᠯ ᠵᠦᠢᠯ᠄ ᠪᠦᠳᠦᠭᠦᠨ ᠭᠡᠳᠡᠰᠦᠨ ᠤ ᠪᠠᠺᠲ᠋ᠧᠷᠢ ᠶᠢᠨ ᠪᠥᠭᠡᠮᠨᠡᠷᠡᠯ ᠤᠨ ᠲᠥᠷᠥᠯ ᠵᠦᠢᠯ ᠨᠢ GB 14934 ︱ 2016 ᠣᠨ ᠤ ︽ᠢᠳᠡᠭᠡᠨ ᠤ ᠠᠮᠤᠷ ᠲᠦᠪᠰᠢᠨ ᠤ ᠤᠯᠤᠰ ᠤᠨ ᠪᠠᠷᠢᠮᠵᠢᠶ᠎ᠠ ᠶᠢᠨ ᠠᠷᠢᠭᠤᠳᠬᠠᠬᠤ ᠬᠤᠭᠤᠯᠠ ︵ᠤᠮᠳᠠᠭᠠᠨ︶ ᠬᠡᠷᠡᠭᠰᠡᠯ︾ ᠤᠨ ᠱᠠᠭᠠᠷᠳᠠᠯᠭ᠎ᠠ ᠳᠤ ᠨᠡᠶᠢᠴᠡᠬᠦ ᠦᠭᠡᠢ︔ ᠰᠢᠯᠭᠠᠨ ᠪᠠᠶᠢᠴᠠᠭᠠᠬᠤ ᠪᠠᠶᠢᠭᠤᠯᠤᠮᠵᠢ᠄ ᠥᠪᠥᠷ ᠮᠣᠩᠭᠤᠯ ᠤᠨ ᠪᠢ ᠨᠦᠥᠸ᠋ ᠪᠠᠶᠢᠴᠠᠭᠠᠨ ᠰᠢᠯᠭᠠᠬᠤ ᠮᠡᠷᠭᠡᠵᠢᠯ ᠤᠨ ᠦᠢᠯᠡᠴᠢᠯᠡᠭᠡᠨ ᠤ ᠬᠢᠵᠠᠭᠠᠷᠲᠤ ᠺᠣᠮᠫᠠᠨᠢ᠃      ︵ᠬᠤᠶᠠᠷ︶ ᠬᠢᠷᠢ ᠲᠡᠩᠴᠡᠬᠦ ᠦᠭᠡᠢ ᠢᠳᠡᠭᠡᠨ ᠢ ᠰᠢᠢᠳᠪᠦᠷᠢᠯᠡᠭᠰᠡᠨ ᠪᠠᠶᠢᠳᠠᠯ      ᠬᠥᠬᠡᠬᠤᠲᠠ ᠶᠢᠨ ᠬᠤᠲᠣᠩ ᠠᠷᠠᠳ ᠤᠨ ᠲᠣᠭᠤᠷᠢᠭ ᠤᠨ ᠭᠤᠸᠠᠩ ᠮᠢᠩ ᠵᠠᠮ ᠤᠨ ᠪᠠ ᠶᠢᠨ ᠲᠢ ᠢᠦᠢ ᠽᠢ ᠬᠤᠭᠤᠯᠠᠨ ᠭᠡᠷ ᠢᠳᠡᠭᠡᠨ ᠤ ᠠᠮᠤᠷ ᠲᠦᠪᠰᠢᠨ ᠤ ᠤᠯᠤᠰ ᠤᠨ ᠪᠠᠷᠢᠮᠵᠢᠶ᠎ᠠ ᠳᠤ ᠨᠡᠶᠢᠴᠡᠬᠦ ᠦᠭᠡᠢ ᠬᠤᠭᠤᠯᠠᠨ ᠫᠢᠯᠠ ᠶᠢ ᠦᠢᠯᠡᠳᠪᠦᠷᠢᠯᠡᠨ ᠡᠵᠡᠩᠨᠡᠵᠦ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠢᠳᠡᠭᠡᠨ ᠤ ᠠᠮᠤᠷ ᠲᠦᠪᠰᠢᠨ ᠤ ᠬᠠᠤᠯᠢ︾ ᠶᠢᠨ ᠭᠤᠴᠢᠨ ᠭᠤᠷᠪᠠᠳᠤᠭᠠᠷ ᠵᠦᠢᠯ ᠤᠨ ᠲᠠᠪᠤᠳᠤᠭᠠᠷ ᠵᠤᠷᠪᠤᠰ ᠤᠨ ᠲᠣᠭᠲᠠᠭᠠᠯ ᠢ ᠵᠥᠷᠢᠴᠡᠵᠦ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠢᠳᠡᠭᠡᠨ ᠤ ᠠᠮᠤᠷ ᠲᠦᠪᠰᠢᠨ ᠤ ᠬᠠᠤᠯᠢ︾ ᠶᠢᠨ ᠵᠠᠭᠤ ᠬᠤᠷᠢᠨ ᠵᠢᠷᠭᠤᠳᠤᠭᠠᠷ ᠵᠦᠢᠯ ᠤᠨ ᠲᠣᠭᠲᠠᠭᠠᠯ ᠢ ᠦᠨᠳᠦᠰᠦᠯᠡᠨ᠂ ᠵᠠᠰᠠᠭ ᠵᠠᠬᠢᠷᠭᠠᠨ ᠤ ᠰᠢᠳᠬᠡᠯ ᠥᠭᠪᠡ᠃      ︵ᠭᠤᠷᠪᠠ︶ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠵᠢᠴᠢ ᠳᠠᠬᠢᠨ ᠪᠠᠶᠢᠴᠠᠭᠠᠭᠰᠠᠨ ᠪᠠᠶᠢᠳᠠᠯ      ᠬᠥᠬᠡᠬᠤᠲᠠ ᠶᠢᠨ ᠬᠤᠲᠣᠩ ᠠᠷᠠᠳ ᠤᠨ ᠲᠣᠭᠤᠷᠢᠭ ᠤᠨ ᠭᠤᠸᠠᠩ ᠮᠢᠩ ᠵᠠᠮ ᠤᠨ ᠪᠠ ᠶᠢᠨ ᠲᠢ ᠢᠦᠢ ᠽᠢ ᠬᠤᠭᠤᠯᠠᠨ ᠭᠡᠷ ᠠᠴᠠ ᠨᠢᠭᠡᠨᠲᠡ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠲᠤ ᠴᠡᠭᠴᠡᠯᠡᠨ ᠰᠠᠶᠢᠵᠢᠷᠠᠭᠤᠯᠤᠭᠰᠠᠨ ᠮᠡᠳᠡᠭᠦᠯᠦᠯᠲᠡ ᠪᠠᠨ ᠲᠤᠰᠢᠶᠠᠵᠤ᠂ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ ᠲᠡᠭᠦᠨ ᠤ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠢ ᠳᠠᠬᠢᠨ ᠪᠠᠶᠢᠴᠠᠭᠠᠵᠤ ᠰᠢᠯᠭᠠᠨ ᠠᠪᠤᠭᠰᠠᠨ ᠪᠠᠶᠢᠨ᠎ᠠ᠃      ᠬᠤᠶᠠᠷ᠂ ᠬᠥᠬᠡᠬᠤᠲᠠ ᠶᠢᠨ ᠬᠤᠲᠣᠩ ᠠᠷᠠᠳ ᠤᠨ ᠲᠣᠭᠤᠷᠢᠭ ᠤᠨ ᠴᠠᠩ ᠵᠢᠢ ᠶᠢᠨ ᠮᠣᠣ ᠶᠤᠸᠠᠨ ᠭᠠᠭ᠋ᠠᠢ ᠶᠢᠨ ᠰᠢᠭᠢᠷ᠎ᠡ ᠶᠢᠨ ᠣᠷᠳᠣᠨ      ︵ᠨᠢᠭᠡ︶ ᠦᠨᠳᠦᠰᠦᠨ ᠪᠠᠶᠢᠳᠠᠯ ᠢ ᠰᠤᠭᠤᠴᠢᠨ ᠪᠠᠶᠢᠴᠠᠭᠠᠬᠤ      ᠦᠯᠢᠭᠡᠷ ᠡᠳ᠋ ᠤᠨ ᠨᠡᠷᠡᠶᠢᠳᠦᠯ᠄ ᠫᠢᠯᠠ︔ ᠦᠯᠢᠭᠡᠷ ᠠᠪᠤᠭᠰᠠᠨ ᠡᠳᠦᠷ ᠬᠤᠭᠤᠴᠠᠭ᠎ᠠ᠄ 2023-11-24︔ ᠦᠯᠢᠭᠡᠷ ᠠᠪᠬᠤ ᠰᠠᠭᠤᠷᠢ ᠲᠤᠭ᠎ᠠ᠄/︔ ᠰᠢᠯᠭᠠᠨ ᠪᠠᠶᠢᠴᠠᠭᠠᠭᠠᠳ ᠬᠢᠷᠢ ᠲᠡᠩᠴᠡᠭᠰᠡᠨ ᠦᠭᠡᠢ ᠲᠥᠷᠥᠯ ᠵᠦᠢᠯ᠄ ᠪᠦᠳᠦᠭᠦᠨ ᠭᠡᠳᠡᠰᠦᠨ ᠤ ᠪᠠᠺᠲ᠋ᠧᠷᠢ ᠶᠢᠨ ᠪᠥᠭᠡᠮᠨᠡᠷᠡᠯ ᠤᠨ ᠲᠥᠷᠥᠯ ᠵᠦᠢᠯ ᠨᠢ GB 14934 ︱ 2016 ᠣᠨ ᠤ ︽ᠢᠳᠡᠭᠡᠨ ᠤ ᠠᠮᠤᠷ ᠲᠦᠪᠰᠢᠨ ᠤ ᠤᠯᠤᠰ ᠤᠨ ᠪᠠᠷᠢᠮᠵᠢᠶ᠎ᠠ ᠶᠢᠨ ᠠᠷᠢᠭᠤᠳᠬᠠᠬᠤ ᠬᠤᠭᠤᠯᠠ ︵ᠤᠮᠳᠠᠭᠠᠨ︶ ᠬᠡᠷᠡᠭᠰᠡᠯ︾ ᠤᠨ ᠱᠠᠭᠠᠷᠳᠠᠯᠭ᠎ᠠ ᠳᠤ ᠨᠡᠶᠢᠴᠡᠬᠦ ᠦᠭᠡᠢ︔ ᠰᠢᠯᠭᠠᠨ ᠪᠠᠶᠢᠴᠠᠭᠠᠬᠤ ᠪᠠᠶᠢᠭᠤᠯᠤᠮᠵᠢ᠄ ᠥᠪᠥᠷ ᠮᠣᠩᠭᠤᠯ ᠤᠨ ᠪᠢ ᠨᠦᠥᠸ᠋ ᠪᠠᠶᠢᠴᠠᠭᠠᠨ ᠰᠢᠯᠭᠠᠬᠤ ᠮᠡᠷᠭᠡᠵᠢᠯ ᠤᠨ ᠦᠢᠯᠡᠴᠢᠯᠡᠭᠡᠨ ᠤ ᠬᠢᠵᠠᠭᠠᠷᠲᠤ ᠺᠣᠮᠫᠠᠨᠢ᠃      ︵ᠬᠤᠶᠠᠷ︶ ᠬᠢᠷᠢ ᠲᠡᠩᠴᠡᠬᠦ ᠦᠭᠡᠢ ᠢᠳᠡᠭᠡᠨ ᠢ ᠰᠢᠢᠳᠪᠦᠷᠢᠯᠡᠭᠰᠡᠨ ᠪᠠᠶᠢᠳᠠᠯ      ᠬᠥᠬᠡᠬᠤᠲᠠ ᠶᠢᠨ ᠬᠤᠲᠣᠩ ᠠᠷᠠᠳ ᠤᠨ ᠲᠣᠭᠤᠷᠢᠭ ᠤᠨ ᠴᠠᠩ ᠵᠢᠢ ᠶᠢᠨ ᠮᠣᠣ ᠶᠤᠸᠠᠨ ᠭᠠᠭ᠋ᠠᠢ ᠶᠢᠨ ᠰᠢᠭᠢᠷ᠎ᠡ ᠶᠢᠨ ᠣᠷᠳᠣᠨ ᠳᠤ ᠢᠳᠡᠭᠡᠨ ᠤ ᠠᠮᠤᠷ ᠲᠦᠪᠰᠢᠨ ᠤ ᠤᠯᠤᠰ ᠤᠨ ᠪᠠᠷᠢᠮᠵᠢᠶ᠎ᠠ ᠳᠤ ᠨᠡᠶᠢᠴᠡᠬᠦ ᠦᠭᠡᠢ ᠬᠤᠭᠤᠯᠠᠨ ᠤ ᠠᠶᠠᠭ᠎ᠠ ᠶᠢ ᠦᠢᠯᠡᠳᠪᠦᠷᠢᠯᠡᠨ ᠡᠵᠡᠩᠨᠡᠵᠦ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠢᠳᠡᠭᠡᠨ ᠤ ᠠᠮᠤᠷ ᠲᠦᠪᠰᠢᠨ ᠤ ᠬᠠᠤᠯᠢ︾ ᠶᠢᠨ ᠭᠤᠴᠢᠨ ᠭᠤᠷᠪᠠᠳᠤᠭᠠᠷ ᠵᠦᠢᠯ ᠤᠨ ᠲᠠᠪᠤᠳᠤᠭᠠᠷ ᠵᠤᠷᠪᠤᠰ ᠤᠨ ᠲᠣᠭᠲᠠᠭᠠᠯ ᠢ ᠵᠥᠷᠢᠴᠡᠵᠦ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠢᠳᠡᠭᠡᠨ ᠤ ᠠᠮᠤᠷ ᠲᠦᠪᠰᠢᠨ ᠤ ᠬᠠᠤᠯᠢ︾ ᠶᠢᠨ ᠵᠠᠭᠤ ᠬᠤᠷᠢᠨ ᠵᠢᠷᠭᠤᠳᠤᠭᠠᠷ ᠵᠦᠢᠯ ᠤᠨ ᠲᠣᠭᠲᠠᠭᠠᠯ ᠢ ᠦᠨᠳᠦᠰᠦᠯᠡᠨ᠂ ᠵᠠᠰᠠᠭ ᠵᠠᠬᠢᠷᠭᠠᠨ ᠤ ᠰᠢᠳᠬᠡᠯ ᠥᠭᠪᠡ᠃      ︵ᠭᠤᠷᠪᠠ︶ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠵᠢᠴᠢ ᠳᠠᠬᠢᠨ ᠪᠠᠶᠢᠴᠠᠭᠠᠭᠰᠠᠨ ᠪᠠᠶᠢᠳᠠᠯ      ᠬᠥᠬᠡᠬᠤᠲᠠ ᠶᠢᠨ ᠬᠤᠲᠣᠩ ᠠᠷᠠᠳ ᠤᠨ ᠲᠣᠭᠤᠷᠢᠭ ᠤᠨ ᠴᠠᠩ ᠵᠢᠢ ᠶᠢᠨ ᠮᠣᠣ ᠶᠤᠸᠠᠨ ᠭᠠᠭ᠋ᠠᠢ ᠶᠢᠨ ᠰᠢᠭᠢᠷ᠎ᠡ ᠶᠢᠨ ᠣᠷᠳᠣᠨ ᠨᠢᠭᠡᠨᠲᠡ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠲᠤ ᠴᠡᠭᠴᠡᠯᠡᠨ ᠰᠠᠶᠢᠵᠢᠷᠠᠭᠤᠯᠤᠭᠰᠠᠨ ᠮᠡᠳᠡᠭᠦᠯᠦᠯᠲᠡ ᠪᠠᠨ ᠲᠤᠰᠢᠶᠠᠵᠤ᠂ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ ᠲᠡᠭᠦᠨ ᠤ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠢ ᠳᠠᠬᠢᠨ ᠪᠠᠶᠢᠴᠠᠭᠠᠵᠤ ᠰᠢᠯᠭᠠᠨ ᠠᠪᠤᠭᠰᠠᠨ ᠪᠠᠶᠢᠨ᠎ᠠ᠃      ᠭᠤᠷᠪᠠ᠂ ᠬᠤᠲᠣᠩ ᠠᠷᠠᠳ ᠤᠨ ᠲᠣᠭᠤᠷᠢᠭ ᠤᠨ ᠤᠲᠤᠮᠠᠯ ᠠᠷᠢᠬᠢᠨ ᠤ ᠮᠤᠬᠤᠯᠠᠭ      ︵ᠨᠢᠭᠡ︶ ᠦᠨᠳᠦᠰᠦᠨ ᠪᠠᠶᠢᠳᠠᠯ ᠢ ᠰᠤᠭᠤᠴᠢᠨ ᠪᠠᠶᠢᠴᠠᠭᠠᠬᠤ      ᠦᠯᠢᠭᠡᠷ ᠡᠳ᠋ ᠤᠨ ᠨᠡᠷᠡᠶᠢᠳᠦᠯ᠄ ᠲᠠᠪᠠᠭ᠂ ᠠᠶᠠᠭ᠎ᠠ︔ ᠦᠯᠢᠭᠡᠷ ᠠᠪᠤᠭᠰᠠᠨ ᠡᠳᠦᠷ ᠬᠤᠭᠤᠴᠠᠭ᠎ᠠ᠄ 2023-11-24︔ ᠦᠯᠢᠭᠡᠷ ᠠᠪᠬᠤ ᠰᠠᠭᠤᠷᠢ ᠲᠤᠭ᠎ᠠ᠄/︔ ᠰᠢᠯᠭᠠᠨ ᠪᠠᠶᠢᠴᠠᠭᠠᠭᠠᠳ ᠬᠢᠷᠢ ᠲᠡᠩᠴᠡᠭᠰᠡᠨ ᠦᠭᠡᠢ ᠲᠥᠷᠥᠯ ᠵᠦᠢᠯ᠄ ᠪᠦᠳᠦᠭᠦᠨ ᠭᠡᠳᠡᠰᠦᠨ ᠤ ᠪᠠᠺᠲ᠋ᠧᠷᠢ ᠶᠢᠨ ᠪᠥᠭᠡᠮᠨᠡᠷᠡᠯ ᠤᠨ ᠲᠥᠷᠥᠯ ᠵᠦᠢᠯ ᠨᠢ GB 14934 ︱ 2016 ᠣᠨ ᠤ ︽ᠢᠳᠡᠭᠡᠨ ᠤ ᠠᠮᠤᠷ ᠲᠦᠪᠰᠢᠨ ᠤ ᠤᠯᠤᠰ ᠤᠨ ᠪᠠᠷᠢᠮᠵᠢᠶ᠎ᠠ ᠶᠢᠨ ᠠᠷᠢᠭᠤᠳᠬᠠᠬᠤ ᠬᠤᠭᠤᠯᠠ ︵ᠤᠮᠳᠠᠭᠠᠨ︶ ᠬᠡᠷᠡᠭᠰᠡᠯ︾ ᠤᠨ ᠱᠠᠭᠠᠷᠳᠠᠯᠭ᠎ᠠ ᠳᠤ ᠨᠡᠶᠢᠴᠡᠬᠦ ᠦᠭᠡᠢ︔ ᠰᠢᠯᠭᠠᠨ ᠪᠠᠶᠢᠴᠠᠭᠠᠬᠤ ᠪᠠᠶᠢᠭᠤᠯᠤᠮᠵᠢ᠄ ᠥᠪᠥᠷ ᠮᠣᠩᠭᠤᠯ ᠤᠨ ᠪᠢ ᠨᠦᠥᠸ᠋ ᠪᠠᠶᠢᠴᠠᠭᠠᠨ ᠰᠢᠯᠭᠠᠬᠤ ᠮᠡᠷᠭᠡᠵᠢᠯ ᠤᠨ ᠦᠢᠯᠡᠴᠢᠯᠡᠭᠡᠨ ᠤ ᠬᠢᠵᠠᠭᠠᠷᠲᠤ ᠺᠣᠮᠫᠠᠨᠢ᠃      ︵ᠬᠤᠶᠠᠷ︶ ᠬᠢᠷᠢ ᠲᠡᠩᠴᠡᠬᠦ ᠦᠭᠡᠢ ᠢᠳᠡᠭᠡᠨ ᠢ ᠰᠢᠢᠳᠪᠦᠷᠢᠯᠡᠭᠰᠡᠨ ᠪᠠᠶᠢᠳᠠᠯ      ᠬᠤᠲᠣᠩ ᠠᠷᠠᠳ ᠤᠨ ᠲᠣᠭᠤᠷᠢᠭ ᠤᠨ ᠤᠲᠤᠮᠠᠯ ᠠᠷᠢᠬᠢᠨ ᠮᠤᠬᠤᠯᠠᠭ ᠢᠳᠡᠭᠡᠨ ᠤ ᠠᠶᠤᠯᠭᠦᠢ ᠶᠢᠨ ᠤᠯᠤᠰ ᠤᠨ ᠪᠠᠷᠢᠮᠵᠢᠶ᠎ᠠ ᠳᠤ ᠨᠡᠶᠢᠴᠡᠬᠦ ᠦᠭᠡᠢ ᠬᠤᠭᠤᠯᠠᠨ ᠠᠶᠠᠭ᠎ᠠ ᠶᠢ ᠦᠢᠯᠡᠳᠪᠦᠷᠢᠯᠡᠵᠦ ᠡᠵᠡᠩᠨᠡᠭᠡᠳ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠢᠳᠡᠭᠡᠨ ᠤ ᠠᠶᠤᠯᠭᠦᠢ ᠶᠢᠨ ᠬᠠᠤᠯᠢ︾ ᠶᠢᠨ ᠭᠤᠴᠢᠨ ᠭᠤᠷᠪᠠᠳᠤᠭᠠᠷ ᠵᠦᠢᠯ ᠤᠨ ᠲᠠᠪᠤᠳᠤᠭᠠᠷ ᠵᠤᠷᠪᠤᠰ ᠤᠨ ᠲᠣᠭᠲᠠᠭᠠᠯ ᠢ ᠵᠥᠷᠢᠴᠡᠵᠦ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠢᠳᠡᠭᠡᠨ ᠤ ᠠᠶᠤᠯᠭᠦᠢ ᠶᠢᠨ ᠬᠠᠤᠯᠢ︾ ᠶᠢᠨ ᠵᠠᠭᠤ ᠬᠤᠷᠢᠨ ᠵᠢᠷᠭᠤᠳᠤᠭᠠᠷ ᠵᠦᠢᠯ ᠤᠨ ᠲᠣᠭᠲᠠᠭᠠᠯ ᠢ ᠦᠨᠳᠦᠰᠦᠯᠡᠨ᠂ ᠵᠠᠰᠠᠭ ᠵᠠᠬᠢᠷᠭᠠᠨ ᠤ ᠰᠢᠳᠬᠡᠯ ᠥᠭᠴᠡᠢ᠃      ︵ᠭᠤᠷᠪᠠ︶ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠵᠢᠴᠢ ᠳᠠᠬᠢᠨ ᠪᠠᠶᠢᠴᠠᠭᠠᠭᠰᠠᠨ ᠪᠠᠶᠢᠳᠠᠯ      ᠬᠤᠲᠣᠩ ᠠᠷᠠᠳ ᠤᠨ ᠲᠣᠭᠤᠷᠢᠭ ᠤᠨ ᠤᠲᠤᠮᠠᠯ ᠠᠷᠢᠬᠢᠨ ᠮᠤᠬᠤᠯᠠᠭ ᠠᠴᠠ ᠵᠠᠬ᠎ᠠ ᠳᠡᠯᠭᠡᠭᠦᠷ ᠤᠨ ᠬᠢᠨᠠᠨ ᠬᠠᠮᠢᠶᠠᠷᠤᠯᠲᠠ ᠶᠢᠨ ᠰᠠᠯᠠᠭ᠎ᠠ ᠮᠥᠴᠢᠷ ᠲᠤ ᠴᠡᠭᠴᠡᠯᠡᠨ ᠰᠠᠶᠢᠵᠢᠷᠠᠭᠤᠯᠤᠭᠰᠠᠨ ᠮᠡᠳᠡᠭᠦᠯᠦᠯᠲᠡ ᠪᠠᠨ ᠳᠡᠪᠰᠢᠭᠦᠯᠵᠦ᠂ ᠬᠢᠨᠠᠨ ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ ᠲᠡᠭᠦᠨ ᠤ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠢ ᠳᠠᠪᠲᠠᠨ ᠪᠠᠶᠢᠴᠠᠭᠠᠵᠤ ᠰᠢᠯᠭᠠᠨ ᠠᠪᠴᠠᠢ᠃      ᠡᠭᠦᠨ ᠤ ᠲᠤᠯᠠ ᠣᠨᠴᠠᠭᠠᠶᠢᠯᠠᠨ ᠵᠠᠷᠯᠠᠪᠠ᠃                              ᠬᠥᠬᠡᠬᠤᠲᠠ ᠶᠢᠨ ᠬᠤᠲᠣᠩ ᠠᠷᠠᠳ ᠤᠨ ᠲᠣᠭᠤᠷᠢᠭ ᠤᠨ                        ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ                              2024ᠣᠨ ᠤ 2 ᠰᠠᠷ᠎ᠠ ᠶᠢᠨ 29 ᠤ ᠡᠳᠦᠷ      ᠢᠷᠡᠯᠲᠡ᠄ ᠬᠤᠲᠣᠩ ᠠᠷᠠᠳ ᠤᠨ ᠲᠣᠭᠤᠷᠢᠭ ᠤᠨ ᠵᠠᠰᠠᠭ ᠤᠨ ᠣᠷᠳᠣᠨ ᠤ ᠠᠯᠪᠠᠨ ᠰᠦᠯᠵᠢᠶ᠎ᠡ
 
ᠢᠷᠡᠯᠲᠡ᠄ ᠬᠤᠲᠤᠩ ᠠᠷᠠᠳ ᠤᠨ ᠲᠣᠭᠤᠷᠢᠭ ᠤᠨ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000611号-1号