ᠬᠤᠲᠣᠩ ᠠᠷᠠᠳ ᠤᠨ ᠲᠣᠭᠤᠷᠢᠭ ︽3·8︾ ᠤ ᠳᠡᠯᠡᠬᠡᠢ ᠶᠢᠨ ᠡᠮᠡᠭᠲᠡᠶᠢᠴᠦᠳ ᠤᠨ ᠪᠠᠶᠠᠷ ᠤᠨ 114 ᠵᠢᠯ ᠤᠨ ᠤᠢ ᠶᠢ ᠳᠤᠷᠠᠰᠬᠠᠬᠤ ᠵᠢᠴᠢ ᠲᠤᠭᠤᠷᠢᠭ ᠤᠨ ᠡᠮᠡᠭᠲᠡᠶᠢᠴᠦᠳ ᠤᠨ ᠬᠤᠯᠪᠣᠭ᠎ᠠ ᠶᠢᠨ ᠵᠢᠷᠭᠤᠳᠤᠭᠠᠷ ᠬᠤᠭᠤᠴᠠᠭᠠᠨ ᠤ ᠳᠣᠯᠣᠳᠤᠭᠠᠷ ᠤᠳᠠᠭ᠎ᠠ ᠶᠢᠨ ᠭᠦᠢᠴᠡᠳᠬᠡᠬᠦ ᠭᠡᠰᠢᠭᠦᠨ ︵ᠥᠷᠭᠡᠳᠬᠡᠭᠰᠡᠨ︶ ᠤ ᠬᠤᠷᠠᠯ ᠢ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/3/11
      ᠰᠢᠨ᠎ᠡ ᠴᠠᠭ ᠦᠶ᠎ᠡ ᠶᠢᠨ ᠡᠮᠡᠭᠲᠡᠶᠢᠴᠦᠳ ᠤᠨ ᠠᠵᠢᠯ ᠤᠨ ᠰᠢᠨ᠎ᠡ ᠱᠠᠭᠠᠷᠳᠠᠯᠭ᠎ᠠ ᠶᠢ ᠭᠦᠨᠵᠡᠭᠡᠢ ᠡᠵᠡᠮᠳᠡᠵᠦ᠂ ᠥᠷᠭᠡᠨ ᠤᠯᠠᠨ ᠡᠮᠡᠭᠲᠡᠶᠢᠴᠦᠳ ᠤᠨ ᠴᠤᠭ ᠵᠢᠪᠬᠤᠭ᠎ᠠ ᠶᠢ ᠢᠯᠡᠷᠡᠭᠦᠯᠵᠦ᠂ ᠬᠤᠲᠣᠩ ᠠᠷᠠᠳ ᠤᠨ ᠲᠣᠭᠤᠷᠢᠭ ᠤᠨ ᠴᠢᠨᠠᠷ ᠰᠠᠶᠢᠲᠠᠢ ᠬᠥᠭᠵᠢᠯᠲᠡ ᠳᠤ ᠡᠮᠡᠭᠲᠡᠶᠢᠴᠦᠳ ᠤᠨ ᠬᠦᠴᠦᠨ ᠢ ᠨᠢᠭᠲᠠᠷᠠᠭᠤᠯᠬᠤ ᠶᠢᠨ ᠲᠥᠯᠥᠭᠡ᠂ 3 ᠰᠠᠷ᠎ᠠ ᠶᠢᠨ 5 ᠤ ᠦᠳᠡ ᠶᠢᠨ ᠬᠤᠶᠢᠨ᠎ᠠ᠂ ᠬᠤᠲᠣᠩ ᠠᠷᠠᠳ ᠤᠨ ᠲᠣᠭᠤᠷᠢᠭ ᠤᠨ ᠡᠯ᠎ᠡ ᠦᠨᠳᠦᠰᠦᠲᠡᠨ ᠡᠯ᠎ᠡ ᠡᠲᠡᠭᠡᠳ ᠤᠨ ᠡᠮᠡᠭᠲᠡᠶᠢᠴᠦᠳ ᠨᠢᠭᠡ ᠲᠠᠩᠬᠢᠮ ᠳᠤ ᠴᠤᠭᠯᠠᠷᠠᠨ ᠦᠪᠡᠳᠡᠭᠰᠢ ᠶᠡᠬᠡᠪᠡᠷ ᠴᠤᠭᠯᠠᠷᠠᠵᠤ᠂ ᠬᠤᠲᠣᠩ ᠠᠷᠠᠳ ᠤᠨ ᠲᠣᠭᠤᠷᠢᠭ ᠤᠨ ︽3·8︾ ᠤ ᠳᠡᠯᠡᠬᠡᠢ ᠶᠢᠨ ᠡᠮᠡᠭᠲᠡᠶᠢᠴᠦᠳ ᠤᠨ ᠪᠠᠶᠠᠷ ᠤᠨ 114 ᠵᠢᠯ ᠤᠨ ᠤᠢ ᠶᠢ ᠳᠤᠷᠠᠰᠬᠠᠬᠤ ᠵᠢᠴᠢ ᠲᠣᠭᠤᠷᠢᠭ ᠤᠨ ᠡᠮᠡᠭᠲᠡᠶᠢᠴᠦᠳ ᠤᠨ ᠬᠤᠯᠪᠣᠭ᠎ᠠ ᠶᠢᠨ ᠵᠢᠷᠭᠤᠳᠤᠭᠠᠷ ᠬᠤᠭᠤᠴᠠᠭᠠᠨ ᠤ ᠳᠣᠯᠣᠳᠤᠭᠠᠷ ᠤᠳᠠᠭ᠎ᠠ ᠶᠢᠨ ᠭᠦᠢᠴᠡᠳᠬᠡᠬᠦ ᠭᠡᠰᠢᠭᠦᠨ ︵ᠥᠷᠭᠡᠳᠬᠡᠭᠰᠡᠨ︶ ᠤ ᠬᠤᠷᠠᠯ ᠢ ᠬᠤᠷᠠᠯᠳᠤᠭᠤᠯᠪᠠ᠃
     ᠬᠥᠬᠡᠬᠤᠲᠠ ᠶᠢᠨ ᠡᠮᠡᠭᠲᠡᠶᠢᠴᠦᠳ ᠤᠨ ᠬᠤᠯᠪᠣᠭ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ᠂ ᠳᠡᠳ᠋ ᠲᠡᠷᠢᠭᠦᠯᠡᠭᠴᠢ ᠪᠦᠦ ᠶᠦᠩ ᠴᠢᠨ᠂ ᠲᠣᠭᠤᠷᠢᠭ ᠤᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠱᠦᠵᠢ᠂ ᠬᠢᠨᠠᠨ ᠪᠠᠶᠢᠴᠠᠭᠠᠬᠤ ᠵᠥᠪᠯᠡᠯ ᠤᠨ ᠡᠷᠬᠢᠯᠡᠭᠴᠢ ᠫᠠᠩ ᠯᠢ᠂ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠳᠡᠳ᠋ ᠡᠷᠬᠢᠯᠡᠭᠴᠢ ᠶᠠᠩ ᠵᠦᠥᠸ᠋ ᠰᠢᠨ᠂ ᠲᠣᠭᠤᠷᠢᠭ ᠤᠨ ᠡᠮᠡᠭᠲᠡᠶᠢᠴᠦᠳ ᠬᠡᠦᠬᠡᠳ ᠤᠨ ᠠᠵᠢᠯ ᠤᠨ ᠵᠥᠪᠯᠡᠯ ᠤᠨ ᠡᠷᠬᠢᠯᠡᠭᠴᠢ᠂ ᠵᠠᠰᠠᠭ ᠤᠨ ᠣᠷᠳᠣᠨ ᠤ ᠳᠡᠳ᠋ ᠳᠠᠷᠤᠭ᠎ᠠ ᠸᠠᠩ ᠶᠠ ᠨᠠ᠂ ᠲᠣᠭᠤᠷᠢᠭ ᠤᠨ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ᠂ ᠲᠣᠭᠤᠷᠢᠭ ᠤᠨ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠶᠢᠨ ᠲᠡᠷᠢᠭᠦᠯᠡᠭᠴᠢ ᠹᠦ᠋ ᠰᠢᠦᠢ ᠭᠠᠩ ᠬᠤᠷᠠᠯ ᠳᠤ ᠣᠷᠣᠯᠴᠠᠵᠠᠢ᠃      ᠬᠤᠷᠠᠯ ᠳᠤ ᠡᠩ ᠲᠡᠷᠢᠭᠦᠨ ᠳᠤ ᠲᠣᠭᠤᠷᠢᠭ ᠤᠨ ᠡᠮᠡᠭᠲᠡᠶᠢᠴᠦᠳ ᠤᠨ ᠬᠤᠯᠪᠣᠭ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠡᠷᠢᠭᠦᠯᠡᠭᠴᠢ ᠭᠦᠸᠧ ᠵᠢᠶᠠᠨ ᠭᠦᠸᠧ ᠨᠥᠬᠦᠷ ᠪᠠᠶᠢᠩᠭᠤ ᠶᠢᠨ ᠬᠤᠷᠢᠶ᠎ᠠ ᠶᠢ ᠲᠥᠯᠥᠭᠡᠯᠡᠨ ᠵᠢᠷᠭᠤᠳᠤᠭᠠᠷ ᠬᠤᠭᠤᠴᠠᠭᠠᠨ ᠤ ᠳᠣᠯᠣᠳᠤᠭᠠᠷ ᠤᠳᠠᠭ᠎ᠠ ᠶᠢᠨ ᠭᠦᠢᠴᠡᠳᠬᠡᠬᠦ ᠵᠥᠪᠯᠡᠯ ᠤᠨ ᠬᠤᠷᠠᠯ ᠳᠤ ︽ᠤᠭ ᠰᠠᠨᠠᠭ᠎ᠠ ᠭᠠᠯ ᠮᠡᠲᠦ ᠲᠡᠮᠡᠴᠡᠵᠦ᠂ ᠬᠦᠴᠦᠨ ᠢᠶᠠᠨ ᠨᠢᠭᠲᠠᠷᠠᠭᠤᠯᠵᠤ ᠰᠢᠨ᠎ᠡ ᠪᠠᠶᠢᠳᠠᠯ ᠢ ᠪᠤᠢ ᠪᠣᠯᠭᠠᠵᠤ ᠥᠷᠭᠡᠨ ᠤᠯᠠᠨ ᠡᠮᠡᠭᠲᠡᠶᠢᠴᠦᠳ ᠢ ᠪᠦᠯᠬᠦᠮᠳᠡᠭᠦᠯᠦᠨ ᠳᠠᠭᠠᠭᠤᠯᠵᠤ ᠬᠤᠲᠣᠩ ᠠᠷᠠᠳ ᠤᠨ ᠲᠣᠭᠤᠷᠢᠭ ᠤᠨ ᠴᠢᠨᠠᠷ ᠰᠠᠶᠢᠲᠠᠢ ᠬᠥᠭᠵᠢᠯᠲᠡ ᠳᠤ ᠡᠮᠡᠭᠲᠡᠶᠢᠴᠦᠳ ᠤᠨ ᠤᠶᠤᠨ ᠤᠬᠠᠭᠠᠨ ᠪᠠ ᠬᠦᠴᠦᠨ ᠴᠢᠳᠠᠯ ᠢᠶᠠᠨ ᠡᠷᠭᠦᠨ᠎ᠡ︾ ᠭᠡᠬᠦ ᠰᠡᠳᠦᠪ ᠢᠶᠠᠷ ᠠᠵᠢᠯ ᠤᠨ ᠮᠡᠳᠡᠭᠦᠯᠦᠯᠲᠡ ᠬᠢᠵᠡᠢ᠃ 2023 ᠣᠨ ᠤ ᠠᠵᠢᠯ ᠢ ᠪᠦᠬᠦ ᠲᠠᠯ᠎ᠠ ᠪᠠᠷ ᠳ᠋ᠦᠩᠨᠡᠵᠦ᠂ 2024 ᠣᠨ ᠤ ᠭᠤᠣᠯᠳᠠᠯᠭ᠎ᠠ ᠲᠠᠢ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃      2023 ᠣᠨ ᠳᠤ᠂ ᠲᠤᠭᠤᠷᠢᠭ ᠤᠨ ᠨᠠᠮ ᠤᠨ ᠬᠤᠷᠢᠶ᠎ᠠ ᠶᠢᠨ ᠪᠠᠲᠤ ᠴᠢᠩᠭ᠎ᠠ ᠤᠳᠤᠷᠢᠳᠤᠯᠭ᠎ᠠ ᠪᠠ ᠬᠤᠲᠠ ᠶᠢᠨ ᠡᠮᠡᠭᠲᠡᠶᠢᠴᠦᠳ ᠤᠨ ᠬᠤᠯᠪᠣᠭᠠᠲᠤ ᠬᠤᠷᠠᠯ ᠤᠨ ᠵᠥᠪ ᠣᠨᠣᠪᠴᠢᠲᠠᠶ ᠵᠢᠯᠣᠭᠤᠳᠤᠯᠭ᠎ᠠ ᠳᠣᠣᠷ᠎ᠠ᠂ ᠬᠤᠲᠣᠩ ᠠᠷᠠᠳ ᠤᠨ ᠲᠣᠭᠤᠷᠢᠭ ᠤᠨ ᠡᠮᠡᠭᠲᠡᠶᠢᠴᠦᠳ ᠤᠨ ᠬᠤᠯᠪᠣᠭ᠎ᠠ ᠰᠢ ᠶᠢᠨ ᠫᠢᠩ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠲᠥᠪ ᠤᠨ ᠲᠣᠭᠤᠷᠢᠨ ᠳᠤ ᠶᠡᠭᠡ ᠲᠠᠯ᠎ᠠ ᠳᠤ ᠦᠢᠯᠡᠴᠢᠯᠡᠵᠦ᠂ ᠡᠮᠡᠭᠲᠡᠶᠢᠴᠦᠳ ᠬᠡᠦᠬᠡᠳ ᠤᠨ ᠬᠥᠭᠵᠢᠯᠲᠡ ᠶᠢᠨ ︽ᠬᠤᠶᠠᠷ ᠲᠥᠯᠦᠪᠵᠢᠭᠦᠯᠭᠡ︾ ᠶᠢ ᠨᠠᠶᠢᠳᠠᠪᠤᠷᠢᠵᠢᠭᠤᠯᠬᠤ ᠶᠢ ᠠᠬᠢᠭᠤᠯᠵᠤ᠂ ︽ᠭᠤᠷᠪᠠ ᠶᠢ ᠬᠤᠯᠪᠣᠭᠠᠯᠠᠬᠤ︾ ᠠᠵᠢᠯ ᠢ ᠬᠢᠨᠠᠮᠠᠭᠠᠢ ᠰᠠᠶᠢᠲᠤᠷ ᠬᠢᠵᠦ᠂ ᠤᠯᠤᠰ ᠲᠥᠷᠥ ᠦᠵᠡᠯ ᠰᠠᠨᠠᠭ᠎ᠠ ᠪᠠᠷ ᠬᠥᠲᠥᠯᠥᠨ ᠳᠠᠭᠠᠭᠤᠯᠬᠤ᠂ ᠡᠮᠡᠭᠲᠡᠶᠢᠴᠦᠳ ᠤᠨ ᠭᠠᠪᠢᠶ᠎ᠠ ᠪᠠᠶᠢᠭᠤᠯᠤᠨ ᠦᠢᠯᠡᠰ ᠪᠦᠲᠦᠭᠡᠬᠦ᠂ ᠭᠡᠷ ᠪᠦᠯᠢ ᠶᠢᠨ ᠪᠣᠯᠪᠠᠰᠤᠨ ᠤ ᠪᠠᠶᠢᠭᠤᠯᠤᠯᠲᠠ᠂ ᠡᠮᠡᠭᠲᠡᠶᠢᠴᠦᠳ ᠤᠨ ᠬᠤᠯᠪᠣᠭ᠎ᠠ ᠶᠢᠨ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠯᠲᠠ᠂ ᠡᠮᠡᠭᠲᠡᠶᠢᠴᠦᠳ ᠤᠨ ᠡᠷᠬᠡ ᠠᠰᠢᠭ ᠢ ᠬᠠᠮᠠᠭᠠᠯᠠᠬᠤ ᠵᠡᠷᠭᠡ ᠲᠠᠯ᠎ᠠ ᠪᠠᠷ ᠰᠢᠨ᠎ᠡ ᠦᠷ᠎ᠡ ᠪᠦᠲᠦᠮᠵᠢ ᠣᠯᠵᠤ᠂ ᠰᠢᠨ᠎ᠡ ᠬᠥᠭᠵᠢᠯᠲᠡ ᠶᠢ ᠪᠡᠶᠡᠯᠡᠭᠦᠯᠦᠨ᠂ ᠪᠥᠬᠦ ᠤᠯᠤᠰ᠂ ᠥᠪᠡᠷᠲᠡᠭᠡᠨ ᠵᠠᠰᠠᠬᠤ ᠣᠷᠣᠨ᠂ ᠬᠥᠬᠡᠬᠤᠲᠠ ᠶᠢᠨ ᠡᠮᠡᠭᠲᠡᠶᠢᠴᠦᠳ ᠤᠨ ᠬᠤᠯᠪᠣᠭ᠎ᠠ ᠵᠡᠷᠭᠡ ᠡᠯ᠎ᠡ ᠱᠠᠲᠤᠨ ᠤ ᠡᠮᠡᠭᠲᠡᠶᠢᠴᠦᠳ ᠤᠨ ᠬᠤᠯᠪᠣᠭ᠎ᠠ ᠶᠢᠨ ᠵᠣᠬᠢᠶᠠᠨ ᠪᠠᠶᠢᠭᠤᠯᠤᠯᠲᠠ ᠶᠢᠨ ᠣᠯᠠᠨ ᠵᠦᠢᠯ ᠤᠨ ᠬᠥᠬᠢᠭᠦᠯᠦᠯ ᠪᠠ ᠱᠠᠩᠨᠠᠯ ᠢ ᠣᠯᠵᠤ᠂ ᠪᠥᠬᠦ ᠵᠢᠯ ᠤᠨ ᠠᠵᠢᠯ ᠤᠨ ᠡᠭᠦᠷᠭᠡ ᠪᠠᠨ ᠨᠡᠯᠢᠶᠡᠳ ᠲᠡᠭᠦᠰ ᠠᠮᠵᠢᠯᠲᠠ ᠲᠠᠢ ᠪᠡᠶᠡᠯᠡᠭᠦᠯᠪᠡ᠃ 2024 ᠣᠨ ᠪᠣᠯ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠭᠳᠠᠭᠰᠠᠨ 75 ᠵᠢᠯ ᠤᠨ ᠣᠶ ᠪᠣᠯᠣᠨ᠎ᠠ᠂ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠦᠪᠵᠢᠭᠦᠯᠭᠡ ᠶᠢ ᠬᠡᠷᠡᠭᠵᠢᠭᠦᠯᠬᠦ ᠵᠠᠩᠭᠢᠯᠠᠭ᠎ᠠ ᠶᠢᠨ ᠨᠢᠭᠡ ᠵᠢᠯ ᠮᠥᠨ᠂ ᠮᠥᠨ ᠴᠦ ᠳᠤᠮᠳᠠᠳᠤ ᠤᠯᠤᠰ ᠤᠨ ᠡᠮᠡᠭᠲᠡᠶᠢᠴᠦᠳ ᠤᠨ ᠠᠷᠪᠠᠨ ᠭᠤᠷᠪᠠᠳᠤᠭᠠᠷ ᠶᠡᠭᠡ ᠬᠤᠷᠠᠯ ᠤᠨ ᠬᠠᠷᠠᠯᠲᠠ ᠡᠭᠦᠷᠭᠡ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠬᠤ ᠡᠬᠢᠯᠡᠯᠲᠡ ᠶᠢᠨ ᠵᠢᠯ ᠮᠥᠨ᠂ ᠡᠯ᠎ᠡ ᠱᠠᠲᠤᠨ ᠤ ᠡᠮᠡᠭᠲᠡᠶᠢᠴᠦᠳ ᠤᠨ ᠬᠤᠯᠪᠣᠭ᠎ᠠ ᠶᠢᠨ ᠵᠣᠬᠢᠶᠠᠨ ᠪᠠᠶᠢᠭᠤᠯᠤᠯᠲᠠ ᠬᠥᠲᠥᠯᠥᠨ ᠳᠠᠭᠠᠭᠤᠯᠬᠤ ᠦᠢᠯᠡᠴᠢᠯᠡᠭᠡ ᠬᠠᠷᠢᠯᠴᠠᠬᠤ ᠡᠭᠦᠷᠭᠡ ᠴᠢᠳᠠᠪᠤᠷᠢ ᠪᠠᠨ ᠬᠢᠨᠠᠮᠠᠭᠠᠢ ᠭᠦᠢᠴᠡᠳᠬᠡᠵᠦ᠂ ᠨᠠᠮ ᠤᠨ ᠦᠭᠡ ᠶᠢ ᠰᠣᠨᠣᠰᠴᠤ ᠨᠠᠮ ᠢᠶᠠᠨ ᠳᠠᠭᠠᠬᠤ ᠲᠥᠪᠯᠡᠩᠭᠦᠶ ᠬᠦᠴᠦᠨ ᠨᠢᠭᠲᠠᠷᠠᠯ ᠤᠨ ᠬᠦᠴᠦᠨ ᠢᠶᠠᠨ ᠤᠯᠠᠮ ᠨᠢᠭᠡ ᠠᠯᠬᠤᠮ ᠴᠢᠩᠭᠠᠳᠬᠠᠵᠤ᠂ ᠰᠢᠨ᠎ᠡ ᠰᠢᠯᠭᠠᠯᠲᠠ ᠳᠤ ᠣᠷᠣᠯᠴᠠᠬᠤ ᠵᠠᠮ ᠳᠡᠭᠡᠷ᠎ᠡ ᠥᠷᠭᠡᠨ ᠣᠯᠠᠨ ᠡᠮᠡᠭᠲᠡᠶᠢᠴᠦᠳ ᠢ ᠪᠦᠯᠬᠦᠮᠳᠡᠭᠦᠯᠦᠨ ᠳᠠᠭᠠᠭᠤᠯᠵᠤ ᠬᠤᠲᠣᠩ ᠠᠷᠠᠳ ᠤᠨ ᠲᠣᠭᠤᠷᠢᠭ ᠤᠨ ᠴᠢᠨᠠᠷ ᠰᠠᠶᠢᠲᠠᠢ ᠬᠥᠭᠵᠢᠯᠲᠡ ᠳᠤ ᠡᠮᠡᠭᠲᠡᠶᠢᠴᠦᠳ ᠤᠨ ᠣᠶᠤᠨ ᠤᠬᠠᠭᠠᠨ ᠪᠠ ᠬᠦᠴᠦᠨ ᠴᠢᠳᠠᠯ ᠢᠶᠠᠨ ᠡᠷᠭᠦᠬᠦ ᠬᠡᠷᠡᠭᠲᠡᠢ ᠭᠡᠵᠡᠢ᠃      ᠥᠪᠡᠷᠲᠡᠭᠡᠨ ᠵᠠᠰᠠᠬᠤ ᠣᠷᠣᠨ ᠤ ᠤᠯᠤᠰ ᠲᠦᠷᠦ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ᠂ ᠥᠪᠡᠷᠲᠡᠭᠡᠨ ᠵᠠᠰᠠᠬᠤ ᠣᠷᠣᠨ ᠤ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠶᠢᠨ ᠲᠡᠷᠢᠭᠦᠯᠡᠭᠴᠢ ᠹᠦ᠋ ᠰᠢᠦᠢ ᠭᠠᠩ ᠨᠥᠬᠦᠷ ︽2023 ᠣᠨ ᠤ ᠬᠤᠲᠣᠩ ᠠᠷᠠᠳ ᠤᠨ ᠲᠣᠭᠤᠷᠢᠭ ᠤᠨ ︽3·8︾ ᠤ ᠤᠯᠠᠭᠠᠨ ᠲᠤᠭᠴᠢ᠂ 3·8 ᠤ ᠤᠯᠠᠭᠠᠨ ᠲᠤᠭᠴᠢ ᠬᠠᠮᠲᠤ᠂ ᠡᠮᠡᠭᠲᠡᠶᠢᠴᠦᠳ ᠤᠨ ᠭᠠᠪᠢᠶ᠎ᠠ ᠪᠠᠶᠢᠭᠤᠯᠤᠭᠰᠠᠨ ᠵᠢᠱᠢᠶᠡᠴᠢ᠂ ᠡᠮᠡᠭᠲᠡᠶᠢᠴᠦᠳ ᠤᠨ ᠪᠣᠯᠪᠠᠰᠤᠨ ᠠᠵᠢᠯ ᠤᠨ ᠪᠠᠶᠢᠷᠢ ᠶᠢ ᠰᠣᠩᠭᠤᠨ ᠨᠡᠶᠢᠲᠡᠯᠡᠬᠦ ᠲᠤᠬᠠᠢ ᠲᠣᠭᠲᠠᠭᠠᠯ︾ ᠢ ᠤᠩᠰᠢᠨ ᠨᠡᠶᠢᠲᠡᠯᠡᠪᠡ᠃ ᠡᠭᠦᠨ ᠤ ᠬᠠᠮᠲᠤ ᠮᠣᠳᠣ ᠶᠢ ᠰᠣᠩᠭᠤᠨ ᠨᠡᠶᠢᠲᠡᠯᠡᠭᠰᠡᠨ 20 ᠨᠡᠷᠡᠰ ᠲᠣᠭᠤᠷᠢᠭ ᠤᠨ ᠲᠡᠰ ᠤᠨ ︽3·8︾ ᠤ ᠤᠯᠠᠭᠠᠨ ᠲᠤᠭᠴᠢ᠂ 8 ᠨᠡᠷᠡᠰ ︽3·8︾ ᠤ ᠤᠯᠠᠭᠠᠨ ᠲᠤᠭᠴᠢ᠂ 5 ᠨᠡᠷᠡᠰ ᠡᠮᠡᠭᠲᠡᠶᠢᠴᠦᠳ ᠤᠨ ᠭᠠᠪᠢᠶ᠎ᠠ ᠪᠠᠶᠢᠭᠤᠯᠤᠭᠰᠠᠨ ᠵᠢᠱᠢᠶᠡᠴᠢ᠂ 5 ᠡᠮᠡᠭᠲᠡᠶᠢᠴᠦᠳ ᠤᠨ ᠪᠣᠯᠪᠠᠰᠤᠨ ᠠᠵᠢᠯ ᠤᠨ ᠪᠠᠶᠢᠷᠢ ᠳᠤ ᠢᠷᠠᠭᠤ ᠠᠯᠳᠠᠷ ᠤᠨ ᠦᠨᠡᠮᠯᠡᠯ ᠪᠠ ᠱᠠᠩᠨᠠᠯ ᠤᠨ ᠮᠧᠳᠠᠯ ᠣᠯᠭᠤᠵᠠᠢ᠃
     ︽3·8︾ ᠤ ᠤᠯᠠᠭᠠᠨ ᠲᠤᠭᠴᠢ ᠶᠢᠨ ᠲᠡᠷᠢᠭᠦᠨ ᠤ ᠨᠡᠶᠢᠲᠡᠯᠢᠭ ᠲᠥᠯᠥᠭᠡᠯᠡᠭᠴᠢ᠂ ᠡᠮᠡᠭᠲᠡᠶᠢᠴᠦᠳ ᠤᠨ ᠭᠠᠪᠢᠶ᠎ᠠ ᠪᠠᠶᠢᠭᠤᠯᠤᠭᠰᠠᠨ ᠵᠢᠱᠢᠶᠡᠴᠢ᠂ ᠬᠤᠲᠣᠩ ᠠᠷᠠᠳ ᠤᠨ ᠲᠣᠭᠤᠷᠢᠭ ᠤᠨ ︽3·8︾ ᠤ ᠤᠯᠠᠭᠠᠨ ᠲᠤᠭᠴᠢ ᠶᠢᠨ ᠬᠠᠮᠲᠤ ᠶᠢᠨ ᠲᠥᠯᠥᠭᠡᠯᠡᠭᠴᠢ ᠲᠤᠰ ᠲᠤᠰ ᠨᠡᠶᠢᠲᠡᠯᠢᠭ ᠶᠠᠷᠢᠶ᠎ᠠ ᠲᠠᠯᠪᠢᠪᠠ᠃      ᠬᠥᠬᠡᠬᠤᠲᠠ ᠶᠢᠨ ᠡᠮᠡᠭᠲᠡᠶᠢᠴᠦᠳ ᠤᠨ ᠬᠤᠯᠪᠣᠭ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ᠂ ᠳᠡᠳ᠋ ᠲᠡᠷᠢᠭᠦᠯᠡᠭᠴᠢ ᠪᠦᠦ ᠶᠦᠩ ᠴᠢᠨ ᠶᠠᠷᠢᠶᠠᠨ ᠳᠠᠭᠠᠨ ᠮᠠᠨ ᠤ ᠲᠣᠭᠤᠷᠢᠭ ᠤᠨ ᠡᠮᠡᠭᠲᠡᠶᠢᠴᠦᠳ ᠤᠨ ᠠᠵᠢᠯ ᠢ ᠭᠦᠢᠴᠡᠳ ᠨᠤᠲᠠᠯᠠᠵᠤ᠂ ᠲᠡᠷᠡᠴᠢᠯᠡᠨ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠡᠷᠡᠯᠬᠡᠭᠯᠡᠨ ᠤᠷᠤᠭᠰᠢᠯᠠᠬᠤ ᠰᠢᠨ᠎ᠡ ᠠᠶᠠᠨ ᠵᠠᠮ ᠳᠤ ᠡᠮᠡᠭᠲᠡᠶᠢᠴᠦᠳ ᠤᠨ ᠬᠠᠷᠢᠭᠤᠴᠠᠯᠭ᠎ᠠ ᠡᠭᠦᠷᠭᠡᠯᠡᠨ ᠠᠵᠢᠯ ᠶᠠᠪᠤᠳᠠᠯ ᠬᠢᠬᠦ ᠶᠢ ᠢᠯᠡᠷᠡᠭᠦᠯᠵᠦ᠂ ᠡᠮᠡᠭᠲᠡᠶᠢᠴᠦᠳ ᠲᠤ ᠰᠢᠯᠢᠳᠡᠭ ᠦᠢᠯᠡᠴᠢᠯᠡᠭᠡ ᠬᠠᠩᠭᠠᠬᠤ ᠪᠠ ᠪᠣᠳᠠᠲᠠᠢ ᠬᠦᠴᠢᠷᠳᠡᠯ ᠢ ᠨᠢ ᠰᠢᠢᠳᠪᠦᠷᠢᠯᠡᠵᠦ᠂ ᠠᠵᠢᠯ ᠤᠨ ᠦᠷ᠎ᠡ ᠪᠦᠲᠦᠮᠵᠢ ᠶᠢ ᠰᠢᠯᠭᠠᠬᠤ ᠴᠢᠬᠤᠯᠠ ᠪᠠᠷᠢᠮᠵᠢᠶ᠎ᠠ ᠪᠣᠯᠤᠭᠰᠠᠨ ᠤ ᠬᠤᠪᠢ ᠳᠤ᠂ ᠠᠵᠢᠯ ᠤᠨ ᠬᠦᠴᠦᠯᠡᠬᠦ ᠴᠡᠭ ᠢᠶᠠᠨ ᠣᠨᠣᠪᠴᠢᠲᠠᠢ ᠣᠯᠵᠤ᠂ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠪᠣᠯᠣᠨ ᠳᠡᠭᠡᠳᠦ ᠱᠠᠲᠤᠨ ᠤ ᠡᠮᠡᠭᠲᠡᠶᠢᠴᠦᠳ ᠤᠨ ᠬᠤᠯᠪᠣᠭ᠎ᠠ ᠶᠢᠨ ᠵᠣᠬᠢᠶᠠᠨ ᠪᠠᠶᠢᠭᠤᠯᠤᠯᠲᠠ ᠶᠢᠨ ᠱᠠᠭᠠᠷᠳᠠᠯᠭ᠎ᠠ ᠶᠢ ᠠᠵᠢᠯ ᠤᠨ ᠪᠣᠳᠠᠲᠠᠢ ᠠᠵᠢᠯᠯᠠᠭ᠎ᠠ ᠪᠣᠯᠭᠠᠨ ᠬᠤᠪᠢᠷᠠᠭᠤᠯᠵᠤ᠂ ᠪᠦᠬᠦ ᠲᠣᠭᠤᠷᠢᠭ ᠤᠨ ᠥᠷᠭᠡᠨ ᠤᠯᠠᠨ ᠡᠮᠡᠭᠲᠡᠶᠢᠴᠦᠳ ᠪᠣᠯᠣᠨ ᠡᠮᠡᠭᠲᠡᠶᠢᠴᠦᠳ ᠤᠨ ᠬᠤᠯᠪᠣᠭ᠎ᠠ ᠶᠢᠨ ᠵᠣᠬᠢᠶᠠᠨ ᠪᠠᠶᠢᠭᠤᠯᠤᠯᠲᠠ ᠶᠢᠨ ᠠᠵᠢᠯ ᠳᠤ ᠵᠢᠯᠤᠭᠤᠳᠬᠤ ᠰᠠᠨᠠᠯ ᠳᠤᠷᠠᠳᠴᠠᠢ᠃      ᠲᠣᠭᠤᠷᠢᠭ ᠤᠨ ᠡᠮᠡᠭᠲᠡᠶᠢᠴᠦᠳ ᠬᠡᠦᠬᠡᠳ ᠤᠨ ᠠᠵᠢᠯ ᠤᠨ ᠵᠥᠪᠯᠡᠯ ᠤᠨ ᠡᠷᠬᠢᠯᠡᠭᠴᠢ᠂ ᠵᠠᠰᠠᠭ ᠤᠨ ᠣᠷᠳᠣᠨ ᠤ ᠳᠡᠳ᠋ ᠳᠠᠷᠤᠭ᠎ᠠ ᠸᠠᠩ ᠶᠠ ᠨᠠ ᠲᠣᠭᠤᠷᠢᠭ ᠤᠨ ᠨᠠᠮ ᠤᠨ ᠬᠤᠷᠢᠶ᠎ᠠ᠂ ᠲᠣᠭᠤᠷᠢᠭ ᠤᠨ ᠵᠠᠰᠠᠭ ᠤᠨ ᠣᠷᠳᠣᠨ ᠤ ᠡᠮᠦᠨ᠎ᠡ ᠠᠴᠠ ᠪᠦᠬᠦ ᠲᠣᠭᠤᠷᠢᠭ ᠤᠨ ᠡᠯ᠎ᠡ ᠹᠷᠣᠨᠲ ᠲᠤ ᠡᠷᠡᠯᠬᠡᠭᠯᠡᠨ ᠪᠠᠶᠢᠯᠳᠤᠵᠤ ᠪᠠᠶᠢᠭ᠎ᠠ ᠥᠷᠭᠡᠨ ᠤᠯᠠᠨ ᠡᠮᠡᠭᠲᠡᠶᠢᠴᠦᠳ ᠪᠣᠯᠣᠨ ᠡᠮᠡᠭᠲᠡᠶᠢᠴᠦᠳ ᠤᠨ ᠠᠵᠢᠯᠲᠠᠳ ᠲᠤ ᠪᠠᠶᠠᠷ ᠤᠨ ᠡᠳᠦᠷ ᠤᠨ ᠮᠡᠨᠳᠦᠴᠢᠯᠡᠯ ᠪᠣᠯᠣᠨ ᠰᠠᠶᠢᠨ ᠰᠠᠶᠢᠬᠠᠨ ᠵᠥᠩᠨᠡᠯ ᠳᠡᠪᠰᠢᠭᠦᠯᠵᠡᠢ᠃ ᠰᠣᠩᠭᠤᠨ ᠭᠠᠷᠭᠠᠭᠰᠠᠨ ᠲᠡᠷᠢᠭᠦᠨ ᠤ ᠬᠤᠪᠢ ᠬᠥᠮᠥᠨ ᠪᠠ ᠬᠠᠮᠲᠤ ᠨᠡᠶᠢᠲᠡ ᠳᠤ ᠬᠠᠯᠠᠭᠤᠨ ᠪᠠᠶᠠᠷ ᠬᠦᠷᠭᠡᠵᠦ᠂ ᠡᠯ᠎ᠡ ᠠᠵᠢᠯ ᠤᠨ ᠪᠠᠶᠢᠷᠢ ᠶᠢᠨ ᠥᠷᠭᠡᠨ ᠣᠯᠠᠨ ᠡᠮᠡᠭᠲᠡᠶᠢᠴᠦᠳ ᠤᠨ ᠬᠤᠳᠤᠩ ᠠᠷᠠᠳ ᠤᠨ ᠲᠣᠭᠤᠷᠢᠭ ᠤᠨ ᠬᠥᠭᠵᠢᠯᠲᠡ ᠶᠢᠨ ᠶᠠᠪᠤᠴᠠ ᠳᠤ ᠦᠵᠡᠭᠦᠯᠦᠭᠰᠡᠨ ᠬᠤᠪᠢ ᠨᠡᠮᠡᠷᠢ ᠶᠢ ᠳᠡᠭᠡᠳᠦ ᠬᠡᠮᠵᠢᠶ᠎ᠡ ᠪᠠᠷ ᠦᠨᠡᠯᠡᠵᠦ᠂ ᠡᠭᠦᠨ ᠤ ᠬᠠᠮᠲᠤ ᠬᠤᠶᠢᠰᠢᠳᠠ ᠶᠢᠨ ᠨᠢᠭᠡ ᠬᠤᠭᠤᠴᠠᠭᠠᠨ ᠤ ᠡᠮᠡᠭᠲᠡᠶᠢᠴᠦᠳ ᠤᠨ ᠠᠵᠢᠯ ᠤᠨ ᠲᠤᠬᠠᠢ ᠭᠤᠷᠪᠠᠨ ᠰᠠᠨᠠᠯ ᠳᠤᠷᠠᠳᠤᠶ᠎ᠠ᠄ ᠨᠢᠭᠡ ᠳᠤ᠂ ᠡᠮᠡᠭᠲᠡᠶᠢᠴᠦᠳ ᠤᠨ ᠬᠤᠯᠪᠣᠭᠠᠲᠤ ᠬᠤᠷᠠᠯ ᠤᠨ ᠠᠵᠢᠯ ᠤᠨ ᠵᠥᠪ ᠣᠨᠣᠪᠴᠢᠲᠠᠶ ᠤᠯᠤᠰ ᠲᠥᠷᠥ ᠶᠢᠨ ᠴᠢᠭᠯᠡᠯ ᠢ ᠪᠠᠲᠤ ᠡᠵᠡᠮᠰᠢᠵᠦ᠂ ᠪᠦᠬᠦ ᠲᠣᠭᠤᠷᠢᠭ ᠤᠨ ᠡᠯ᠎ᠡ ᠱᠠᠲᠤᠨ ᠤ ᠡᠮᠡᠭᠲᠡᠶᠢᠴᠦᠳ ᠤᠨ ᠬᠤᠯᠪᠣᠭ᠎ᠠ ᠶᠢᠨ ᠬᠢᠨ ᠡᠮᠡᠭᠲᠡᠶᠢᠴᠦᠳ ᠢ ᠬᠥᠲᠥᠯᠥᠨ ᠳᠠᠭᠠᠭᠤᠯᠵᠤ ᠦᠢᠯᠡᠴᠢᠯᠡᠨ ᠬᠠᠷᠢᠯᠴᠠᠬᠤ ᠡᠭᠦᠷᠭᠡ ᠬᠠᠷᠢᠭᠤᠴᠠᠯᠭ᠎ᠠ ᠪᠠᠨ ᠦᠨᠡᠨᠬᠦ ᠡᠭᠦᠷᠭᠡᠯᠡᠵᠦ᠂ ᠦᠵᠡᠯ ᠰᠠᠨᠠᠭ᠎ᠠ ᠪᠠᠨ ᠨᠢᠭᠡᠳᠬᠡᠬᠦ᠂ ᠬᠥᠮᠥᠰ ᠤᠨ ᠰᠡᠳᠬᠢᠯ ᠢ ᠨᠢᠭᠲᠠᠷᠠᠭᠤᠯᠬᠤ᠂ ᠵᠥᠷᠢᠴᠡᠯ ᠢ ᠨᠠᠮᠳᠠᠭᠤᠯᠬᠤ᠂ ᠬᠠᠶᠢᠷ᠎ᠠ ᠰᠡᠳᠬᠢᠯᠭᠡ ᠪᠠᠨ ᠵᠤᠵᠠᠭᠠᠳᠬᠠᠬᠤ ᠠᠵᠢᠯ ᠢ ᠢᠯᠡᠭᠦᠬᠡᠨ ᠬᠢᠵᠦ᠂ ᠡᠮᠡᠭᠲᠡᠶᠢᠴᠦᠳ ᠤᠨ ᠢᠳᠡᠪᠬᠢᠵᠢᠯ᠂ ᠰᠠᠨᠠᠭᠠᠴᠢᠯᠠᠭᠠᠲᠤ ᠴᠢᠨᠠᠷ᠂ ᠪᠦᠲᠦᠭᠡᠯᠴᠢ ᠴᠢᠨᠠᠷ ᠢ ᠬᠠᠮᠤᠭ ᠤᠨ ᠶᠡᠭᠡ ᠬᠡᠮᠵᠢᠶ᠎ᠡ ᠪᠠᠷ ᠳᠠᠶᠢᠴᠢᠯᠠᠵᠤ᠂ ᠨᠠᠮ ᠤᠨ ᠵᠣᠷᠢᠯᠲᠠ ᠶᠢ ᠥᠷᠭᠡᠨ ᠤᠯᠠᠨ ᠡᠮᠡᠭᠲᠡᠶᠢᠴᠦᠳ ᠤᠨ ᠤᠬᠠᠮᠰᠠᠷᠲᠤ ᠬᠥᠭᠡᠭᠡᠴᠡᠯᠳᠦᠯ ᠪᠠ ᠪᠣᠳᠠᠲᠤ ᠠᠵᠢᠯᠯᠠᠭ᠎ᠠ ᠪᠣᠯᠭᠠᠨ ᠬᠤᠪᠢᠷᠠᠭᠤᠯᠬᠤ ᠬᠡᠷᠡᠭᠲᠡᠢ᠃ ᠬᠤᠶᠠᠷ ᠲᠤ᠂ ᠭᠤᠣᠯᠳᠠᠯᠭ᠎ᠠ ᠶᠢᠨ ᠲᠣᠭᠤᠷᠢᠨ ᠳᠤ ᠶᠡᠭᠡ ᠲᠠᠯ᠎ᠠ ᠳᠤ ᠦᠢᠯᠡᠴᠢᠯᠡᠬᠦ ᠳᠤᠮᠳᠠ ᠰᠢᠨ᠎ᠡ ᠬᠤᠪᠢ ᠨᠡᠮᠡᠷᠢ ᠦᠵᠡᠭᠦᠯᠵᠦ᠂ ᠪᠦᠬᠦ ᠲᠣᠭᠤᠷᠢᠭ ᠤᠨ ᠡᠯ᠎ᠡ ᠱᠠᠲᠤᠨ ᠤ ᠡᠮᠡᠭᠲᠡᠶᠢᠴᠦᠳ ᠤᠨ ᠬᠤᠯᠪᠣᠭ᠎ᠠ ᠶᠢᠨ ᠵᠣᠬᠢᠶᠠᠨ ᠪᠠᠶᠢᠭᠤᠯᠤᠯᠲᠠ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠡᠨᠡᠬᠦ ᠭᠤᠣᠯ ᠰᠢᠵᠢᠮ ᠢ ᠡᠯ᠎ᠡ ᠵᠦᠢᠯ ᠤᠨ ᠠᠵᠢᠯ ᠳᠠᠭᠠᠨ ᠲᠤᠭᠤᠰᠢᠯᠠᠭᠤᠯᠵᠤ᠂ ᠬᠦᠴᠦᠨ ᠢᠶᠠᠨ ᠲᠥᠪᠯᠡᠷᠡᠭᠦᠯᠦᠨ ᠬᠤᠶᠠᠷ ᠶᠡᠭᠡ ᠶᠠᠪᠤᠳᠠᠯ ᠢ ᠰᠠᠶᠢᠲᠤᠷ ᠬᠢᠵᠦ᠂ ᠬᠤᠲᠣᠩ ᠠᠷᠠᠳ ᠤᠨ ᠲᠣᠭᠤᠷᠢᠭ ᠤᠨ ᠬᠥᠭᠵᠢᠯᠲᠡ ᠶᠢᠨ ᠰᠡᠳᠬᠢᠴᠡ ᠪᠣᠯᠣᠨ ᠲᠡᠮᠡᠴᠡᠯ ᠤᠨ ᠬᠠᠷᠠᠯᠲᠠ ᠶᠢ ᠲᠣᠭᠲᠠᠭᠠᠵᠤ᠂ ᠡᠭᠦᠷᠭᠡ ᠬᠠᠷᠢᠭᠤᠴᠠᠯᠭ᠎ᠠ ᠳᠠᠭᠠᠨ ᠰᠠᠭᠤᠷᠢᠯᠠᠵᠤ᠂ ᠪᠣᠳᠠᠲᠠᠢ ᠲᠠᠢ ᠤᠶᠠᠯᠳᠤᠭᠤᠯᠵᠤ᠂ ᠳᠠᠪᠠᠭᠤᠯᠢᠭ ᠢᠶᠠᠨ ᠪᠠᠳᠠᠷᠠᠭᠤᠯᠵᠤ᠂ ᠥᠷᠭᠡᠨ ᠤᠯᠠᠨ ᠡᠮᠡᠭᠲᠡᠶᠢᠴᠦᠳ ᠢ ᠬᠥᠲᠥᠯᠥᠨ ᠵᠢᠯᠤᠭᠤᠳᠴᠤ ᠪᠠᠶᠢᠭᠠᠳ ᠠᠭᠤᠤ ᠶᠡᠭᠡ ᠦᠢᠯᠡᠰ ᠤᠨ ᠪᠦᠲᠦᠭᠡᠨ ᠪᠠᠶᠢᠭᠤᠯᠤᠭᠴᠢ᠂ ᠪᠣᠯᠪᠠᠰᠤᠨ ᠬᠡᠪ ᠰᠤᠷᠲᠠᠯ ᠤᠨ ᠰᠠᠨᠠᠭᠠᠴᠢᠯᠠᠭᠴᠢ᠂ ᠬᠦᠰᠡᠯ ᠵᠡᠭᠦᠳᠦ ᠪᠠᠨ ᠵᠣᠷᠢᠭᠲᠠᠢ ᠪᠠᠷ ᠬᠥᠭᠡᠭᠡᠴᠡᠯᠳᠦᠭᠴᠢ ᠪᠣᠯᠭᠠᠵᠤ᠂ ᠪᠣᠳᠠᠲᠠᠢ ᠠᠵᠢᠯᠯᠠᠬᠤ ᠪᠠᠷ ᠪᠣᠳᠠᠲᠤ ᠦᠷ᠎ᠡ ᠪᠦᠲᠦᠮᠵᠢ ᠶᠢ ᠠᠬᠢᠭᠤᠯᠵᠤ᠂ ︽ᠰᠢᠨ᠎ᠡ ᠵᠢᠷᠤᠭ ᠲᠥᠯᠥᠪᠯᠡᠭᠡ︾ ᠶᠢ ︽ᠪᠣᠳᠠᠲᠤ ᠦᠵᠡᠮᠵᠢ ᠶᠢᠨ ᠵᠢᠷᠤᠭ︾ ᠪᠣᠯᠭᠠᠬᠤ ᠪᠠᠷ ᠴᠢᠷᠮᠠᠶᠢᠬᠤ ᠬᠡᠷᠡᠭᠲᠡᠢ᠃ ᠭᠤᠷᠪᠠ ᠳᠤ᠂ ᠡᠮᠡᠭᠲᠡᠶᠢᠴᠦᠳ ᠤᠨ ᠬᠤᠯᠪᠣᠭ᠎ᠠ ᠶᠢᠨ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠶᠠᠪᠤᠴᠠ ᠳᠤ ᠰᠢᠨ᠎ᠡ ᠵᠢᠳᠬᠦᠯ ᠴᠢᠷᠮᠠᠶᠢᠯᠭ᠎ᠠ ᠶᠢ ᠢᠯᠡᠷᠡᠭᠦᠯᠵᠦ᠂ ᠦᠢᠯᠡᠴᠢᠯᠡᠭᠡᠨ ᠤ ᠬᠠᠷᠢᠯᠴᠠᠭ᠎ᠠ ᠶᠢ ᠬᠥᠲᠥᠯᠥᠨ ᠳᠠᠭᠠᠭᠤᠯᠬᠤ ᠡᠭᠦᠷᠭᠡ ᠴᠢᠳᠠᠪᠬᠢ ᠳᠤ ᠰᠠᠭᠤᠷᠢᠯᠠᠵᠤ᠂ ᠡᠮᠡᠭᠲᠡᠶᠢᠴᠦᠳ ᠤᠨ ᠬᠤᠯᠪᠣᠭ᠎ᠠ ᠶᠢᠨ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠰᠢᠨ᠎ᠡ ᠠᠵᠤ ᠠᠬᠤᠢ ᠶᠢᠨ ᠵᠣᠬᠢᠶᠠᠨ ᠪᠠᠶᠢᠭᠤᠯᠤᠯᠲᠠ᠂ ᠰᠢᠨ᠎ᠡ ᠨᠡᠶᠢᠭᠡᠮ ᠤᠨ ᠵᠣᠬᠢᠶᠠᠨ ᠪᠠᠶᠢᠭᠤᠯᠤᠯᠲᠠ᠂ ᠰᠢᠨ᠎ᠡ ᠠᠵᠢᠯ ᠣᠯᠭᠤᠯᠲᠠ ᠶᠢᠨ ᠬᠠᠮᠲᠤᠯᠢᠭ ᠤᠨ ᠵᠣᠬᠢᠶᠠᠨ ᠪᠠᠶᠢᠭᠤᠯᠤᠯᠲᠠ ᠶᠢᠨ ᠪᠦᠷᠬᠦᠴᠡ ᠶᠢ ᠦᠷᠭᠦᠯᠵᠢᠯᠡᠨ ᠴᠢᠩᠭᠠᠳᠬᠠᠵᠤ᠂ ᠥᠭᠡᠷᠡᠴᠢᠯᠡᠯᠲᠡ ᠶᠢᠨ ᠦᠨᠳᠦᠰᠦᠨ ᠱᠠᠲᠤ ᠲᠡᠰᠢ ᠥᠷᠭᠡᠵᠢᠬᠦ᠂ ᠭᠦᠨᠵᠡᠭᠡᠶᠢᠷᠡᠨ ᠬᠥᠭᠵᠢᠬᠦ ᠶᠢ ᠳᠠᠰᠤᠷᠠᠯᠳᠠ ᠦᠭᠡᠢ ᠠᠬᠢᠭᠤᠯᠤᠨ᠎ᠠ᠃      ᠲᠣᠭᠤᠷᠢᠭ ᠤᠨ ᠡᠮᠡᠭᠲᠡᠶᠢᠴᠦᠳ ᠤᠨ ᠬᠤᠯᠪᠣᠭ᠎ᠠ ᠶᠢᠨ ᠭᠦᠢᠴᠡᠳᠬᠡᠬᠦ ᠵᠥᠪᠯᠡᠯ᠂ ᠨᠢᠭᠡ ᠪᠠᠯᠭᠠᠰᠤ ᠲᠤᠯᠤᠭᠠᠨ ᠠᠯᠪᠠᠨ ᠭᠡᠷ ᠨᠢᠭᠡ ᠲᠥᠪ ᠤᠨ ᠬᠤᠪᠢᠳᠠᠨ ᠬᠠᠮᠢᠶᠠᠷᠬᠤ ᠤᠳᠤᠷᠢᠳᠤᠯᠭ᠎ᠠ ᠪᠣᠯᠣᠨ ᠡᠮᠡᠭᠲᠡᠶᠢᠴᠦᠳ ᠤᠨ ᠬᠤᠯᠪᠣᠭ᠎ᠠ ᠶᠢᠨ ᠲᠡᠷᠢᠭᠦᠯᠡᠭᠴᠢ᠂ ᠡᠯ᠎ᠡ ᠶᠠᠮᠤᠨ ᠵᠥᠪᠯᠡᠯ ᠤᠨ ᠠᠯᠪᠠᠨ ᠭᠡᠷ ᠲᠣᠪᠴᠢᠶ᠎ᠠ᠂ ᠡᠯ᠎ᠡ ᠠᠷᠠᠳ ᠤᠨ ᠪᠦᠯᠬᠦᠮ᠂ ᠡᠯ᠎ᠡ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠶᠢᠨ ᠡᠮᠡᠭᠲᠡᠶᠢᠴᠦᠳ ᠤᠨ ᠵᠥᠪᠯᠡᠯ ︵ᠡᠮᠡᠭᠲᠡᠶᠢᠴᠦᠳ ᠤᠨ ᠬᠤᠯᠪᠣᠭ᠎ᠠ︶ ᠤᠨ ᠬᠠᠷᠢᠭᠤᠴᠠᠯᠭᠠᠲᠠᠨ 120 ᠭᠠᠷᠤᠢ ᠬᠥᠮᠥᠨ ᠬᠤᠷᠠᠯ ᠳᠤ ᠣᠷᠣᠯᠴᠠᠪᠠ᠃      ᠢᠷᠡᠯᠲᠡ᠄ ᠬᠤᠲᠣᠩ ᠠᠷᠠᠳ ᠤᠨ ᠲᠣᠭᠤᠷᠢᠭ ᠤᠨ ᠵᠠᠰᠠᠭ ᠤᠨ ᠣᠷᠳᠣᠨ ᠤ ᠠᠯᠪᠠᠨ ᠰᠦᠯᠵᠢᠶ᠎ᠡ
 
ᠢᠷᠡᠯᠲᠡ᠄ ᠬᠤᠲᠤᠩ ᠠᠷᠠᠳ ᠤᠨ ᠲᠣᠭᠤᠷᠢᠭ ᠤᠨ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000611号-1号