ᠬᠠᠤᠯᠢ ᠴᠠᠭᠠᠵᠠ ᠶᠢᠨ ᠲᠣᠪᠴᠢᠶ᠎ᠠ
ᠨᠡᠶᠢᠲᠡᠯᠡᠭᠰᠡᠨ ᠴᠠᠭ᠄
2024/3/11
      ᠨᠢᠭᠡ᠂ ᠭᠤᠣᠯ ᠡᠭᠦᠷᠭᠡ ᠴᠢᠳᠠᠮᠵᠢ      ᠮᠠᠨ ᠤ ᠲᠣᠪᠴᠢᠶ᠎ᠠ ᠶᠢᠨ ᠭᠤᠣᠯ ᠡᠭᠦᠷᠭᠡ ᠴᠢᠳᠠᠮᠵᠢ ᠪᠣᠯ ᠬᠤᠳᠣᠩ ᠠᠷᠠᠳ ᠤᠨ ᠲᠣᠭᠤᠷᠢᠭ ᠤᠨ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠠᠵᠢᠯ ᠤᠨ ᠲᠥᠯᠦᠪᠵᠢᠭᠦᠯᠭᠡ ᠶᠢ ᠰᠤᠳᠤᠯᠤᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ︔ ᠪᠥᠬᠦ ᠲᠠᠯ᠎ᠠ ᠪᠠᠷ ᠬᠠᠤᠯᠢ ᠪᠠᠷ ᠲᠣᠭᠤᠷᠢᠭ ᠢᠶᠠᠨ ᠵᠠᠰᠠᠬᠤ ᠣᠨᠣᠯ ᠬᠢᠭᠡᠳ ᠦᠢᠯᠡᠳᠦᠯᠭᠡ ᠶᠢᠨ ᠰᠤᠳᠤᠯᠭᠠᠨ ᠤ ᠠᠵᠢᠯ ᠢ ᠥᠷᠨᠢᠭᠦᠯᠵᠦ᠂ ᠲᠥᠷᠥ ᠶᠢᠨ ᠪᠣᠳᠣᠯᠭ᠎ᠠ ᠶᠢᠨ ᠰᠠᠨᠠᠭᠤᠯᠭ᠎ᠠ ᠳᠤᠷᠠᠳᠤᠨ᠎ᠠ︔ ᠪᠥᠬᠦ ᠲᠠᠯ᠎ᠠ ᠪᠠᠷ ᠬᠠᠤᠯᠢ ᠶᠣᠰᠣᠭᠠᠷ ᠲᠣᠭᠤᠷᠢᠭ ᠢᠶᠠᠨ ᠵᠠᠰᠠᠬᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢᠨ ᠣᠨ ᠤ ᠰᠢᠮᠳᠠᠭᠤᠯᠤᠨ ᠪᠠᠶᠢᠴᠠᠭᠠᠬᠤ ᠠᠵᠢᠯ ᠤᠨ ᠲᠥᠯᠥᠪᠯᠡᠭᠡ ᠪᠠ ᠰᠢᠯᠭᠠᠨ ᠬᠢᠨᠠᠬᠤ ᠭᠦᠢᠴᠡᠳᠬᠡᠯ ᠲᠤᠭ᠎ᠠ ᠶᠢ ᠲᠤᠭᠤᠷᠪᠢᠨ ᠲᠣᠭᠲᠠᠭᠠᠬᠤ ᠶᠢ ᠬᠠᠷᠢᠭᠤᠴᠠᠵᠤ᠂ ᠴᠢᠬᠤᠯᠠ ᠶᠡᠭᠡ ᠲᠤᠰᠬᠠᠢ ᠵᠦᠢᠯ ᠤᠨ ᠰᠢᠮᠳᠠᠭᠤᠯᠤᠨ ᠪᠠᠶᠢᠴᠠᠭᠠᠬᠤ ᠪᠠ ᠣᠨ ᠤ ᠰᠢᠯᠭᠠᠨ ᠬᠢᠨᠠᠬᠤ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠰᠢᠮᠳᠠᠭᠤᠯᠤᠨ ᠪᠠᠶᠢᠴᠠᠭᠠᠬᠤ᠂ ᠰᠢᠯᠭᠠᠨ ᠬᠢᠨᠠᠬᠤ ᠰᠠᠨᠠᠯ ᠪᠠ ᠬᠠᠷᠢᠭᠤᠴᠠᠯᠭ᠎ᠠ ᠬᠡᠯᠡᠯᠴᠡᠬᠦ ᠰᠠᠨᠠᠭᠤᠯᠭ᠎ᠠ ᠶᠢ ᠳᠤᠷᠠᠳᠬᠤ ᠬᠡᠷᠡᠭᠲᠡᠢ︔ ᠪᠥᠬᠦ ᠲᠣᠭᠤᠷᠢᠭ ᠤᠨ ᠵᠠᠰᠠᠭ ᠵᠠᠬᠢᠷᠭᠠᠨ ᠤ ᠳᠠᠬᠢᠨ ᠵᠥᠪᠯᠡᠬᠦ ᠪᠠ ᠵᠠᠰᠠᠭ ᠵᠠᠬᠢᠷᠭᠠᠨ ᠤ ᠵᠠᠷᠭᠤ ᠬᠦᠯᠢᠶᠡᠬᠦ ᠠᠵᠢᠯ ᠢ ᠵᠢᠯᠣᠭᠤᠳᠤᠨ ᠬᠢᠨᠠᠯᠲᠠ ᠲᠠᠯᠪᠢᠬᠤ ᠶᠢ ᠬᠠᠷᠢᠭᠤᠴᠠᠨ᠎ᠠ︔ ᠪᠥᠬᠦ ᠲᠣᠭᠤᠷᠢᠭ ᠤᠨ ᠣᠯᠠᠨ ᠨᠡᠶᠢᠲᠡ ᠶᠢᠨ ᠬᠠᠤᠯᠢ ᠴᠠᠭᠠᠵᠠ ᠶᠢᠨ ᠦᠢᠯᠡᠴᠢᠯᠡᠭᠡᠨ ᠤ ᠰᠢᠰᠲ᠋ᠧᠮᠵᠢ ᠪᠠ ᠲᠠᠪᠴᠠᠩ ᠤᠨ ᠪᠠᠶᠢᠭᠤᠯᠤᠯᠲᠠ ᠶᠢ ᠲᠥᠯᠥᠪᠵᠢᠭᠦᠯᠬᠦ ᠪᠠ ᠲᠦᠯᠬᠢᠨ ᠠᠬᠢᠭᠤᠯᠬᠤ ᠠᠵᠢᠯ ᠢ ᠬᠠᠷᠢᠭᠤᠴᠠᠨ᠎ᠠ︔ ᠬᠤᠳᠣᠩ ᠠᠷᠠᠳ ᠤᠨ ᠲᠣᠭᠤᠷᠢᠭ ᠤᠨ ᠬᠠᠤᠯᠢ ᠳᠦᠷᠢᠮ ᠤᠨ ᠤᠬᠠᠭᠤᠯᠭ᠎ᠠ ᠪᠠ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠲᠥᠯᠦᠪᠵᠢᠭᠦᠯᠭᠡ ᠶᠢ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠪᠥᠬᠦ ᠲᠣᠭᠤᠷᠢᠭ ᠤᠨ ᠬᠠᠤᠯᠢ ᠲᠦᠭᠡᠮᠡᠯᠵᠢᠭᠦᠯᠬᠦ ᠪᠠ ᠬᠠᠤᠯᠢ ᠶᠣᠰᠣᠭᠠᠷ ᠵᠠᠰᠠᠬᠤ ᠠᠵᠢᠯ ᠢ ᠵᠢᠯᠤᠭᠤᠳᠴᠤ᠂ ᠵᠣᠬᠢᠴᠠᠭᠤᠯᠵᠤ᠂ ᠪᠠᠶᠢᠴᠠᠭᠠᠵᠤ᠂ ᠬᠢᠨᠠᠯᠲᠠ ᠲᠠᠯᠪᠢᠨ᠎ᠠ︔ ᠠᠷᠠᠳ ᠤᠨ ᠡᠶᠡᠳᠡᠭᠦᠯᠭᠡ ︵ᠨᠡᠶᠢᠲᠡ ᠶᠢᠨ ᠡᠶᠡᠳᠡᠭᠦᠯᠭᠡ ᠶᠢ ᠵᠣᠯᠭᠠᠭᠤᠯᠬᠤ︶ ᠪᠠ ᠨᠡᠶᠢᠭᠡᠮ ᠤᠨ ᠵᠥᠷᠢᠴᠡᠯ ᠵᠢᠭᠤᠷᠠᠯᠳᠤᠭᠠᠨ ᠢ ᠵᠢᠭᠰᠠᠭᠠᠨ ᠪᠠᠶᠢᠴᠠᠭᠠᠵᠤ ᠵᠠᠰᠠᠬᠤ ᠶᠢ ᠡᠭᠦᠷᠭᠡᠯᠡᠵᠦ ᠪᠠᠶᠢᠨ᠎ᠠ︔ ᠡᠷᠡᠭᠦᠦ ᠶᠢᠨ ᠬᠡᠷᠡᠭ ᠢᠶᠠᠷ ᠰᠤᠯᠠᠯᠠᠭᠳᠠᠨ ᠰᠤᠯᠠᠯᠠᠭᠳᠠᠭᠰᠠᠳ ᠢ ᠳᠥᠪᠬᠢᠨᠡᠭᠦᠯᠦᠨ ᠬᠠᠪᠰᠤᠷᠤᠨ ᠰᠤᠷᠭᠠᠬᠤ ᠠᠵᠢᠯ ᠢ ᠵᠢᠯᠣᠭᠤᠳᠤᠨ᠎ᠠ︔ ᠬᠠᠤᠯᠢ ᠴᠠᠭᠠᠵᠠ ᠶᠢᠨ ᠲᠤᠰᠠᠯᠠᠮᠵᠢ ᠶᠢᠨ ᠲᠥᠪ ᠤᠨ ᠠᠵᠢᠯ ᠢ ᠬᠢᠨᠠᠵᠤ ᠬᠠᠮᠢᠶᠠᠷᠤᠨ᠎ᠠ︔ ᠨᠡᠶᠢᠭᠡᠮ ᠲᠣᠭᠤᠷᠢᠭ ᠤᠨ ᠵᠠᠰᠠᠮᠵᠢᠯᠠᠬᠤ ᠠᠵᠢᠯ ᠢ ᠵᠢᠯᠣᠭᠤᠳᠤᠨ᠎ᠠ︔ ᠦᠨᠳᠦᠰᠦᠨ ᠱᠠᠲᠤᠨ ᠤ ᠬᠠᠤᠯᠢ ᠴᠠᠭᠠᠵᠠ ᠶᠢᠨ ᠦᠢᠯᠡᠴᠢᠯᠡᠭᠡ ᠵᠢᠴᠢ ︽148︾ ᠬᠠᠤᠯᠢ ᠴᠠᠭᠠᠵᠠ ᠶᠢᠨ ᠬᠠᠯᠠᠭᠤᠨ ᠱᠤᠭᠤᠮ ᠤᠨ ᠦᠢᠯᠡᠴᠢᠯᠡᠭᠡᠨ ᠤ ᠬᠠᠮᠢᠶᠠᠷᠤᠯᠲᠠ ᠶᠢᠨ ᠠᠵᠢᠯ ᠢ ᠥᠷᠨᠢᠭᠦᠯᠪᠡ᠃      ᠬᠤᠶᠠᠷ᠂ ᠳᠣᠲᠣᠭᠠᠳᠤ ᠪᠠᠶᠢᠭᠤᠯᠤᠮᠵᠢ      1.ᠠᠯᠪᠠᠨ ᠭᠡᠷ      ᠪᠠᠶᠢᠭᠤᠯᠭ᠎ᠠ ᠶᠢᠨ ᠡᠳᠦᠷ ᠲᠤᠲᠤᠮ ᠤᠨ ᠠᠵᠢᠯᠯᠠᠭᠠᠨ ᠢ ᠬᠠᠷᠢᠭᠤᠴᠠᠨ᠎ᠠ᠃ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠢᠰᠲ᠋ᠧᠮ ᠤᠨ ᠲᠥᠪ ᠤᠨ ᠤᠯᠤᠰ ᠲᠦᠷᠦ ᠬᠠᠤᠯᠢ ᠴᠠᠭᠠᠵᠠ ᠶᠢᠨ ᠨᠥᠬᠦᠪᠦᠷᠢ ᠶᠢᠨ ᠲᠤᠰᠬᠠᠢ ᠵᠣᠭᠤᠰ ᠢ ᠵᠦᠢ ᠵᠣᠬᠢᠰᠲᠠᠢ ᠵᠢᠷᠤᠮᠵᠢᠭᠤᠯᠤᠨ ᠬᠡᠷᠡᠭᠯᠡᠨ᠎ᠡ︔ ᠪᠦᠬᠦ ᠲᠠᠯ᠎ᠠ ᠶᠢᠨ ᠴᠠᠭᠳᠠᠭᠠᠨ ᠲᠡᠷᠭᠡ ᠶᠢᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ ᠲᠣᠪᠴᠢᠶ᠎ᠠ ᠶᠢᠨ ᠪᠠᠶᠢᠭᠤᠯᠭ᠎ᠠ ᠶᠢᠨ ᠪᠢᠴᠢᠭ ᠮᠠᠲ᠋ᠧᠷᠢᠶᠠᠯ ᠨᠠᠶᠢᠷᠠᠭᠤᠯᠬᠤ᠂ ᠪᠠᠷᠯᠠᠬᠤ᠂ ᠤᠯᠠᠭᠠᠨ ᠳᠠᠮᠯᠠᠬᠤ᠂ ᠳᠠᠷᠤᠮᠠᠯᠯᠠᠬᠤ ᠶᠢ ᠬᠠᠷᠢᠭᠤᠴᠠᠨ᠎ᠠ︔ ᠲᠣᠪᠴᠢᠶᠠᠨ ᠤ ᠪᠠᠶᠢᠭᠤᠯᠭ᠎ᠠ ᠶᠢᠨ ᠠᠷᠤ ᠲᠠᠯ᠎ᠠ ᠶᠢᠨ ᠦᠢᠯᠡᠴᠢᠯᠡᠭᠡᠨ ᠤ ᠪᠠᠲᠤᠯᠠᠭ᠎ᠠ ᠵᠢᠴᠢ ᠤᠳᠤᠷᠢᠳᠤᠯᠭ᠎ᠠ ᠶᠢᠨ ᠲᠤᠰᠢᠶᠠᠭᠰᠠᠨ ᠪᠤᠰᠤᠳ ᠠᠵᠢᠯ ᠢ ᠬᠠᠷᠢᠭᠤᠴᠠᠨ᠎ᠠ᠃      2.ᠤᠯᠤᠰ ᠲᠥᠷᠥ ᠶᠢᠨ ᠠᠵᠢᠯ ᠤᠨ ᠲᠠᠰᠤᠭ      ᠨᠠᠮ ᠤᠨ ᠪᠠᠶᠢᠭᠤᠯᠤᠯᠲᠠ ᠶᠢᠨ ᠠᠵᠢᠯ ᠢ ᠬᠠᠷᠢᠭᠤᠴᠠᠨ᠎ᠠ᠃ ᠺᠠᠳ᠋ᠷ ᠤᠨ ᠰᠠᠬᠢᠯᠭ᠎ᠠ ᠪᠠᠲᠤ ᠣᠪᠣᠷ ᠰᠤᠷᠲᠠᠯ ᠤᠨ ᠴᠡᠭᠴᠡᠯᠡᠯᠲᠡ ᠪᠠ ᠨᠠᠮ ᠤᠨ ᠰᠠᠬᠢᠯᠭ᠎ᠠ ᠪᠠᠲᠤ᠂ ᠵᠠᠰᠠᠭ ᠤᠨ ᠰᠠᠬᠢᠯᠭ᠎ᠠ ᠪᠠᠲᠤ ᠶᠢᠨ ᠬᠥᠮᠦᠵᠢᠯ ᠢ ᠥᠷᠨᠢᠭᠦᠯᠦᠨ᠎ᠡ︔ ᠪᠦᠬᠦ ᠲᠠᠯ᠎ᠠ ᠶᠢᠨ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠢᠰᠲ᠋ᠧᠮ ᠤᠨ ᠡᠩᠨᠡᠭᠡᠨ ᠤ ᠪᠠᠶᠢᠭᠤᠯᠤᠯᠲᠠ ᠶᠢ ᠵᠢᠯᠤᠭᠤᠳᠴᠤ᠂ ᠡᠷᠬᠡ ᠮᠡᠳᠡᠯ ᠤᠨ ᠬᠡᠪᠴᠢᠶ᠎ᠡ ᠶᠣᠰᠣᠭᠠᠷ ᠲᠣᠪᠴᠢᠶ᠎ᠠ ᠶᠢᠨ ᠪᠠᠶᠢᠭᠤᠯᠤᠯᠭ᠎ᠠ ᠵᠢᠴᠢ ᠬᠠᠷᠢᠶ᠎ᠠ ᠨᠢᠭᠡᠴᠢ ᠶᠢᠨ ᠺᠠᠳ᠋ᠷ ᠤᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ︔ ᠬᠠᠮᠢᠶᠠᠷᠤᠯᠲᠠ ᠶᠢᠨ ᠲᠣᠪᠴᠢᠶᠠᠨ ᠤ ᠪᠠᠶᠢᠭᠤᠯᠭ᠎ᠠ ᠶᠢ ᠬᠠᠷᠢᠭᠤᠴᠠᠬᠤ ᠶᠢᠨ ᠬᠠᠮᠲᠤ ᠬᠠᠷᠢᠶ᠎ᠠ ᠨᠢᠭᠡᠴᠢ ᠶᠢᠨ ᠢᠶᠠᠨ ᠣᠷᠣᠨ ᠲᠤᠭ᠎ᠠ ᠵᠡᠷᠭᠡ ᠠᠵᠢᠯ ᠢ ᠵᠢᠯᠣᠭᠤᠳᠤᠨ᠎ᠠ︔ ᠪᠦᠬᠦ ᠲᠠᠯ᠎ᠠ ᠶᠢᠨ ᠵᠣᠬᠢᠶᠠᠨ ᠪᠠᠶᠢᠭᠤᠯᠤᠯᠲᠠ ᠶᠢᠨ ᠰᠤᠷᠲᠠᠯ ᠤᠬᠠᠭᠤᠯᠭ᠎ᠠ ᠪᠠ ᠦᠵᠡᠯ ᠰᠠᠨᠠᠭ᠎ᠠ ᠤᠯᠤᠰ ᠲᠦᠷᠦ ᠶᠢᠨ ᠠᠵᠢᠯ ᠢ ᠬᠠᠷᠢᠭᠤᠴᠠᠨ᠎ᠠ︔ ᠪᠦᠬᠦ ᠲᠠᠯ᠎ᠠ ᠶᠢᠨ ᠠᠵᠢᠯᠲᠠᠨ ᠤ ᠤᠯᠤᠰ ᠲᠥᠷᠥ ᠶᠢᠨ ᠣᠨᠣᠯ ᠪᠠ ᠲᠤᠬᠠᠶᠢᠯᠠᠭᠰᠠᠨ ᠠᠵᠢᠯ ᠤᠨ ᠪᠣᠯᠪᠠᠰᠤᠷᠠᠯ ᠤᠨ ᠠᠵᠢᠯ ᠢ ᠬᠠᠷᠢᠭᠤᠴᠠᠨ᠎ᠠ︔ ᠰᠢᠯᠢᠳᠡᠭ ᠢ ᠰᠢᠯᠭᠠᠷᠠᠭᠤᠯᠵᠤ ᠲᠡᠷᠢᠭᠦᠨ ᠤ ᠬᠢ ᠶᠢ ᠡᠭᠦᠳᠬᠦ᠂ ᠬᠥᠬᠢᠭᠦᠯᠦᠨ ᠱᠠᠩᠨᠠᠬᠤ ᠠᠵᠢᠯ ᠢ ᠡᠭᠦᠷᠭᠡᠯᠡᠨ᠎ᠡ︔ ᠭᠠᠳᠠᠭᠠᠳᠤ ᠤᠬᠠᠭᠤᠯᠭ᠎ᠠ ᠶᠢᠨ ᠠᠵᠢᠯ ᠢ ᠬᠠᠷᠢᠭᠤᠴᠠᠨ᠎ᠠ᠃      3.ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠲᠠᠰᠤᠭ      ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢᠨ ᠠᠵᠢᠯ ᠢ ᠬᠠᠷᠢᠭᠤᠴᠠᠵᠤ᠂ ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢᠨ ᠡᠯ᠎ᠡ ᠵᠦᠢᠯ ᠤᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠎ᠠ︔ ᠵᠠᠰᠠᠭ ᠵᠠᠬᠢᠷᠭᠠᠨ ᠤ ᠬᠦᠴᠦᠨ ᠴᠢᠳᠠᠪᠤᠷᠢ ᠶᠢ ᠬᠢᠨᠠᠨ ᠪᠠᠶᠢᠴᠠᠭᠠᠬᠤ ᠠᠵᠢᠯ ᠢ ᠬᠠᠷᠢᠭᠤᠴᠠᠵᠤ᠂ ᠪᠠᠶᠢᠭᠤᠯᠭ᠎ᠠ ᠶᠢᠨ ᠡᠯ᠎ᠡ ᠵᠦᠢᠯ ᠤᠨ ᠠᠵᠢᠯ ᠤᠨ ᠳᠦᠷᠢᠮ ᠢ ᠲᠣᠭᠲᠠᠭᠠᠨ ᠲᠡᠭᠦᠯᠳᠡᠷᠵᠢᠭᠦᠯᠬᠦ ᠶᠢᠨ ᠬᠠᠮᠲᠤ ᠬᠢᠨᠠᠯᠲᠠ ᠲᠠᠯᠪᠢᠵᠤ ᠨᠠᠶᠢᠳᠠᠪᠤᠷᠢᠵᠢᠭᠤᠯᠤᠨ᠎ᠠ︔ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠢᠰᠲ᠋ᠧᠮ ᠤᠨ ᠳᠣᠲᠣᠭᠠᠳᠤ ᠶᠢᠨ ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠠᠵᠢᠯ ᠢ ᠬᠠᠷᠢᠭᠤᠴᠠᠵᠤ᠂ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠺᠠᠳ᠋ᠷ ᠴᠠᠭᠳᠠᠭ᠎ᠠ ᠪᠠ ᠬᠠᠤᠯᠢ ᠴᠠᠭᠠᠵᠠ ᠶᠢᠨ ᠦᠢᠯᠡᠴᠢᠯᠡᠭᠡᠨ ᠤ ᠠᠵᠢᠯᠲᠠᠨ ᠤ ᠲᠤᠰᠢᠶᠠᠯ ᠬᠠᠷᠢᠭᠤᠴᠠᠯᠭ᠎ᠠ ᠪᠠᠨ ᠬᠠᠤᠯᠢ ᠶᠣᠰᠣᠭᠠᠷ ᠭᠦᠢᠴᠡᠳᠬᠡᠵᠦ ᠪᠠᠶᠢᠭ᠎ᠠ ᠪᠠᠶᠢᠳᠠᠯ ᠢ ᠬᠢᠨᠠᠵᠤ ᠪᠠᠶᠢᠴᠠᠭᠠᠨ᠎ᠠ︔ ᠵᠠᠭᠠᠯᠳᠤᠯᠭ᠎ᠠ ᠢᠯᠡᠴᠢᠯᠡᠨ ᠮᠡᠳᠡᠭᠦᠯᠦᠯᠲᠡ ᠶᠢ ᠬᠦᠯᠢᠶᠡᠨ ᠠᠪᠴᠤ ᠰᠢᠢᠳᠪᠦᠷᠢᠯᠡᠨ᠂ ᠺᠠᠳ᠋ᠷ ᠤᠨ ᠬᠠᠤᠯᠢ ᠰᠠᠬᠢᠯᠭ᠎ᠠ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠪᠠᠶᠢᠴᠠᠭᠠᠨ ᠰᠢᠢᠳᠪᠦᠷᠢᠯᠡᠨ᠎ᠡ︔ ᠳᠡᠭᠡᠳᠦ ᠱᠠᠲᠤᠨ ᠤ ᠰᠠᠬᠢᠯᠭ᠎ᠠ ᠪᠠᠲᠤ ᠪᠠᠶᠢᠴᠠᠭᠠᠬᠤ ᠰᠠᠯᠠᠭ᠎ᠠ ᠮᠥᠴᠢᠷ ᠤᠨ ᠲᠤᠰᠢᠶᠠᠭᠰᠠᠨ ᠪᠤᠰᠤᠳ ᠠᠵᠢᠯ ᠳᠤ ᠬᠠᠮᠵᠢᠯᠴᠠᠨ᠎ᠠ᠃      4.ᠨᠡᠶᠢᠭᠡᠮ ᠲᠣᠭᠤᠷᠢᠭ ᠤᠨ ᠵᠠᠰᠠᠨ ᠵᠠᠯᠠᠷᠠᠭᠤᠯᠬᠤ ᠬᠠᠮᠢᠶᠠᠷᠤᠯᠲᠠ ᠶᠢᠨ ᠲᠠᠰᠤᠭ      ᠪᠥᠬᠦ ᠲᠣᠭᠤᠷᠢᠭ ᠤᠨ ᠨᠡᠶᠢᠭᠡᠮ ᠲᠣᠭᠤᠷᠢᠭ ᠤᠨ ᠵᠠᠯᠠᠷᠠᠭᠤᠯᠭ᠎ᠠ ᠶᠢᠨ ᠬᠠᠤᠯᠢ ᠴᠠᠭᠠᠵᠠ ᠬᠠᠤᠯᠢ ᠲᠣᠭᠲᠠᠭᠠᠯ ᠪᠠ ᠲᠥᠷᠥ ᠶᠢᠨ ᠪᠣᠳᠣᠯᠭ᠎ᠠ ᠶᠢ ᠬᠡᠷᠡᠭᠵᠢᠭᠦᠯᠬᠦ ᠠᠵᠢᠯ ᠳᠤ ᠬᠢᠨᠠᠯᠲᠠ ᠲᠠᠯᠪᠢᠵᠤ ᠪᠠᠶᠢᠴᠠᠭᠠᠬᠤ ᠶᠢ ᠬᠠᠷᠢᠭᠤᠴᠠᠨ᠎ᠠ︔ ᠨᠡᠶᠢᠭᠡᠮ ᠲᠣᠭᠤᠷᠢᠭ ᠤᠨ ᠵᠠᠯᠠᠷᠠᠭᠤᠯᠬᠤ ᠡᠲᠡᠭᠡᠳ ᠤᠨ ᠡᠷᠡᠭᠦᠦ  ᠰᠢᠢᠳᠬᠡᠯ ᠢ ᠭᠦᠢᠴᠡᠳᠬᠡᠬᠦ ᠶᠢ ᠵᠢᠭᠠᠨ ᠵᠢᠯᠤᠭᠤᠳᠴᠤ᠂ ᠲᠡᠭᠦᠨ ᠳᠤ ᠬᠢᠨᠠᠯᠲᠠ ᠲᠠᠯᠪᠢᠵᠤ᠂ ᠰᠤᠷᠭᠠᠨ ᠬᠥᠮᠥᠵᠢᠭᠦᠯᠬᠦ ᠪᠠ ᠬᠠᠪᠰᠤᠷᠤᠨ ᠲᠡᠳᠬᠦᠬᠦ ᠠᠵᠢᠯ ᠢ ᠬᠠᠮᠢᠶᠠᠷᠤᠨ᠎ᠠ︔ ᠨᠡᠶᠢᠭᠡᠮ ᠤᠨ ᠬᠦᠴᠦᠨ ᠪᠠ ᠰᠠᠶᠢᠨ ᠳᠤᠷ᠎ᠠ ᠶᠢᠨ ᠠᠵᠢᠯᠯᠠᠭᠴᠢ ᠶᠢ ᠵᠢᠯᠣᠭᠤᠳᠤᠨ ᠨᠡᠶᠢᠭᠡᠮ ᠲᠣᠭᠤᠷᠢᠭ ᠤᠨ ᠵᠠᠰᠠᠮᠵᠢᠯᠠᠬᠤ ᠠᠵᠢᠯ ᠳᠤ ᠣᠷᠣᠯᠴᠠᠭᠤᠯᠤᠨ᠎ᠠ︔      5.ᠠᠷᠠᠳ ᠲᠦᠮᠡᠨ ᠬᠠᠤᠯᠢ ᠳᠦᠷᠢᠮ ᠳᠤ ᠣᠷᠣᠯᠴᠠᠬᠤ ᠪᠠ ᠠᠬᠢᠭᠤᠯᠬᠤ ᠲᠠᠰᠤᠭ      ᠪᠥᠬᠦ ᠲᠣᠭᠤᠷᠢᠭ ᠤᠨ ᠠᠷᠠᠳ ᠣᠯᠠᠨ ᠤ ᠬᠠᠤᠯᠢᠵᠢᠯ ᠤᠨ ᠪᠠᠶᠢᠭᠤᠯᠤᠯᠲᠠ ᠳᠤ ᠣᠷᠣᠯᠴᠠᠬᠤ᠂ ᠠᠬᠢᠭᠤᠯᠬᠤ᠂ ᠬᠢᠨᠠᠯᠲᠠ ᠲᠠᠯᠪᠢᠬᠤ ᠳᠦᠷᠢᠮ ᠠᠷᠭ᠎ᠠ ᠬᠡᠮᠵᠢᠶ᠎ᠡ ᠶᠢ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠵᠤ ᠬᠡᠷᠡᠭᠵᠢᠭᠦᠯᠬᠦ ᠶᠢ ᠬᠠᠷᠢᠭᠤᠴᠠᠨ᠎ᠠ︔ ᠠᠷᠠᠳ ᠤᠨ ᠪᠦᠯᠬᠦᠮ᠂ ᠤᠯᠠᠨ ᠲᠦᠮᠡᠨ ᠤ ᠥᠪᠡᠷᠲᠡᠭᠡᠨ ᠵᠠᠰᠠᠬᠤ ᠵᠣᠬᠢᠶᠠᠨ ᠪᠠᠶᠢᠭᠤᠯᠤᠯᠲᠠ ᠶᠢᠨ ᠬᠠᠤᠯᠢ ᠪᠠᠷ ᠵᠠᠰᠠᠬᠤ ᠨᠡᠶᠢᠭᠡᠮ ᠤᠨ ᠪᠠᠶᠢᠭᠤᠯᠤᠯᠲᠠ ᠶᠢᠨ ᠠᠵᠢᠯ ᠳᠤ ᠣᠷᠣᠯᠴᠠᠬᠤ ᠪᠠ ᠲᠡᠭᠦᠨ ᠢ ᠳᠡᠮᠵᠢᠬᠦ ᠶᠢ ᠵᠢᠯᠣᠭᠤᠳᠤᠨ᠎ᠠ︔ ᠪᠥᠬᠦ  ᠲᠣᠭᠤᠷᠢᠭ ᠤᠨ ᠬᠠᠤᠯᠢ ᠴᠠᠭᠠᠵᠠ ᠶᠢᠨ ᠭᠠᠵᠠᠷ ᠤᠨ ᠪᠠᠶᠢᠭᠤᠯᠤᠯᠲᠠ ᠶᠢ ᠵᠢᠯᠣᠭᠤᠳᠤᠨ ᠠᠬᠢᠭᠤᠯᠤᠨ᠎ᠠ︔ ᠪᠥᠬᠦ ᠲᠣᠭᠤᠷᠢᠭ ᠤᠨ ᠠᠷᠠᠳ ᠤᠨ ᠡᠶᠡᠳᠡᠭᠦᠯᠬᠦ᠂ ᠵᠠᠰᠠᠭ ᠵᠠᠬᠢᠷᠭᠠᠨ ᠤ ᠡᠶᠡᠳᠡᠭᠦᠯᠬᠦ ᠪᠠ ᠠᠵᠢᠯ ᠲᠥᠷᠥᠯ ᠤᠨ ᠴᠢᠨᠠᠷᠲᠠᠢ ᠲᠤᠰᠬᠠᠢ ᠮᠡᠷᠭᠡᠵᠢᠯ ᠤᠨ ᠴᠢᠨᠠᠷᠲᠠᠢ ᠡᠶᠡᠳᠡᠭᠦᠯᠬᠦ ᠠᠵᠢᠯ ᠢ ᠵᠢᠯᠣᠭᠤᠳᠤᠨ᠎ᠠ︔ ᠪᠥᠬᠦ ᠲᠣᠭᠤᠷᠢᠭ ᠤᠨ ᠠᠷᠠᠳ ᠤᠨ ᠬᠠᠪᠰᠤᠷᠤᠨ ᠰᠢᠭᠦᠭᠴᠢ᠂ ᠠᠷᠠᠳ ᠤᠨ ᠬᠢᠨᠠᠯᠲᠠ ᠲᠠᠯᠪᠢᠭᠴᠢ ᠶᠢ ᠰᠣᠩᠭᠤᠨ ᠲᠣᠮᠢᠯᠠᠬᠤ ᠬᠠᠮᠢᠶᠠᠷᠤᠯᠲᠠ ᠶᠢᠨ ᠠᠵᠢᠯ ᠢ ᠵᠢᠯᠤᠭᠤᠳᠴᠤ ᠪᠠᠶᠢᠭᠠᠳ ᠪᠥᠬᠦ ᠲᠣᠭᠤᠷᠢᠭ ᠤᠨ ᠬᠠᠪᠰᠤᠷᠤᠨ ᠬᠥᠮᠥᠵᠢᠭᠦᠯᠵᠦ ᠲᠥᠪᠬᠢᠨᠡᠭᠦᠯᠬᠦ ᠠᠵᠢᠯ ᠢ ᠵᠢᠯᠣᠭᠤᠳᠤᠨ᠎ᠠ᠃      6.ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠪᠠ ᠬᠠᠤᠯᠢ ᠶᠣᠰᠣᠭᠠᠷ ᠵᠠᠰᠠᠬᠤ ᠲᠠᠰᠤᠭ      ᠪᠥᠬᠦ ᠲᠣᠭᠤᠷᠢᠭ ᠤᠨ ᠬᠠᠤᠯᠢ ᠳᠦᠷᠢᠮ ᠤᠨ ᠤᠬᠠᠭᠤᠯᠭ᠎ᠠ ᠬᠥᠮᠦᠵᠢᠯ ᠤᠨ ᠲᠥᠯᠦᠪᠵᠢᠭᠦᠯᠭᠡ ᠶᠢ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠬᠦ ᠶᠢ ᠬᠠᠷᠢᠭᠤᠴᠠᠨ᠎ᠠ︔ ᠡᠯ᠎ᠡ ᠪᠠᠯᠭᠠᠰᠤ᠂ ᠡᠯ᠎ᠡ ᠰᠠᠯᠠᠭ᠎ᠠ ᠮᠥᠴᠢᠷ ᠤᠨ ︽ᠬᠡᠨ ᠬᠠᠤᠯᠢ ᠬᠡᠷᠡᠭᠵᠢᠭᠦᠯᠪᠡᠯ ᠬᠡᠨ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ︾ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠬᠠᠷᠢᠭᠤᠴᠠᠯᠭ᠎ᠠ ᠶᠢᠨ ᠳᠦᠷᠢᠮ ᠢ ᠨᠠᠶᠢᠳᠠᠪᠤᠷᠢᠵᠢᠭᠤᠯᠬᠤ ᠠᠵᠢᠯ ᠢ ᠵᠢᠯᠣᠭᠤᠳᠤᠨ ᠲᠡᠭᠦᠨ ᠳᠤ ᠬᠢᠨᠠᠯᠲᠠ ᠲᠠᠯᠪᠢᠵᠤ᠂ ᠠᠷᠠᠳ ᠨᠡᠶᠢᠲᠡ ᠳᠤ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠶᠢ ᠲᠦᠯᠬᠢᠨ ᠠᠬᠢᠭᠤᠯᠤᠨ᠎ᠠ︔ ᠪᠥᠬᠦ ᠲᠣᠭᠤᠷᠢᠭ ᠤᠨ ᠲᠥᠷᠥ ᠶᠢᠨ ᠠᠵᠢᠯᠲᠠᠨ ᠤ ᠬᠠᠤᠯᠢ ᠶᠢ ᠰᠤᠷᠴᠤ ᠬᠠᠤᠯᠢ ᠶᠢ ᠬᠡᠷᠡᠭᠯᠡᠬᠦ ᠠᠵᠢᠯ ᠢ ᠵᠢᠯᠣᠭᠤᠳᠤᠨ ᠬᠢᠨᠠᠯᠲᠠ ᠲᠠᠯᠪᠢᠨ᠎ᠠ︔ ᠡᠯ᠎ᠡ ᠵᠡᠭᠡᠯᠢ ᠭᠤᠳᠤᠮᠵᠢ ᠰᠢᠶᠠᠩ ᠪᠠᠯᠭᠠᠰᠤ᠂ ᠡᠯ᠎ᠡ ᠰᠠᠯᠠᠭ᠎ᠠ ᠮᠥᠴᠢᠷ ᠡᠯ᠎ᠡ ᠠᠵᠢᠯ ᠲᠦᠷᠦᠯ ᠤᠨ ᠬᠠᠤᠯᠢ ᠶᠣᠰᠣᠭᠠᠷ ᠵᠠᠰᠠᠬᠤ ᠪᠠ ᠬᠠᠤᠯᠢᠵᠢᠯ ᠤᠨ ᠡᠭᠦᠳᠦᠨ ᠪᠠᠶᠢᠭᠤᠯᠬᠤ ᠠᠵᠢᠯ ᠢ ᠵᠢᠯᠣᠭᠤᠳᠤᠨ᠎ᠠ᠃ ᠨᠡᠶᠢᠭᠡᠮ ᠵᠢᠷᠤᠮ ᠤᠨ ᠬᠠᠤᠯᠢᠵᠢᠯ ᠤᠨ ᠰᠣᠶᠣᠯ ᠤᠨ ᠪᠠᠶᠢᠭᠤᠯᠤᠯᠲᠠ ᠶᠢᠨ ᠠᠵᠢᠯ ᠢ ᠵᠢᠯᠣᠭᠤᠳᠤᠨ᠎ᠠ᠃      7.ᠤᠯᠠᠨ ᠨᠡᠶᠢᠲᠡ ᠶᠢᠨ ᠬᠠᠤᠯᠢ ᠴᠠᠭᠠᠵᠠ ᠶᠢᠨ ᠦᠢᠯᠡᠴᠢᠯᠡᠭᠡᠨ ᠤ ᠬᠠᠮᠢᠶᠠᠷᠤᠯᠲᠠ ᠶᠢᠨ ᠲᠠᠰᠤᠭ      ᠪᠥᠬᠦ ᠲᠣᠭᠤᠷᠢᠭ ᠤᠨ ᠣᠯᠠᠨ ᠨᠡᠶᠢᠲᠡ ᠶᠢᠨ ᠬᠠᠤᠯᠢ ᠴᠠᠭᠠᠵᠠ ᠶᠢᠨ ᠦᠢᠯᠡᠴᠢᠯᠡᠭᠡᠨ ᠤ ᠰᠢᠰᠲ᠋ᠧᠮᠵᠢ ᠪᠠ ᠲᠠᠪᠴᠠᠩ ᠤᠨ ᠪᠠᠶᠢᠭᠤᠯᠤᠯᠲᠠ ᠶᠢ ᠲᠥᠯᠥᠪᠵᠢᠭᠦᠯᠬᠦ ᠪᠠ ᠲᠦᠯᠬᠢᠨ ᠠᠬᠢᠭᠤᠯᠬᠤ ᠠᠵᠢᠯ ᠢ ᠬᠠᠷᠢᠭᠤᠴᠠᠨ᠎ᠠ︔ ᠪᠥᠬᠦ ᠲᠣᠭᠤᠷᠢᠭ ᠤᠨ ᠬᠠᠤᠯᠢ ᠴᠠᠭᠠᠵᠠ ᠶᠢᠨ ᠲᠤᠰᠠᠯᠠᠮᠵᠢ᠂ ᠬᠠᠤᠯᠢᠴᠢ ᠶᠢᠨ ᠠᠵᠢᠯ ᠢ ᠵᠢᠯᠤᠭᠤᠳᠬᠤ᠂ ᠬᠠᠮᠢᠶᠠᠷᠬᠤ᠂ ᠬᠢᠨᠠᠯᠲᠠ ᠲᠠᠯᠪᠢᠬᠤ ᠶᠢ ᠬᠠᠷᠢᠭᠤᠴᠠᠨ᠎ᠠ︔ ᠨᠡᠶᠢᠭᠡᠮ ᠤᠨ ᠵᠣᠬᠢᠶᠠᠨ ᠪᠠᠶᠢᠭᠤᠯᠤᠯᠲᠠ ᠪᠠ ᠰᠠᠶᠢᠨ ᠳᠤᠷ᠎ᠠ ᠶᠢᠨ ᠠᠵᠢᠯᠯᠠᠭᠴᠢ ᠶᠢᠨ ᠬᠠᠤᠯᠢ ᠴᠠᠭᠠᠵᠠ ᠶᠢᠨ ᠦᠢᠯᠡᠴᠢᠯᠡᠭᠡᠨ ᠤ ᠠᠵᠢᠯ ᠢ ᠵᠢᠯᠣᠭᠤᠳᠤᠨ᠎ᠠ︔ ᠠᠯᠪᠠᠨ ᠲᠤᠰᠢᠶᠠᠯᠲᠤ ᠬᠠᠤᠯᠢᠴᠢ᠂ ᠺᠣᠮᠫᠠᠨᠢ ᠶᠢᠨ ᠬᠠᠤᠯᠢᠴᠢ ᠶᠢᠨ ᠠᠵᠢᠯ ᠢ ᠵᠢᠯᠣᠭᠤᠳᠤᠨ᠎ᠠ᠃      8.ᠵᠠᠰᠠᠭ ᠵᠠᠬᠢᠷᠭᠠᠨ ᠤ ᠳᠠᠬᠢᠨ ᠵᠥᠪᠯᠡᠬᠦ ᠪᠠ ᠵᠠᠷᠭᠤ ᠬᠦᠯᠢᠶᠡᠬᠦ ᠲᠠᠰᠤᠭ      ᠪᠥᠬᠦ ᠲᠣᠭᠤᠷᠢᠭ ᠤᠨ ᠵᠠᠰᠠᠭ ᠵᠠᠬᠢᠷᠭᠠᠨ ᠤ ᠳᠠᠬᠢᠨ ᠵᠥᠪᠯᠡᠬᠦ ᠪᠠ ᠵᠠᠰᠠᠭ ᠵᠠᠬᠢᠷᠭᠠᠨ ᠤ ᠵᠠᠷᠭᠤ ᠬᠦᠯᠢᠶᠡᠬᠦ ᠠᠵᠢᠯ ᠢ ᠵᠢᠯᠤᠭᠤᠳᠬᠤ᠂ ᠬᠢᠨᠠᠯᠲᠠ ᠲᠠᠯᠪᠢᠬᠤ ᠶᠢ ᠬᠠᠷᠢᠭᠤᠴᠠᠨ᠎ᠠ︔ ᠵᠠᠰᠠᠭ ᠵᠠᠬᠢᠷᠭᠠᠨ ᠤ ᠳᠠᠬᠢᠨ ᠵᠥᠪᠯᠡᠬᠦ ᠪᠠ ᠵᠠᠷᠭᠤ ᠬᠦᠯᠢᠶᠡᠬᠦ ᠬᠡᠷᠡᠭ ᠢ ᠬᠠᠷᠢᠭᠤᠴᠠᠨ ᠰᠢᠢᠳᠪᠦᠷᠢᠯᠡᠨ᠎ᠡ︔ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠵᠢᠴᠢ ᠵᠠᠰᠠᠭ ᠤᠨ ᠣᠷᠳᠣᠨ ᠤ ᠡᠯ᠎ᠡ ᠰᠠᠯᠠᠭ᠎ᠠ ᠮᠥᠴᠢᠷ ᠤᠨ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠢ ᠳᠡᠩᠰᠡᠯᠡᠵᠦ ᠬᠢᠨᠠᠨ ᠪᠠᠶᠢᠴᠠᠭᠠᠬᠤ᠂ ᠬᠢᠨᠠᠯᠲᠠ ᠲᠠᠯᠪᠢᠬᠤ ᠪᠠ ᠣᠨᠳᠣᠣ ᠰᠠᠨᠠᠯ ᠲᠠᠢ ᠭᠤᠶᠤᠴᠢᠯᠠᠬᠤ ᠠᠵᠢᠯ ᠢ ᠬᠠᠷᠢᠭᠤᠴᠠᠨ᠎ᠠ︔ ᠨᠠᠮ ᠵᠠᠰᠠᠭ ᠤᠨ ᠪᠠᠶᠢᠭᠤᠯᠤᠯᠭ᠎ᠠ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠶᠢᠨ ᠬᠠᠤᠯᠢ ᠴᠠᠭᠠᠵᠠ ᠶᠢᠨ ᠵᠥᠪᠯᠡᠭᠴᠢ ᠶᠢᠨ ᠠᠵᠢᠯ ᠢ ᠵᠢᠯᠣᠭᠤᠳᠤᠨ ᠬᠢᠨᠠᠯᠲᠠ ᠲᠠᠯᠪᠢᠨ᠎ᠠ︔ ᠬᠤᠳᠣᠩ ᠠᠷᠠᠳ ᠤᠨ  ‍ᠣᠭᠤᠷᠢᠭ ᠤᠨ ᠵᠠᠰᠠᠭ ᠤᠨ ᠣᠷᠳᠣᠨ ᠤ ᠬᠠᠤᠯᠢ ᠴᠠᠭᠠᠵᠠ ᠶᠢᠨ ᠲᠤᠰᠬᠠᠢ ᠮᠡᠷᠭᠡᠵᠢᠯᠲᠡᠨ ᠤ ᠬᠥᠮᠥᠷᠭᠡ᠂ ᠬᠠᠤᠯᠢ ᠴᠠᠭᠠᠵᠠ ᠶᠢᠨ ᠵᠥᠪᠯᠡᠭᠴᠢ ᠶᠢ ᠰᠣᠩᠭᠤᠨ ᠤᠷᠢᠬᠤ ᠶᠢ ᠵᠣᠬᠢᠶᠠᠨ ᠪᠠᠶᠢᠭᠤᠯᠵᠤ ᠬᠠᠮᠢᠶᠠᠷᠬᠤ ᠠᠵᠢᠯ ᠢ ᠬᠠᠷᠢᠭᠤᠴᠠᠨ᠎ᠠ᠃      9.ᠬᠠᠤᠯᠢ ᠶᠣᠰᠣᠭᠠᠷ ᠲᠣᠭᠤᠷᠢᠭ ᠢᠶᠠᠨ ᠵᠠᠰᠠᠬᠤ ᠨᠠᠷᠢᠨ ᠪᠢᠴᠢᠭᠡᠴᠢ ᠶᠢᠨ ᠲᠠᠰᠤᠭ      ᠲᠣᠭᠤᠷᠢᠭ ᠤᠨ ᠨᠠᠮ ᠤᠨ ᠬᠤᠷᠢᠶ᠎ᠠ ᠶᠢᠨ ᠪᠥᠬᠦ ᠲᠠᠯ᠎ᠠ ᠪᠠᠷ ᠬᠠᠤᠯᠢ ᠶᠣᠰᠣᠭᠠᠷ ᠲᠣᠭᠤᠷᠢᠭ ᠢᠶᠠᠨ ᠵᠠᠰᠠᠬᠤ ᠵᠥᠪᠯᠡᠯ ᠤᠨ ᠠᠯᠪᠠᠨ ᠭᠡᠷ ᠤᠨ ᠡᠳᠦᠷ ᠲᠤᠲᠤᠮ ᠤᠨ ᠠᠵᠢᠯ ᠢ ᠬᠠᠷᠢᠭᠤᠴᠠᠵᠤ᠂ ᠬᠠᠤᠯᠢ ᠶᠣᠰᠣᠭᠠᠷ ᠲᠣᠭᠤᠷᠢᠭ ᠢᠶᠠᠨ ᠵᠠᠰᠠᠬᠤ ᠶᠢᠨ ᠵᠣᠬᠢᠴᠠᠭᠤᠯᠬᠤ ᠠᠵᠢᠯ ᠢ ᠳᠠᠭᠠᠭᠠᠨ ᠭᠦᠢᠴᠡᠳᠬᠡᠨ᠎ᠡ᠃      10.ᠬᠠᠤᠯᠢᠵᠢᠯ ᠤᠨ ᠪᠠᠶᠢᠴᠠᠭᠠᠨ ᠰᠤᠳᠤᠯᠵᠤ ᠬᠢᠨᠠᠨ ᠪᠠᠶᠢᠴᠠᠭᠠᠬᠤ ᠲᠠᠰᠤᠭ ᠤᠨ ᠡᠭᠦᠷᠭᠡ ᠴᠢᠳᠠᠪᠤᠷᠢ      ᠪᠦᠬᠦ ᠲᠠᠯ᠎ᠠ ᠪᠠᠷ ᠬᠠᠤᠯᠢ ᠶᠣᠰᠣᠭᠠᠷ ᠲᠣᠭᠤᠷᠢᠭ ᠢᠶᠠᠨ ᠵᠠᠰᠠᠬᠤ ᠣᠨᠣᠯ ᠬᠢᠭᠡᠳ  ᠦᠢᠯᠡᠳᠦᠯᠭᠡ ᠶᠢᠨ ᠰᠤᠳᠤᠯᠭᠠᠨ ᠤ ᠠᠵᠢᠯ ᠢ ᠥᠷᠨᠢᠭᠦᠯᠵᠦ᠂ ᠲᠥᠷᠥ ᠶᠢᠨ ᠪᠣᠳᠣᠯᠭ᠎ᠠ ᠶᠢᠨ ᠰᠠᠨᠠᠭᠤᠯᠭ᠎ᠠ ᠳᠤᠷᠠᠳᠴᠤ᠂ ᠪᠥᠬᠦ ᠲᠠᠯ᠎ᠠ ᠪᠠᠷ ᠬᠠᠤᠯᠢ ᠶᠣᠰᠣᠭᠠᠷ ᠲᠣᠭᠤᠷᠢᠭ ᠢᠶᠠᠨ ᠵᠠᠰᠠᠬᠤ ᠠᠵᠢᠯ ᠤᠨ ᠲᠥᠯᠦᠪᠵᠢᠭᠦᠯᠭᠡ ᠶᠢᠨ ᠰᠠᠨᠠᠭᠤᠯᠭ᠎ᠠ ᠶᠢᠨ ᠵᠣᠬᠢᠴᠠᠭᠤᠯᠬᠤ ᠠᠵᠢᠯ ᠢ ᠳᠠᠭᠠᠭᠠᠨ  ᠭᠦᠢᠴᠡᠳᠬᠡᠨ᠎ᠡ︔ ᠪᠥᠬᠦ ᠲᠠᠯ᠎ᠠ ᠪᠠᠷ ᠬᠠᠤᠯᠢ ᠶᠣᠰᠣᠭᠠᠷ ᠲᠣᠭᠤᠷᠢᠭ ᠢᠶᠠᠨ ᠵᠠᠰᠠᠬᠤ ᠬᠠᠮᠢᠶ᠎ᠠ ᠪᠦᠬᠦᠢ ᠴᠢᠬᠤᠯᠠ ᠪᠢᠴᠢᠭ ᠮᠠᠲ᠋ᠧᠷᠢᠶᠠᠯ ᠢ ᠲᠤᠭᠤᠷᠪᠢᠬᠤ ᠶᠢ ᠬᠠᠷᠢᠭᠤᠴᠠᠨ᠎ᠠ︔ ᠬᠠᠤᠯᠢᠵᠢᠯ ᠤᠨ ᠵᠠᠰᠠᠭ ᠤᠨ ᠣᠷᠳᠣᠨ ᠢ ᠪᠠᠶᠢᠭᠤᠯᠬᠤ᠂ ᠬᠠᠤᠯᠢ ᠶᠣᠰᠣᠭᠠᠷ ᠵᠠᠰᠠᠭ ᠶᠠᠪᠤᠭᠤᠯᠬᠤ ᠶᠢ ᠲᠦᠯᠬᠢᠨ ᠠᠬᠢᠭᠤᠯᠬᠤ ᠰᠠᠨᠠᠯ ᠪᠠ ᠠᠷᠭ᠎ᠠ ᠬᠡᠮᠵᠢᠶ᠎ᠡ ᠶᠢ ᠰᠤᠳᠤᠯᠤᠨ ᠳᠤᠷᠠᠳᠤᠨ᠎ᠠ︔ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠤᠷᠲᠤᠪᠲᠤᠷ ᠪᠠ ᠤᠷᠲᠤ ᠬᠤᠭᠤᠴᠠᠭᠠᠨ ᠤ ᠲᠥᠯᠦᠪᠵᠢᠭᠦᠯᠭᠡ᠂ ᠴᠢᠬᠤᠯᠠ ᠶᠡᠭᠡ ᠲᠦᠷᠦ ᠶᠢᠨ ᠪᠣᠳᠣᠯᠭ᠎ᠠ ᠲᠣᠭᠲᠠᠭᠠᠬᠤ ᠶᠢ ᠬᠠᠷᠢᠭᠤᠴᠠᠨ᠎ᠠ︔ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠥᠭᠡᠷᠡᠴᠢᠯᠡᠯᠲᠡ ᠪᠠ ᠰᠤᠳᠤᠯᠭᠠᠨ ᠤ ᠠᠵᠢᠯ ᠢ ᠲᠦᠯᠬᠢᠨ ᠠᠬᠢᠭᠤᠯᠬᠤ ᠶᠢ ᠬᠠᠷᠢᠭᠤᠴᠠᠨ᠎ᠠ︔ ᠪᠥᠬᠦ ᠲᠠᠯ᠎ᠠ ᠪᠠᠷ ᠬᠠᠤᠯᠢ ᠶᠣᠰᠣᠭᠠᠷ ᠲᠣᠭᠤᠷᠢᠭ ᠢᠶᠠᠨ ᠵᠠᠰᠠᠬᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢᠨ ᠣᠨ ᠤ ᠰᠢᠮᠳᠠᠭᠤᠯᠤᠨ ᠪᠠᠶᠢᠴᠠᠭᠠᠬᠤ ᠠᠵᠢᠯ ᠤᠨ ᠲᠥᠯᠥᠪᠯᠡᠭᠡ ᠪᠠ ᠰᠢᠯᠭᠠᠨ ᠬᠢᠨᠠᠬᠤ ᠭᠦᠢᠴᠡᠳᠬᠡᠯ ᠲᠤᠭ᠎ᠠ ᠶᠢ ᠲᠣᠭᠲᠠᠭᠠᠬᠤ ᠶᠢ ᠬᠠᠷᠢᠭᠤᠴᠠᠵᠤ᠂ ᠴᠢᠬᠤᠯᠠ ᠶᠡᠭᠡ ᠲᠤᠰᠬᠠᠢ ᠵᠦᠢᠯ ᠤᠨ ᠰᠢᠮᠳᠠᠭᠤᠯᠤᠨ ᠪᠠᠶᠢᠴᠠᠭᠠᠬᠤ ᠪᠠ ᠣᠨ ᠤ ᠰᠢᠯᠭᠠᠨ ᠬᠢᠨᠠᠬᠤ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠰᠢᠮᠳᠠᠭᠤᠯᠤᠨ ᠪᠠᠶᠢᠴᠠᠭᠠᠬᠤ᠂ ᠰᠢᠯᠭᠠᠨ ᠬᠢᠨᠠᠬᠤ ᠰᠠᠨᠠᠯ ᠪᠠ ᠬᠠᠷᠢᠭᠤᠴᠠᠯᠭ᠎ᠠ ᠬᠡᠯᠡᠯᠴᠡᠬᠦ ᠰᠠᠨᠠᠭᠤᠯᠭ᠎ᠠ ᠶᠢ ᠳᠤᠷᠠᠳᠤᠨ᠎ᠠ︔ ᠪᠠᠯᠭᠠᠰᠤ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠵᠢᠴᠢ ᠡᠯ᠎ᠡ ᠰᠠᠯᠠᠭ᠎ᠠ ᠮᠥᠴᠢᠷ ᠤᠨ ᠬᠠᠤᠯᠢᠵᠢᠯ ᠤᠨ ᠠᠵᠢᠯ ᠤᠨ ᠴᠢᠬᠤᠯᠠ ᠲᠣᠭᠲᠠᠭᠠᠯ ᠪᠠ ᠲᠥᠰᠥᠯ ᠤᠨ ᠳᠠᠩᠰᠠᠯᠠᠯᠲᠠ ᠶᠢ ᠬᠦᠯᠢᠶᠡᠨ ᠠᠪᠤᠨ᠎ᠠ᠃      11.ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢ ᠵᠣᠬᠢᠴᠠᠭᠤᠯᠤᠨ ᠬᠢᠨᠠᠬᠤ ᠲᠠᠰᠤᠭ      ᠪᠥᠬᠦ ᠲᠣᠭᠤᠷᠢᠭ ᠤᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢᠨ ᠶᠡᠷᠦᠩᠬᠡᠶᠢᠯᠡᠨ ᠵᠣᠬᠢᠴᠠᠭᠤᠯᠬᠤ ᠠᠵᠢᠯ ᠢ ᠬᠠᠷᠢᠭᠤᠴᠠᠨ᠎ᠠ︔ ᠪᠠᠯᠭᠠᠰᠤ ︵ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ︶ ᠵᠢᠴᠢ ᠡᠯ᠎ᠡ ᠰᠠᠯᠠᠭ᠎ᠠ ᠮᠥᠴᠢᠷ ᠤᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯ ᠢ ᠵᠢᠯᠣᠭᠤᠳᠤᠨ ᠬᠢᠨᠠᠯᠲᠠ ᠲᠠᠯᠪᠢᠵᠤ᠂ ᠴᠢᠩᠭ᠎ᠠ ᠵᠢᠷᠤᠮᠵᠢᠭᠤᠨ ᠲᠥᠪ ᠭᠤᠤᠯᠴᠢ ᠪᠣᠯᠪᠠᠰᠤᠨ ᠢᠶᠠᠷ ᠬᠠᠤᠯᠢ ᠬᠡᠷᠡᠭᠵᠢᠭᠦᠯᠬᠦ ᠶᠢ ᠠᠬᠢᠭᠤᠯᠤᠨ᠎ᠠ︔ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠪᠠᠶᠢᠭᠤᠯᠤᠯ ᠤᠨ ᠥᠭᠡᠷᠡᠴᠢᠯᠡᠯᠲᠡ ᠶᠢ ᠲᠦᠯᠬᠢᠨ ᠠᠬᠢᠭᠤᠯᠵᠤ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢᠨ ᠲᠦᠭᠡᠮᠡᠯ ᠴᠢᠨᠠᠷᠲᠠᠢ ᠴᠢᠬᠤᠯᠠ ᠴᠢᠨᠠᠷ ᠤᠨ ᠠᠰᠠᠭᠤᠳᠠᠯ ᠢ ᠵᠣᠬᠢᠴᠠᠭᠤᠯᠤᠨ᠎ᠠ︔ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠭᠤᠣᠯ ᠴᠣᠭᠴᠠ ᠪᠠ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯᠲᠠᠨ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠳᠤ ᠬᠢᠨᠠᠯᠲᠠ ᠲᠠᠯᠪᠢᠬᠤ ᠠᠵᠢᠯᠲᠠᠨ ᠤ ᠬᠢᠷᠢ ᠬᠡᠮ ᠢ ᠬᠢᠨᠠᠨ ᠬᠠᠷᠭᠤᠭᠤᠯᠬᠤ ᠪᠠ ᠦᠨᠡᠮᠯᠡᠯ ᠤᠨ ᠬᠠᠮᠢᠶᠠᠷᠤᠯᠲᠠ ᠶᠢᠨ ᠠᠵᠢᠯ ᠢ ᠡᠭᠦᠷᠭᠡᠯᠡᠨ᠎ᠡ︔ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠬᠠᠷᠢᠭᠤᠴᠠᠯᠭ᠎ᠠ ᠶᠢᠨ ᠳᠦᠷᠢᠮ ᠢ ᠬᠠᠷᠢᠭᠤᠴᠠᠨ᠎ᠠ︔ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢᠨ ᠬᠠᠤᠯᠢ ᠪᠠᠷ ᠵᠠᠰᠠᠬᠤ ᠶᠢ ᠵᠣᠬᠢᠴᠠᠭᠤᠯᠬᠤ ᠠᠵᠢᠯ ᠢ ᠬᠠᠷᠢᠭᠤᠴᠠᠨ᠎ᠠ᠃      12.ᠰᠢᠨᠵᠢᠯᠡᠬᠦ ᠤᠬᠠᠭᠠᠨ ᠮᠡᠷᠭᠡᠵᠢᠯ ᠤᠨ ᠮᠡᠳᠡᠭᠡ ᠵᠠᠩᠭᠢᠵᠢᠯᠲᠠ ᠶᠢᠨ ᠲᠠᠰᠤᠭ      ᠪᠥᠬᠦ ᠲᠣᠭᠤᠷᠢᠭ ᠤᠨ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠮᠡᠳᠡᠭᠡ ᠵᠠᠩᠭᠢᠵᠢᠯᠲᠠ ᠶᠢᠨ ᠪᠠᠶᠢᠭᠤᠯᠤᠯᠲᠠ ᠶᠢᠨ ᠶᠡᠷᠦᠩᠬᠡᠢ ᠲᠥᠯᠦᠪᠵᠢᠭᠦᠯᠭᠡ ᠶᠢ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ︔ ᠪᠥᠬᠦ ᠲᠣᠭᠤᠷᠢᠭ ᠤᠨ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠮᠡᠳᠡᠭᠡ ᠵᠠᠩᠭᠢᠵᠢᠯᠲᠠ ᠶᠢᠨ ᠰᠢᠰᠲ᠋ᠧᠮ᠂ ᠵᠥᠭᠡᠯᠡᠨ ᠲᠣᠨᠤᠭ ᠢ ᠲᠡᠭᠰᠢᠯᠡᠨ ᠨᠡᠶᠢᠯᠡᠭᠦᠯᠬᠦ ᠵᠢᠷᠤᠭ ᠲᠥᠯᠥᠪᠯᠡᠭᠡ᠂ ᠰᠤᠳᠤᠯᠤᠨ ᠨᠡᠭᠡᠭᠡᠬᠦ᠂ ᠪᠦᠲᠦᠭᠡᠨ ᠪᠠᠶᠢᠭᠤᠯᠬᠤ᠂ ᠬᠡᠷᠡᠭᠯᠡᠬᠦ ᠪᠠ ᠬᠠᠮᠠᠭᠠᠯᠠᠬᠤ ᠠᠵᠢᠯ ᠢ ᠵᠢᠯᠣᠭᠤᠳᠤᠨ᠎ᠠ︔ ᠪᠥᠬᠦ ᠲᠣᠭᠤᠷᠢᠭ ᠤᠨ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠢᠰᠲ᠋ᠧᠮ ᠤᠨ ᠪᠠᠴᠢᠮ ᠪᠠᠶᠢᠳᠠᠯ ᠢ ᠠᠷᠭᠠᠴᠠᠭᠠᠬᠤ ᠶᠢ ᠵᠢᠯᠤᠭᠤᠳᠬᠤ᠂ ᠶᠠᠷᠢᠶ᠎ᠠ ᠬᠡᠯᠡᠯᠴᠡᠭᠡᠨ ᠤ ᠪᠠᠶᠢᠳᠠᠯ ᠢ ᠰᠢᠢᠳᠪᠦᠷᠢᠯᠡᠬᠦ ᠪᠠ ᠶᠡᠷᠦᠩᠬᠡᠶᠢᠯᠡᠨ ᠵᠣᠬᠢᠴᠠᠭᠤᠯᠤᠨ ᠲᠣᠬᠢᠷᠠᠭᠤᠯᠬᠤ ᠠᠵᠢᠯ ᠢ ᠡᠭᠦᠷᠭᠡᠯᠡᠨ᠎ᠡ︔ ᠬᠠᠤᠯᠢ ᠴᠠᠭᠠᠵᠠ ᠶᠢᠨ ᠭᠠᠵᠠᠷ ᠤᠨ ᠠᠮᠤᠷ ᠲᠦᠪᠰᠢᠨ ᠤ ᠰᠡᠷᠭᠡᠶᠢᠯᠡᠯᠲᠡ ᠪᠠ ᠬᠢᠨᠠᠨ ᠡᠵᠡᠮᠳᠡᠬᠦ ᠰᠢᠰᠲ᠋ᠧᠮ ᠤᠨ ᠪᠠᠶᠢᠭᠤᠯᠤᠯᠲᠠ ᠶᠢᠨ ᠠᠵᠢᠯ ᠢ ᠵᠢᠯᠣᠭᠤᠳᠤᠨ᠎ᠠ᠃      ᠪᠠᠶᠢᠭᠤᠯᠤᠮᠵᠢ ᠶᠢᠨ ᠨᠡᠷᠡᠶᠢᠳᠦᠯ᠄ ᠬᠥᠬᠡᠬᠤᠲᠠ ᠶᠢᠨ ᠬᠤᠲᠣᠩ ᠠᠷᠠᠳ ᠤᠨ ᠲᠣᠭᠤᠷᠢᠭ ᠤᠨ ᠬᠠᠤᠯᠢ ᠴᠠᠭᠠᠵᠠ ᠶᠢᠨ ᠲᠣᠪᠴᠢᠶ᠎ᠠ      ᠠᠵᠢᠯᠯᠠᠬᠤ ᠬᠠᠶ᠋ᠢᠭ᠄ ᠥᠪᠥᠷ ᠮᠣᠩᠭᠤᠯ ᠤᠨ ᠬᠥᠬᠡᠬᠤᠲᠠ ᠶᠢᠨ ᠬᠤᠲᠣᠩ ᠠᠷᠠᠳ ᠤᠨ ᠲᠣᠭᠤᠷᠢᠭ ᠤᠨ ᠰᠢᠨᠬᠤᠸᠠ ᠪᠠᠷᠠᠭᠤᠨ ᠵᠡᠭᠡᠯᠢ ᠶᠢᠨ 49 ᠳ᠋ᠦ᠋ᠭᠡᠷ ᠨᠣᠮᠧᠷᠲᠤ ᠨᠠᠮ ᠵᠠᠰᠠᠭ ᠤᠨ ᠪᠠᠶᠢᠭᠤᠯᠤᠯᠭ᠎ᠠ ᠶᠢᠨ 3 ᠳ᠋ᠤᠭᠠᠷ ᠨᠣᠮᠧᠷᠲᠤ ᠠᠰᠠᠷ ᠤᠨ 408 ᠳ᠋ᠤᠭᠠᠷ ᠥᠷᠥᠭᠡ      ᠠᠵᠢᠯᠯᠠᠬᠤ ᠴᠠᠭ᠄ ᠦᠳᠡ ᠶᠢᠨ ᠡᠮᠦᠨᠡᠬᠢ 9᠄00 ︱ 12᠄00᠂ ᠦᠳᠡ ᠶᠢᠨ ᠬᠤᠶᠢᠨᠠᠬᠢ 1᠄30 ︱ 5᠄00 ︵ᠭᠠᠷᠠᠭ ᠤᠨ ᠨᠢᠭᠡᠨ ᠠᠴᠠ ᠭᠠᠷᠠᠭ ᠤᠨ ᠲᠠᠪᠤᠨ᠂ ᠪᠠᠶᠠᠷ ᠳᠤᠷᠠᠰᠬᠠᠯ ᠠᠮᠠᠷᠠᠯᠲᠠ ᠶᠢᠨ ᠡᠳᠦᠷ ᠠᠴᠠ ᠭᠠᠳᠠᠨ᠎ᠠ︶      ᠬᠠᠷᠢᠯᠴᠠᠬᠤ ᠤᠲᠠᠰᠤ᠄ 0471-3821462      ᠹᠠᠺᠰ ᠤᠨ ᠨᠣᠮᠧᠷ᠄ 0471-3821481      ᠢᠷᠡᠯᠲᠡ᠄ ᠬᠤᠲᠤᠩ ᠠᠷᠠᠳ ᠤᠨ ᠲᠣᠭᠤᠷᠢᠭ ᠤᠨ ᠵᠠᠰᠠᠭ ᠤᠨ ᠣᠷᠳᠤᠨ ᠤ ᠠᠯᠪᠠᠨ ᠰᠦᠯᠵᠢᠶ᠎ᠡ
 
ᠢᠷᠡᠯᠲᠡ᠄ ᠬᠤᠲᠤᠩ ᠠᠷᠠᠳ ᠤᠨ ᠲᠣᠭᠤᠷᠢᠭ ᠤᠨ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000611号-1号