ᠰᠤᠷᠭᠠᠨ ᠬᠥᠮᠦᠵᠢᠯ ᠤᠨ ᠲᠣᠪᠴᠢᠶ᠎ᠠ
ᠨᠡᠶᠢᠲᠡᠯᠡᠭᠰᠡᠨ ᠴᠠᠭ᠄
2024/3/11
     ᠨᠢᠭᠡ᠂ ᠭᠤᠣᠯ ᠡᠭᠦᠷᠭᠡ ᠴᠢᠳᠠᠮᠵᠢ      ᠬᠤᠲᠤᠩ ᠠᠷᠠᠳ ᠤᠨ ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶ᠎ᠠ ᠪᠣᠯ ᠬᠤᠲᠤᠩ ᠠᠷᠠᠳ ᠤᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠪᠥᠬᠦ ᠲᠣᠭᠤᠷᠢᠭ ᠤᠨ ᠰᠤᠷᠭᠠᠨ ᠬᠥᠮᠦᠵᠢᠯ ᠤᠨ ᠠᠵᠢᠯ ᠢ ᠭᠤᠣᠯᠯᠠᠨ ᠬᠠᠮᠢᠶᠠᠷᠬᠤ ᠠᠵᠢᠯ ᠤᠨ ᠰᠠᠯᠠᠭ᠎ᠠ ᠮᠥᠴᠢᠷ ᠪᠣᠯᠣᠨ᠎ᠠ᠃      ︵ᠨᠢᠭᠡ︶ ᠨᠠᠮ ᠪᠠ ᠤᠯᠤᠰ ᠤᠨ ᠰᠤᠷᠭᠠᠨ ᠬᠥᠮᠦᠵᠢᠯ ᠤᠨ ᠠᠵᠢᠯ ᠤᠨ ᠴᠢᠭᠯᠡᠯᠲᠡ᠂ ᠲᠥᠷᠥ ᠶᠢᠨ ᠪᠣᠳᠣᠯᠭ᠎ᠠ ᠪᠠ ᠬᠠᠤᠯᠢ ᠴᠠᠭᠠᠵᠠ ᠬᠠᠤᠯᠢ ᠲᠣᠭᠲᠠᠭᠠᠯ ᠢ ᠲᠤᠭᠤᠰᠢᠯᠠᠭᠤᠯᠤᠨ ᠬᠡᠷᠡᠭᠵᠢᠭᠦᠯᠵᠦ᠂ ᠪᠥᠬᠦ ᠲᠣᠭᠤᠷᠢᠭ ᠤᠨ ᠰᠤᠷᠭᠠᠨ ᠬᠥᠮᠦᠵᠢᠯ ᠤᠨ ᠥᠭᠡᠷᠡᠴᠢᠯᠡᠯᠲᠡ ᠬᠥᠭᠵᠢᠯᠲᠡ ᠶᠢᠨ ᠪᠠᠶᠢᠯᠳᠤᠬᠤ ᠪᠣᠳᠣᠯᠭ᠎ᠠ᠂ ᠰᠤᠷᠭᠠᠨ ᠬᠥᠮᠦᠵᠢᠯ ᠤᠨ ᠦᠢᠯᠡᠰ ᠤᠨ  ᠬᠥᠭᠵᠢᠯᠲᠡ ᠶᠢᠨ ᠲᠥᠯᠦᠪᠵᠢᠭᠦᠯᠭᠡ ᠪᠠ ᠲᠥᠷᠥ ᠶᠢᠨ ᠪᠣᠳᠣᠯᠭ᠎ᠠ ᠶᠢᠨ ᠴᠢᠨᠠᠷᠲᠠᠢ ᠪᠢᠴᠢᠭ ᠮᠠᠲ᠋ᠧᠷᠢᠶᠠᠯ ᠢ ᠲᠤᠭᠤᠷᠪᠢᠬᠤ ᠶᠢᠨ ᠬᠠᠮᠲᠤ ᠵᠣᠬᠢᠶᠠᠨ ᠪᠠᠶᠢᠭᠤᠯᠤᠨ ᠬᠢᠨᠠᠯᠲᠠ ᠲᠠᠯᠪᠢᠵᠤ ᠬᠡᠷᠡᠭᠵᠢᠭᠦᠯᠦᠨ᠎ᠡ᠃      ︵ᠬᠤᠶᠠᠷ︶ ᠡᠯ᠎ᠡ ᠱᠠᠲᠤᠨ ᠤ ᠡᠯ᠎ᠡ ᠲᠥᠷᠥᠯ ᠤᠨ ᠰᠤᠷᠭᠠᠨ ᠬᠥᠮᠦᠵᠢᠯ ᠢ ᠨᠢᠭᠡᠳᠦᠯᠲᠡᠢ ᠲᠥᠯᠥᠪᠵᠢᠭᠦᠯᠬᠦ ᠪᠠ ᠵᠣᠬᠢᠴᠠᠭᠤᠯᠤᠨ ᠬᠠᠮᠢᠶᠠᠷᠬᠤ ᠶᠢ ᠬᠠᠷᠢᠭᠤᠴᠠᠨ᠎ᠠ᠃ ᠤᠯᠤᠰ᠂ ᠥᠪᠡᠷᠲᠡᠭᠡᠨ ᠵᠠᠰᠠᠬᠤ ᠣᠷᠣᠨ ᠤ ᠲᠣᠭᠲᠠᠭᠠᠭᠰᠠᠨ ᠳᠤᠮᠳᠠᠳᠤ ᠵᠡᠷᠭᠡ ᠶᠢᠨ᠂ ᠠᠩᠬ᠎ᠠ ᠵᠡᠷᠭᠡ ᠶᠢᠨ ᠰᠤᠷᠭᠠᠨ ᠬᠥᠮᠦᠵᠢᠯ ᠤᠨ ᠡᠯ᠎ᠡ ᠲᠥᠷᠥᠯ ᠤᠨ ᠰᠤᠷᠭᠠᠭᠤᠯᠢ ᠪᠠᠶᠢᠭᠤᠯᠬᠤ ᠪᠠᠷᠢᠮᠵᠢᠶ᠎ᠠ ᠶᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠪᠥᠬᠦ ᠲᠣᠭᠤᠷᠢᠭ ᠤᠨ ᠡᠯ᠎ᠡ ᠱᠠᠲᠤᠨ ᠤ ᠡᠯ᠎ᠡ ᠲᠥᠷᠥᠯ ᠤᠨ ᠰᠤᠷᠭᠠᠭᠤᠯᠢ ᠶᠢᠨ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠥᠭᠡᠷᠡᠴᠢᠯᠡᠯᠲᠡ ᠶᠢ ᠵᠢᠯᠣᠭᠤᠳᠤᠨ᠎ᠠ᠃      ︵ᠭᠤᠷᠪᠠ︶ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠲᠡᠩᠴᠡᠭᠦᠷᠢᠲᠡᠢ ᠬᠥᠭᠵᠢᠬᠦ ᠶᠢ ᠲᠦᠯᠬᠢᠨ ᠠᠬᠢᠭᠤᠯᠬᠤ ᠪᠠ ᠰᠤᠷᠭᠠᠨ ᠬᠥᠮᠦᠵᠢᠯ ᠤᠨ ᠲᠥᠪ ᠭᠤᠣᠯᠴᠢ ᠪᠠᠶᠢᠬᠤ ᠶᠢ ᠠᠬᠢᠭᠤᠯᠬᠤ ᠶᠢ ᠬᠠᠷᠢᠭᠤᠴᠠᠵᠤ᠂ ᠡᠩ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠭᠠᠨ ᠬᠥᠮᠦᠵᠢᠯ᠂ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ᠂ ᠠᠷᠠᠳ ᠠᠴᠠ ᠡᠷᠬᠢᠯᠡᠭᠰᠡᠨ ᠰᠠᠭᠤᠷᠢ ᠰᠤᠷᠭᠠᠨ ᠬᠥᠮᠦᠵᠢᠯ ᠪᠣᠯᠣᠨ ᠤᠨᠴᠠᠭᠠᠢ ᠰᠤᠷᠭᠠᠨ ᠬᠥᠮᠦᠵᠢᠯ ᠤᠨ ᠠᠵᠢᠯ ᠢ ᠵᠢᠯᠣᠭᠤᠳᠤᠨ᠎ᠠ᠃ ᠰᠠᠭᠤᠷᠢ ᠰᠤᠷᠭᠠᠨ ᠬᠥᠮᠦᠵᠢᠯ ᠤᠨ ᠵᠢᠭᠠᠨ ᠰᠤᠷᠭᠠᠬᠤ ᠦᠨᠳᠦᠰᠦᠨ ᠱᠠᠭᠠᠷᠳᠠᠯᠭ᠎ᠠ ᠪᠠ ᠵᠢᠭᠠᠨ ᠰᠤᠷᠭᠠᠬᠤ ᠦᠨᠳᠦᠰᠦᠨ ᠪᠢᠴᠢᠭ ᠮᠠᠲ᠋ᠧᠷᠢᠶᠠᠯ ᠢ ᠲᠣᠭᠲᠠᠭᠠᠨ᠎ᠠ᠃ ᠳᠤᠮᠳᠠᠳᠤ ᠵᠡᠷᠭᠡ ᠶᠢᠨ ᠪᠠ ᠠᠩᠬ᠎ᠠ ᠵᠡᠷᠭᠡ ᠶᠢᠨ ᠰᠤᠷᠭᠠᠭᠤᠯᠢ ᠶᠢᠨ ᠥᠪᠡᠷ ᠤᠨ ᠬᠢᠴᠢᠶᠡᠯ ᠤᠨ ᠵᠢᠭᠠᠬᠤ ᠮᠠᠲ᠋ᠧᠷᠢᠶᠠᠯ ᠢ ᠵᠣᠬᠢᠶᠠᠨ ᠪᠠᠶᠢᠭᠤᠯᠤᠨ ᠬᠢᠨᠠᠨ ᠲᠣᠭᠲᠠᠭᠠᠨ᠎ᠠ᠃ ᠳᠤᠮᠳᠠᠳᠤ ᠪᠠᠭ᠎ᠠ ᠰᠤᠷᠭᠠᠭᠤᠯᠢ ᠶᠢᠨ ᠭᠠᠳᠠᠨᠠᠬᠢ ᠰᠤᠷᠭᠠᠨ ᠬᠥᠮᠦᠵᠢᠯ ᠪᠠ ᠠᠶᠤᠯᠭᠦᠢ ᠶᠢᠨ ᠬᠠᠮᠢᠶᠠᠷᠤᠯᠲᠠ ᠶᠢ ᠵᠢᠯᠤᠭᠤᠳᠴᠤ᠂ ᠬᠡᠪ ᠴᠢᠨᠠᠷ ᠤᠨ ᠰᠤᠷᠭᠠᠨ ᠬᠥᠮᠦᠵᠢᠯ ᠢ ᠬᠡᠷᠡᠭᠵᠢᠭᠦᠯᠵᠦ᠂ ᠶᠣᠰᠣ ᠮᠣᠷᠠᠯ ᠤᠶᠤᠨ ᠤᠬᠠᠭᠠᠨ ᠪᠡᠶ᠎ᠡ ᠮᠠᠬᠠᠪᠤᠳ ᠭᠤᠸ᠎ᠠ ᠰᠠᠶᠢᠬᠠᠨ ᠬᠥᠳᠡᠯᠮᠦᠷᠢ ᠵᠡᠷᠭᠡ ᠪᠦᠬᠦ ᠲᠠᠯ᠎ᠠ ᠪᠠᠷ ᠬᠥᠭᠵᠢᠭᠰᠡᠨ ᠰᠤᠷᠭᠠᠨ ᠬᠥᠮᠦᠵᠢᠯ ᠤᠨ ᠰᠢᠰᠲ᠋ᠧᠮ ᠢ ᠪᠠᠶᠢᠭᠤᠯᠤᠨ᠎ᠠ᠃      ︵ᠳᠥᠷᠪᠡ︶ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠵᠢᠭᠠᠨ ᠰᠤᠷᠭᠠᠯᠲᠠ ᠶᠢᠨ ᠵᠢᠯᠤᠭᠤᠳᠬᠤ ᠴᠢᠨᠠᠷᠲᠠᠢ ᠪᠢᠴᠢᠭ ᠮᠠᠲ᠋ᠧᠷᠢᠶᠠᠯ ᠢ ᠲᠤᠭᠤᠰᠢᠯᠠᠭᠤᠯᠤᠨ ᠬᠡᠷᠡᠭᠵᠢᠭᠦᠯᠵᠦ᠂ ᠰᠤᠷᠭᠠᠨ ᠬᠥᠮᠦᠵᠢᠯ ᠤᠨ ᠵᠢᠭᠠᠨ ᠰᠤᠷᠭᠠᠯᠲᠠ ᠶᠢᠨ ᠦᠨᠡᠯᠡᠨ ᠵᠢᠱᠢᠬᠦ ᠪᠠᠷᠢᠮᠵᠢᠶ᠎ᠠ ᠶᠣᠰᠣᠭᠠᠷ ᠵᠢᠭᠠᠨ ᠰᠤᠷᠭᠠᠯᠲᠠ ᠶᠢᠨ ᠦᠨᠡᠯᠡᠨ ᠵᠢᠱᠢᠬᠦ ᠠᠵᠢᠯ ᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠨ ᠬᠥᠮᠦᠵᠢᠯ᠂ ᠨᠠᠰᠤᠨ ᠳᠤ ᠬᠦᠷᠦᠭᠰᠡᠳ ᠤᠨ ᠰᠤᠷᠭᠠᠨ ᠬᠥᠮᠦᠵᠢᠯ ᠢ ᠵᠢᠯᠤᠭᠤᠳᠴᠤ᠂ ᠠᠵᠢᠯ ᠮᠡᠷᠭᠡᠵᠢᠯ ᠢ ᠵᠢᠯᠤᠭᠤᠳᠬᠤ ᠠᠵᠢᠯ ᠢ ᠥᠷᠨᠢᠭᠦᠯᠦᠨ᠎ᠡ᠃      ︵ᠲᠠᠪᠤ︶ ᠦᠨᠳᠦᠰᠦᠲᠡᠨ ᠤ ᠰᠤᠷᠭᠠᠨ ᠬᠥᠮᠦᠵᠢᠯ ᠤᠨ ᠠᠵᠢᠯ ᠢ ᠨᠢᠭᠡᠳᠦᠯᠲᠡᠢ ᠲᠥᠯᠥᠪᠯᠡᠬᠦ ᠶᠢᠨ ᠬᠠᠮᠲᠤ ᠵᠢᠯᠣᠭᠤᠳᠤᠨ᠎ᠠ᠃ ᠦᠨᠳᠦᠰᠦᠲᠡᠨ ᠤ ᠰᠤᠷᠭᠠᠨ ᠬᠥᠮᠦᠵᠢᠯ ᠤᠨ ᠬᠥᠭᠵᠢᠯᠲᠡ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ ᠰᠤᠳᠤᠯᠤᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠢᠨᠠᠯᠲᠠ ᠲᠠᠯᠪᠢᠵᠤ ᠬᠡᠷᠡᠭᠵᠢᠭᠦᠯᠦᠨ᠎ᠡ᠃ ᠦᠨᠳᠦᠰᠦᠲᠡᠨ ᠤ ᠰᠤᠷᠭᠠᠨ ᠬᠥᠮᠦᠵᠢᠯ ᠤᠨ ᠵᠢᠭᠠᠨ ᠰᠤᠷᠭᠠᠬᠤ ᠠᠵᠢᠯ ᠪᠠ ᠪᠠᠭᠰᠢ ᠶᠢᠨ ᠡᠩᠨᠡᠭᠡᠨ ᠤ ᠪᠠᠶᠢᠭᠤᠯᠤᠯᠲᠠ ᠶᠢ ᠲᠥᠯᠥᠪᠵᠢᠭᠦᠯᠦᠨ ᠵᠢᠯᠣᠭᠤᠳᠤᠨ᠎ᠠ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠰᠤᠷᠭᠠᠨ ᠬᠥᠮᠦᠵᠢᠯ ᠤᠨ ᠰᠢᠰᠲ᠋ᠧᠮ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠬᠥᠮᠦᠵᠢᠯ ᠪᠠ ᠴᠥᠭᠡᠨ ᠲᠣᠭᠠᠲᠤ ᠦᠨᠳᠦᠰᠦᠲᠡᠨ ᠤ ᠦᠭᠡ ᠬᠡᠯᠡ ᠦᠰᠦᠭ ᠪᠢᠴᠢᠭ ᠢ ᠳᠦᠷᠢᠮᠵᠢᠭᠦᠯᠬᠦ ᠠᠵᠢᠯ ᠢ ᠵᠢᠯᠣᠭᠤᠳᠤᠨ᠎ᠠ᠃      ︵ᠵᠢᠷᠭᠤᠭ᠎ᠠ︶ ᠡᠯ᠎ᠡ ᠱᠠᠲᠤᠨ ᠤ ᠡᠯ᠎ᠡ ᠲᠥᠷᠥᠯ ᠤᠨ ᠰᠤᠷᠭᠠᠨ ᠬᠥᠮᠦᠵᠢᠯ ᠢ ᠬᠢᠨᠠᠨ ᠵᠢᠯᠤᠭᠤᠳᠴᠤ ᠪᠠᠶᠢᠴᠠᠭᠠᠬᠤ ᠪᠠ ᠦᠨᠡᠯᠡᠨ ᠵᠢᠱᠢᠵᠦ ᠰᠢᠯᠭᠠᠨ ᠠᠪᠬᠤ ᠠᠵᠢᠯ ᠢ ᠬᠠᠷᠢᠭᠤᠴᠠᠨ᠎ᠠ᠃ ᠰᠠᠭᠤᠷᠢ ᠰᠤᠷᠭᠠᠨ ᠬᠥᠮᠦᠵᠢᠯ ᠤᠨ ᠬᠥᠭᠵᠢᠯᠲᠡ ᠶᠢᠨ ᠬᠢᠷᠢ ᠬᠡᠮᠵᠢᠶ᠎ᠡ ᠪᠠ ᠶᠠᠰᠤ ᠴᠢᠨᠠᠷ ᠢ ᠬᠢᠨᠠᠨ ᠰᠢᠯᠭᠠᠬᠤ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠵᠦ᠂ ᠰᠤᠷᠭᠠᠨ ᠬᠥᠮᠦᠵᠢᠯ ᠤᠨ ᠬᠢᠨᠠᠨ ᠵᠢᠯᠤᠭᠤᠳᠬᠤ ᠮᠡᠳᠡᠭᠦᠯᠦᠯᠲᠡ ᠶᠢ ᠨᠡᠶᠢᠲᠡᠯᠡᠨ᠎ᠡ᠃      ︵ᠳᠣᠯᠤᠭ᠎ᠠ︶ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠲᠣᠰ ᠰᠠᠯᠠᠭ᠎ᠠ ᠮᠥᠴᠢᠷ ᠤᠨ ᠢᠶᠠᠨ ᠰᠤᠷᠭᠠᠨ ᠬᠥᠮᠦᠵᠢᠯ ᠤᠨ ᠵᠠᠷᠤᠳᠠᠯ ᠢ ᠨᠢᠭᠡᠳᠦᠯᠲᠡᠢ ᠲᠥᠯᠥᠪᠯᠡᠨ ᠬᠠᠮᠢᠶᠠᠷᠴᠤ᠂ ᠰᠤᠷᠭᠠᠨ ᠬᠥᠮᠦᠵᠢᠯ ᠤᠨ ᠵᠠᠷᠤᠳᠠᠯ ᠢ ᠴᠤᠭᠯᠠᠭᠤᠯᠤᠨ ᠬᠡᠷᠡᠭᠯᠡᠬᠦ ᠬᠠᠮᠢᠶᠠᠷᠤᠯᠲᠠ ᠶᠢᠨ ᠳᠦᠷᠢᠮ ᠪᠠ ᠠᠷᠭ᠎ᠠ ᠶᠢ ᠲᠣᠭᠲᠠᠭᠠᠬᠤ ᠳᠤ ᠣᠷᠣᠯᠴᠠᠨ᠎ᠠ᠃ ᠰᠤᠷᠭᠠᠨ ᠬᠥᠮᠦᠵᠢᠯ ᠤᠨ ᠵᠠᠷᠤᠳᠠᠯ ᠢ ᠬᠡᠷᠡᠭᠯᠡᠭᠰᠡᠨ ᠪᠠᠶᠢᠳᠠᠯ ᠢ ᠬᠢᠨᠠᠨ ᠬᠡᠮᠵᠢᠵᠦ᠂ ᠪᠥᠬᠦ ᠲᠣᠭᠤᠷᠢᠭ ᠤᠨ ᠰᠤᠷᠭᠠᠨ ᠬᠥᠮᠦᠵᠢᠯ ᠤᠨ ᠵᠠᠷᠤᠳᠠᠯ ᠢ ᠬᠡᠷᠡᠭᠵᠢᠭᠦᠯᠦᠭᠰᠡᠨ ᠪᠠᠶᠢᠳᠠᠯ ᠢ ᠬᠠᠷᠢᠭᠤᠴᠠᠨ ᠪᠦᠷᠢᠳᠬᠡᠨ᠎ᠡ᠃ ᠪᠥᠬᠦ ᠲᠣᠭᠤᠷᠢᠭ ᠤᠨ ᠡᠯ᠎ᠡ ᠱᠠᠲᠤᠨ ᠤ ᠡᠯ᠎ᠡ ᠲᠥᠷᠥᠯ ᠤᠨ ᠰᠤᠷᠭᠠᠭᠤᠯᠢ ᠶᠢᠨ ᠰᠤᠷᠤᠯᠭ᠎ᠠ ᠶᠢᠨ ᠡᠵᠡᠨ ᠢ ᠵᠣᠭᠤᠰ ᠢᠶᠠᠷ ᠲᠤᠰᠠᠯᠠᠬᠤ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃      ︵ᠨᠠᠢᠮᠠ︶ ᠪᠥᠬᠦ ᠲᠣᠭᠤᠷᠢᠭ ᠤᠨ ᠡᠯ᠎ᠡ ᠱᠠᠲᠤᠨ ᠤ ᠡᠯ᠎ᠡ ᠲᠥᠷᠥᠯ ᠤᠨ ᠰᠤᠷᠭᠠᠭᠤᠯᠢ ᠶᠢᠨ ᠨᠠᠮ ᠤᠨ ᠪᠠᠶᠢᠭᠤᠯᠤᠯᠲᠠ᠂ ᠦᠵᠡᠯ ᠰᠠᠨᠠᠭ᠎ᠠ ᠤᠯᠤᠰ ᠲᠥᠷᠥ ᠪᠠ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠢ ᠲᠥᠯᠥᠪᠵᠢᠭᠦᠯᠬᠦ ᠶᠢᠨ ᠬᠠᠮᠲᠤ ᠵᠢᠯᠣᠭᠤᠳᠤᠨ᠎ᠠ᠃ ᠰᠤᠷᠭᠠᠭᠤᠯᠢ ᠶᠢᠨ ᠨᠢᠭᠡᠳᠦᠮᠡᠯ ᠹᠷᠣᠨᠲ ᠪᠠ ᠤᠯᠠᠨ ᠲᠦᠮᠡᠨ ᠤ ᠪᠦᠯᠬᠦᠮ ᠤᠨ ᠵᠣᠬᠢᠶᠠᠨ ᠪᠠᠶᠢᠭᠤᠯᠤᠯᠲᠠ ᠶᠢᠨ ᠠᠵᠢᠯ ᠢ ᠵᠢᠯᠣᠭᠤᠳᠤᠨ᠎ᠠ᠃ ᠡᠯ᠎ᠡ ᠲᠥᠷᠥᠯ ᠤᠨ ᠰᠤᠷᠭᠠᠭᠤᠯᠢ ᠶᠢᠨ ᠶᠣᠰᠣ ᠰᠤᠷᠲᠠᠬᠤᠨ ᠤ ᠬᠥᠮᠦᠵᠢᠯ᠂ ᠪᠡᠶ᠎ᠡ ᠶᠢᠨ ᠲᠠᠮᠢᠷ ᠡᠷᠡᠭᠦᠯ ᠬᠠᠮᠠᠭᠠᠯᠠᠯ ᠬᠢᠭᠡᠳ ᠡᠷᠡᠭᠦᠯ ᠮᠡᠨᠳᠦ ᠶᠢᠨ ᠬᠥᠮᠦᠵᠢᠯ᠂ ᠤᠷᠠᠯᠢᠭ ᠬᠢᠭᠡᠳ ᠬᠥᠳᠡᠯᠮᠦᠷᠢ ᠶᠢᠨ ᠬᠥᠮᠦᠵᠢᠯ ᠵᠢᠴᠢ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ ᠤᠨ ᠠᠵᠢᠯ ᠢ ᠵᠢᠯᠣᠭᠤᠳᠤᠨ᠎ᠠ᠃ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠡᠯ᠎ᠡ ᠱᠠᠲᠤᠨ ᠤ ᠡᠯ᠎ᠡ ᠲᠦᠷᠦᠯ ᠤᠨ ᠰᠤᠷᠭᠠᠭᠤᠯᠢ ᠶᠢᠨ ᠺᠠᠳ᠋ᠷ ᠢ ᠬᠠᠮᠢᠶᠠᠷᠤᠨ᠎ᠠ᠃      ︵ᠶᠢᠰᠦ︶ ᠪᠥᠬᠦ ᠲᠣᠭᠤᠷᠢᠭ ᠤᠨ ᠪᠠᠭᠰᠢ ᠶᠢᠨ ᠠᠵᠢᠯ ᠢ ᠭᠤᠣᠯᠴᠢᠯᠠᠨ ᠬᠠᠮᠢᠶᠠᠷᠴᠤ᠂ ᠪᠥᠬᠦ ᠲᠣᠭᠤᠷᠢᠭ ᠤᠨ ᠰᠤᠷᠭᠠᠨ ᠬᠥᠮᠦᠵᠢᠯ ᠤᠨ ᠰᠢᠰᠲ᠋ᠧᠮ ᠤᠨ ᠴᠢᠳᠠᠪᠤᠷᠢᠲᠠᠨ ᠤ ᠠᠵᠢᠯ ᠢ ᠨᠢᠭᠡᠳᠦᠯᠲᠡᠢ ᠲᠥᠯᠥᠪᠯᠡᠨ ᠬᠠᠮᠢᠶᠠᠷᠤᠨ᠎ᠠ᠃ ᠡᠯ᠎ᠡ ᠱᠠᠲᠤᠨ ᠤ ᠡᠯ᠎ᠡ ᠲᠦᠷᠦᠯ ᠤᠨ ᠰᠤᠷᠭᠠᠭᠤᠯᠢ ᠶᠢᠨ ᠪᠠᠭᠰᠢ᠂ ᠳᠤᠮᠳᠠᠳᠤ ᠪᠠᠭ᠎ᠠ ᠰᠤᠷᠭᠠᠭᠤᠯᠢ ᠶᠢᠨ ᠵᠠᠬᠢᠷᠤᠯ ᠪᠠ ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ ᠺᠠᠳ᠋ᠷ ᠤᠨ ᠡᠩᠨᠡᠭᠡᠨ ᠤ ᠪᠠᠶᠢᠭᠤᠯᠤᠯᠲᠠ ᠶᠢᠨ ᠠᠵᠢᠯ ᠢ ᠵᠢᠯᠣᠭᠤᠳᠤᠨ᠎ᠠ᠃ ᠪᠠᠭᠰᠢ ᠠᠵᠢᠯᠲᠠᠨ ᠤ ᠠᠩᠬ᠎ᠠ ᠵᠡᠷᠭᠡ ᠶᠢᠨ ᠮᠡᠷᠭᠡᠵᠢᠯ ᠤᠨ ᠴᠣᠯᠠ ᠮᠡᠳᠡᠭᠦᠯᠬᠦ ᠠᠵᠢᠯ ᠢ ᠬᠠᠷᠢᠭᠤᠴᠠᠨ᠎ᠠ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠪᠥᠬᠦ ᠲᠣᠭᠤᠷᠢᠭ ᠤᠨ ᠪᠠᠭᠰᠢ ᠶᠢ ᠤᠷᠢᠨ ᠬᠡᠷᠡᠭᠯᠡᠬᠦ ᠠᠵᠢᠯ ᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠪᠥᠬᠦ ᠲᠣᠭᠤᠷᠢᠭ ᠤᠨ ᠪᠠᠭᠰᠢ ᠶᠢᠨ ᠠᠵᠢᠯ ᠤᠨ ᠪᠠᠶᠢᠷᠢ ᠳᠤ ᠤᠷᠢᠨ ᠲᠣᠮᠢᠯᠠᠬᠤ ᠬᠠᠮᠢᠶᠠᠷᠤᠯᠲᠠ ᠶᠢ ᠵᠢᠯᠣᠭᠤᠳᠤᠨ᠎ᠠ᠃ ᠪᠠᠭᠰᠢ ᠶᠢᠨ ᠬᠢᠷᠢ ᠬᠡᠮ ᠢ ᠮᠠᠭᠠᠳᠯᠠᠨ ᠲᠣᠭᠲᠠᠭᠠᠬᠤ ᠠᠵᠢᠯ ᠤᠨ ᠤᠴᠢᠷ ᠶᠠᠪᠤᠳᠠᠯ ᠤᠨ ᠳᠤᠮᠳᠠᠬᠢ ᠪᠠ ᠤᠴᠢᠷ ᠶᠠᠪᠤᠳᠠᠯ ᠤᠨ ᠳᠠᠷᠠᠭᠠᠬᠢ ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ᠃ ᠪᠠᠭᠰᠢ ᠶᠢᠨ ᠪᠣᠯᠪᠠᠰᠤᠷᠠᠭᠤᠯᠤᠯ ᠪᠠ ᠪᠠᠭᠰᠢ ᠶᠢᠨ ᠦᠷᠭᠦᠯᠵᠢᠯᠡᠭᠰᠡᠨ ᠰᠤᠷᠭᠠᠨ ᠬᠥᠮᠦᠵᠢᠯ ᠤᠨ ᠠᠵᠢᠯ ᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃      ︵ᠠᠷᠪᠠ︶ ᠪᠥᠬᠦ ᠲᠣᠭᠤᠷᠢᠭ ᠤᠨ ᠡᠯ᠎ᠡ ᠲᠥᠷᠥᠯ ᠤᠨ ᠰᠤᠷᠭᠠᠨ ᠬᠥᠮᠦᠵᠢᠯ ᠤᠨ ᠬᠠᠮᠢᠶᠠᠷᠤᠯᠲᠠ ᠪᠣᠯᠣᠨ ᠡᠩ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠭᠠᠨ ᠬᠥᠮᠦᠵᠢᠯ᠂ ᠶᠢᠰᠦᠨ ᠵᠢᠯ ᠤᠨ ᠠᠯᠪᠠᠨ ᠵᠢᠷᠤᠮ ᠤᠨ ᠰᠤᠷᠭᠠᠨ ᠬᠥᠮᠦᠵᠢᠯ᠂ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠰᠤᠷᠭᠠᠭᠤᠯᠢ ᠶᠢᠨ ᠬᠠᠷᠢᠶ᠎ᠠ ᠶᠢᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ ᠡᠯ᠎ᠡ ᠲᠦᠷᠦᠯ ᠤᠨ ᠰᠤᠷᠭᠠᠭᠤᠯᠢ ᠪᠠ ᠬᠡᠦᠬᠡᠳ ᠤᠨ ᠴᠡᠴᠡᠷᠯᠢᠭ ᠤᠨ ᠰᠤᠷᠤᠭᠴᠢ ᠡᠯᠰᠡᠬᠦ ᠲᠥᠯᠥᠪᠯᠡᠭᠡ ᠶᠢ ᠰᠤᠳᠤᠯᠤᠨ ᠲᠣᠭᠲᠠᠭᠠᠨ᠎ᠠ᠃ ᠪᠥᠬᠦ ᠲᠣᠭᠤᠷᠢᠭ ᠤᠨ ᠳᠤᠮᠳᠠᠳᠤ ᠪᠠᠭ᠎ᠠ ᠰᠤᠷᠭᠠᠭᠤᠯᠢ᠂ ᠬᠡᠦᠬᠡᠳ ᠤᠨ ᠴᠡᠴᠡᠷᠯᠢᠭ ᠤᠨ ᠰᠤᠷᠤᠭᠴᠢᠳ ᠤᠨ ᠭᠤᠮᠣᠳᠠᠯ ᠲᠣᠭᠠᠴᠢᠯᠲᠠ ᠶᠢ ᠰᠢᠢᠳᠪᠦᠷᠢᠯᠡᠬᠦ ᠠᠵᠢᠯ ᠢ ᠬᠠᠷᠢᠭᠤᠴᠠᠨ᠎ᠠ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠳᠤᠮᠳᠠᠳᠤ ᠵᠡᠷᠭᠡ ᠶᠢᠨ ᠰᠤᠷᠤᠯᠭ᠎ᠠ ᠶᠢᠨ ᠨᠠᠮᠲᠠᠷ ᠤᠨ ᠰᠤᠷᠭᠠᠨ ᠬᠥᠮᠦᠵᠢᠯ ᠤᠨ ᠰᠤᠷᠭᠠᠭᠤᠯᠢ ᠶᠢ ᠵᠢᠯᠤᠭᠤᠳᠴᠤ ᠪᠠᠶᠢᠭᠠᠳ ᠰᠤᠷᠤᠭᠴᠢᠳ ᠤᠨ ᠠᠳᠠᠯ ᠦᠢᠯᠡᠰ ᠴᠣᠭᠴᠠᠯᠠᠵᠤ ᠰᠢᠨ᠎ᠡ ᠶᠢ ᠡᠭᠦᠳᠬᠦ ᠠᠵᠢᠯ ᠢ ᠵᠢᠯᠣᠭᠤᠳᠤᠨ ᠥᠷᠨᠢᠭᠦᠯᠦᠨ᠎ᠡ᠃      ︵ᠠᠷᠪᠠᠨ ᠨᠢᠭᠡ︶ ᠪᠥᠬᠦ ᠲᠣᠭᠤᠷᠢᠭ ᠤᠨ ᠬᠥᠮᠥᠵᠢᠭᠦᠯᠬᠦ ᠰᠢᠨᠵᠢᠯᠡᠬᠦ ᠤᠬᠠᠭᠠᠨ ᠤ ᠰᠤᠳᠤᠯᠭᠠᠨ᠂ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠰᠤᠳᠤᠯᠭᠠᠨ᠂ ᠰᠤᠷᠭᠠᠨ ᠬᠥᠮᠦᠵᠢᠯ ᠤᠨ ᠮᠡᠷᠭᠡᠵᠢᠯ ᠤᠨ ᠤᠭᠰᠠᠷᠠᠯᠲᠠ ᠶᠢᠨ ᠡᠯ᠎ᠡ ᠠᠵᠢᠯ ᠢ ᠵᠢᠯᠣᠭᠤᠳᠤᠨ᠎ᠠ᠃ ᠪᠦᠬᠦ ᠲᠣᠭᠤᠷᠢᠭ ᠤᠨ ᠰᠤᠷᠭᠠᠨ ᠬᠥᠮᠦᠵᠢᠯ ᠤᠨ ᠮᠡᠳᠡᠭᠡ ᠵᠠᠩᠭᠢᠵᠢᠭᠤᠯᠬᠤ ᠪᠠᠶᠢᠭᠤᠯᠤᠯᠲᠠ ᠶᠢᠨ ᠠᠵᠢᠯ ᠢ ᠨᠢᠭᠡᠳᠦᠯᠲᠡᠢ ᠲᠥᠯᠥᠪᠯᠡᠨ ᠲᠦᠯᠬᠢᠨ ᠠᠬᠢᠭᠤᠯᠤᠨ᠎ᠠ᠃      ︵ᠠᠷᠪᠠᠨ ᠬᠤᠶᠠᠷ︶ ᠰᠤᠷᠭᠠᠨ ᠬᠥᠮᠦᠵᠢᠯ ᠤᠨ ᠰᠢᠰᠲ᠋ᠧᠮ ᠤᠨ ᠲᠣᠭᠲᠠᠭᠤᠨ ᠪᠠᠶᠢᠳᠠᠯ ᠢ ᠬᠠᠮᠠᠭᠠᠯᠠᠬᠤ ᠵᠢᠴᠢ ᠠᠮᠤᠷ ᠲᠦᠪᠰᠢᠨ ᠤ ᠬᠠᠮᠢᠶᠠᠷᠤᠯᠲᠠ ᠶᠢᠨ ᠠᠵᠢᠯ ᠢ ᠵᠢᠯᠣᠭᠤᠳᠤᠨ ᠵᠣᠬᠢᠴᠠᠭᠤᠯᠤᠨ᠎ᠠ᠃ ᠰᠤᠷᠭᠠᠭᠤᠯᠢ ᠶᠢᠨ ᠠᠷᠤ ᠲᠠᠯ᠎ᠠ ᠶᠢᠨ ᠠᠵᠢᠯ ᠤᠨ ᠬᠠᠮᠢᠶᠠᠷᠤᠯᠲᠠ ᠬᠢᠭᠡᠳ ᠥᠭᠡᠷᠡᠴᠢᠯᠡᠯᠲᠡ ᠵᠢᠴᠢ ᠠᠵᠢᠯᠴᠢ ᠠᠷᠪᠢᠴᠢ ᠪᠠᠷ ᠰᠤᠷᠤᠯᠴᠠᠬᠤ ᠪᠠ ᠰᠤᠷᠭᠠᠭᠤᠯᠢ ᠶᠢᠨ ᠡᠷᠭᠢᠯᠡᠭᠰᠡᠨ ᠠᠵᠤ ᠦᠢᠯᠡᠰ ᠤᠨ ᠠᠵᠢᠯ ᠢ ᠵᠢᠯᠣᠭᠤᠳᠤᠨ᠎ᠠ᠃      ︵ᠠᠷᠪᠠᠨ ᠭᠤᠷᠪᠠ︶ ᠪᠥᠬᠦ ᠲᠣᠭᠤᠷᠢᠭ ᠤᠨ ᠰᠤᠷᠭᠠᠨ ᠬᠥᠮᠦᠵᠢᠯ ᠤᠨ ᠰᠢᠰᠲ᠋ᠧᠮ ᠤᠨ ᠭᠠᠳᠠᠭᠠᠳᠤ ᠯᠤᠭ᠎ᠠ ᠶᠢᠨ ᠬᠠᠮᠲᠤᠷᠠᠯᠴᠠᠭ᠎ᠠ ᠪᠠ ᠰᠣᠯᠢᠯᠴᠠᠭ᠎ᠠ ᠶᠢ ᠵᠣᠬᠢᠶᠠᠨ ᠪᠠᠶᠢᠭᠤᠯᠤᠨ ᠵᠢᠯᠤᠭᠤᠳᠴᠤ᠂ ᠰᠢᠶᠠᠩᠭᠠᠩ ᠣᠣᠮᠧᠨ ᠲᠠᠶᠢᠸᠠᠨ ᠣᠷᠣᠨ ᠯᠤᠭ᠎ᠠ ᠶᠢᠨ ᠰᠤᠷᠭᠠᠨ ᠬᠥᠮᠦᠵᠢᠯ ᠤᠨ ᠬᠠᠮᠲᠤᠷᠠᠯᠴᠠᠭ᠎ᠠ ᠰᠣᠯᠢᠯᠴᠠᠭ᠎ᠠ ᠶᠢ ᠥᠷᠨᠢᠭᠦᠯᠦᠨ᠎ᠡ᠃      ︵ᠠᠷᠪᠠᠨ ᠳᠥᠷᠪᠡ︶ ᠤᠯᠤᠰ ᠤᠨ ᠦᠭᠡ ᠬᠡᠯᠡ ᠥᠰᠥᠭ ᠪᠢᠴᠢᠭ ᠤᠨ ᠠᠵᠢᠯ ᠤᠨ ᠴᠢᠭᠯᠡᠯᠲᠡ᠂ ᠲᠥᠷᠥ ᠶᠢᠨ ᠪᠣᠳᠣᠯᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠪᠥᠬᠦ ᠲᠣᠭᠤᠷᠢᠭ ᠤᠨ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ ᠤᠨ ᠠᠵᠢᠯ ᠤᠨ ᠤᠷᠲᠤᠪᠲᠤᠷ ᠪᠠ ᠤᠷᠳᠤ ᠬᠤᠭᠤᠴᠠᠭᠠᠨ ᠤ ᠲᠥᠯᠦᠪᠵᠢᠭᠦᠯᠭᠡ ᠶᠢ ᠨᠠᠶᠢᠷᠠᠭᠤᠯᠤᠨ ᠵᠣᠬᠢᠶᠠᠨ᠎ᠠ᠃ ᠬᠢᠲᠠᠳ ᠦᠭᠡ ᠬᠡᠯᠡ ᠦᠰᠦᠭ ᠪᠢᠴᠢᠭ ᠤᠨ ᠠᠵᠢᠯ ᠤᠨ ᠳᠦᠷᠢᠮᠵᠢᠭᠦᠯᠦᠯᠲᠡ ᠶᠢᠨ ᠪᠠᠶᠢᠭᠤᠯᠤᠯᠲᠠ ᠳᠤ ᠬᠢᠨᠠᠯᠲᠠ ᠲᠠᠯᠪᠢᠵᠤ ᠪᠠᠶᠢᠴᠠᠭᠠᠯᠲᠠ ᠬᠢᠨ᠎ᠡ᠃ ᠨᠡᠶᠢᠲᠡᠯᠢᠭ ᠬᠡᠯᠡ ᠪᠠ ᠨᠡᠶᠢᠲᠡᠯᠢᠭ ᠬᠡᠯᠡ ᠶᠢ ᠲᠦᠭᠡᠮᠡᠯᠵᠢᠭᠦᠯᠬᠦ ᠪᠠᠭᠰᠢ ᠶᠢᠨ ᠪᠣᠯᠪᠠᠰᠤᠷᠠᠯ ᠤᠨ ᠠᠵᠢᠯ ᠢ ᠵᠢᠯᠣᠭᠤᠳᠤᠨ᠎ᠠ᠃      ︵ᠠᠷᠪᠠᠨ ᠲᠠᠪᠤ︶ ᠲᠣᠰ ᠰᠠᠯᠠᠭ᠎ᠠ ᠮᠥᠴᠢᠷ ᠤᠨ ᠢᠶᠠᠨ ᠡᠷᠬᠡ ᠬᠠᠷᠢᠭᠤᠴᠠᠯᠭ᠎ᠠ ᠶᠢᠨ ᠨᠠᠷᠢᠨ ᠬᠠᠭᠤᠳᠠᠰᠤ ᠶᠢᠨ ᠶᠣᠰᠣᠭᠠᠷ ᠬᠠᠮᠢᠶ᠎ᠠ ᠪᠦᠬᠦᠢ ᠡᠭᠦᠷᠭᠡ ᠬᠠᠷᠢᠭᠤᠴᠠᠯᠭ᠎ᠠ ᠶᠢ ᠭᠦᠢᠴᠡᠳᠬᠡᠨ᠎ᠡ᠃ ᠡᠭᠦᠷᠭᠡ ᠬᠠᠷᠢᠭᠤᠴᠠᠯᠭ᠎ᠠ ᠶᠢᠨ  ᠬᠡᠪᠴᠢᠶᠡᠨ ᠳᠣᠲᠣᠷᠠᠬᠢ ᠠᠶᠤᠯ ᠦᠭᠡᠢ ᠦᠢᠯᠡᠳᠪᠦᠷᠢᠯᠡᠯ᠂ ᠠᠵᠢᠯ ᠮᠡᠷᠭᠡᠵᠢᠯ ᠤᠨ ᠡᠷᠡᠭᠦᠯ ᠮᠡᠨᠳᠦ᠂ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠵᠡᠷᠭᠡ ᠠᠵᠢᠯ ᠢ ᠬᠠᠷᠢᠭᠤᠴᠠᠨ᠎ᠠ᠃      ︵ᠠᠷᠪᠠᠨ ᠵᠢᠷᠭᠤᠭ᠎ᠠ︶ ᠲᠣᠭᠤᠷᠢᠭ ᠤᠨ ᠨᠠᠮ ᠤᠨ ᠬᠤᠷᠢᠶ᠎ᠠ᠂ ᠲᠣᠭᠤᠷᠢᠭ ᠤᠨ ᠵᠠᠰᠠᠭ ᠤᠨ ᠣᠷᠳᠣᠨ ᠤ ᠳᠠᠭᠠᠭᠠᠯᠭᠠᠭᠰᠠᠨ ᠪᠤᠰᠤᠳ ᠡᠭᠦᠷᠭᠡ ᠨᠦᠭᠦᠳ ᠢ ᠪᠡᠶᠡᠯᠡᠭᠦᠯᠦᠨ᠎ᠡ᠃      ᠬᠤᠶᠠᠷ᠂ ᠳᠣᠲᠣᠭᠠᠳᠤ ᠪᠠᠶᠢᠭᠤᠯᠤᠮᠵᠢ      ︵ᠨᠢᠭᠡ︶ ᠶᠡᠷᠦᠩᠬᠡᠶᠢᠯᠡᠭᠰᠡᠨ ᠠᠯᠪᠠᠨ ᠭᠡᠷ      1.ᠲᠣᠭᠤᠷᠢᠭ ᠤᠨ ᠨᠠᠮ ᠤᠨ ᠬᠤᠷᠢᠶ᠎ᠠ᠂ ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠡᠳᠦᠷ ᠲᠤᠳᠤᠮ ᠤᠨ ᠠᠵᠢᠯ ᠢ ᠬᠠᠷᠢᠭᠤᠴᠠᠨ᠎ᠠ︔ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠦᠵᠡᠯ ᠤᠬᠠᠮᠰᠠᠷ ᠤᠨ ᠬᠡᠯᠪᠡᠷᠢ᠂ ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ᠂ ᠨᠢᠭᠡᠳᠦᠮᠡᠯ ᠹᠷᠣᠨᠲ᠂ ᠤᠯᠠᠨ ᠲᠦᠮᠡᠨ ᠤ ᠪᠦᠯᠬᠦᠮ ᠵᠡᠷᠭᠡ ᠠᠵᠢᠯ ᠢ ᠬᠠᠷᠢᠭᠤᠴᠠᠨ᠎ᠠ᠃      2.ᠪᠢᠴᠢᠭ ᠮᠠᠲ᠋ᠧᠷᠢᠶᠠᠯ ᠤᠨ ᠠᠵᠢᠯᠯᠠᠭᠠᠨ ᠪᠠ ᠬᠠᠮᠢᠶᠠᠷᠤᠯᠲᠠ ᠶᠢ ᠬᠠᠷᠢᠭᠤᠴᠠᠨ᠎ᠠ︔ ᠲᠣᠪᠴᠢᠶ᠎ᠠ ᠶᠢᠨ ᠪᠠᠶᠢᠭᠤᠯᠭ᠎ᠠ ᠶᠢᠨ ᠠᠷᠤ ᠲᠠᠯ᠎ᠠ ᠶᠢᠨ ᠦᠢᠯᠡᠴᠢᠯᠡᠭᠡᠨ ᠤ ᠪᠠᠲᠤᠯᠠᠭ᠎ᠠ ᠶᠢ ᠬᠠᠷᠢᠭᠤᠴᠠᠨ᠎ᠠ︔ ᠴᠢᠬᠤᠯᠠ ᠬᠤᠷᠠᠯ ᠢ ᠵᠣᠬᠢᠶᠠᠨ ᠪᠠᠶᠢᠭᠤᠯᠬᠤ᠂ ᠶᠡᠷᠦᠩᠬᠡᠶᠢᠯᠡᠭᠰᠡᠨ ᠴᠢᠨᠠᠷᠲᠠᠢ ᠮᠠᠲ᠋ᠧᠷᠢᠶᠠᠯ ᠢ ᠲᠤᠭᠤᠷᠪᠢᠨ ᠪᠢᠴᠢᠬᠦ᠂ ᠨᠢᠭᠤᠴᠠ ᠴᠢᠬᠤᠯᠠ ᠮᠠᠲ᠋ᠧᠷᠢᠶᠠᠯ ᠤᠨ ᠨᠢᠭᠤᠴᠠ ᠶᠢ ᠬᠠᠮᠠᠭᠠᠯᠠᠬᠤ᠂ ᠰᠤᠷᠭᠠᠨ ᠬᠥᠮᠦᠵᠢᠯ ᠤᠨ ᠮᠡᠳᠡᠭᠡ ᠵᠠᠩᠭᠢ᠂ ᠠᠯᠪᠠᠨ ᠶᠠᠪᠤᠳᠠᠯ ᠳᠤ ᠬᠡᠷᠡᠭᠯᠡᠬᠦ ᠲᠡᠷᠭᠡ᠂ ᠲᠠᠩᠰᠠ ᠡᠪᠬᠡᠮᠡᠯ᠂ ᠵᠠᠭᠠᠯᠳᠤᠯᠭ᠎ᠠ ᠶᠢ ᠬᠦᠯᠢᠶᠡᠨ ᠠᠪᠤᠭᠰᠠᠨ ᠳᠠᠷᠤᠢ ᠰᠢᠢᠳᠪᠦᠷᠢᠯᠡᠬᠦ ᠵᠡᠷᠭᠡ ᠠᠵᠢᠯ ᠢ ᠬᠠᠷᠢᠭᠤᠴᠠᠨ᠎ᠠ᠃      3.ᠰᠠᠬᠢᠯᠭ᠎ᠠ ᠪᠠᠲᠤ ᠪᠠᠶᠢᠴᠠᠭᠠᠬᠤ ᠠᠵᠢᠯ ᠪᠠ ᠵᠠᠰᠠᠭ ᠵᠠᠬᠢᠷᠭᠠᠨ ᠤ ᠬᠢᠨᠠᠨ ᠪᠠᠶᠢᠴᠠᠭᠠᠬᠤ ᠵᠡᠷᠭᠡ ᠠᠵᠢᠯ ᠢ ᠬᠠᠷᠢᠭᠤᠴᠠᠨ᠎ᠠ᠃      4.ᠰᠤᠷᠭᠠᠨ ᠬᠥᠮᠦᠵᠢᠯ ᠤᠨ ᠦᠢᠯᠡᠰ ᠤᠨ ᠬᠥᠭᠵᠢᠯᠲᠡ ᠶᠢᠨ ᠲᠥᠯᠦᠪᠵᠢᠭᠦᠯᠭᠡ ᠵᠢᠴᠢ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠢ ᠨᠢᠭᠡ ᠴᠣᠭᠴᠠᠵᠢᠭᠤᠯᠬᠤ ᠲᠠᠪᠴᠠᠩ ᠲᠣᠭᠲᠠᠭᠠᠬᠤ ᠵᠡᠷᠭᠡ ᠠᠵᠢᠯ ᠢ ᠬᠠᠷᠢᠭᠤᠴᠠᠨ᠎ᠠ᠃      5.ᠰᠤᠷᠭᠠᠨ ᠬᠥᠮᠦᠵᠢᠯ ᠤᠨ ᠰᠢᠰᠲ᠋ᠧᠮ ᠤᠨ ᠡᠯ᠎ᠡ ᠲᠥᠷᠥᠯ ᠤᠨ ᠡᠳ᠋ ᠤᠨ ᠶᠠᠪᠤᠳᠠᠯ ᠵᠡᠷᠭᠡ ᠠᠵᠢᠯ ᠢ ᠬᠠᠷᠢᠭᠤᠴᠠᠨ᠎ᠠ᠃      6.ᠰᠤᠷᠭᠠᠨ ᠬᠥᠮᠦᠵᠢᠯ ᠤᠨ ᠰᠢᠰᠲ᠋ᠧᠮ ᠤᠨ ᠰᠠᠭᠤᠷᠢ ᠪᠦᠲᠦᠭᠡᠨ ᠪᠠᠶᠢᠭᠤᠯᠤᠯᠲᠠ ᠵᠡᠷᠭᠡ ᠠᠵᠢᠯ ᠢ ᠬᠠᠷᠢᠭᠤᠴᠠᠨ᠎ᠠ᠃      7.ᠰᠤᠷᠭᠠᠭᠤᠯᠢ ᠶᠢᠨ ᠶᠣᠰᠣ ᠮᠣᠷᠠᠯ ᠤᠨ ᠬᠥᠮᠦᠵᠢᠯ᠂ ᠡᠪ ᠬᠠᠮᠲᠤ ᠵᠠᠯᠠᠭᠤᠴᠤᠳ ᠤᠨ ᠡᠪᠯᠡᠯ᠂ ᠪᠠᠭᠠᠴᠤᠳ ᠤᠨ ᠬᠤᠰᠢᠭᠤᠴᠢ ᠠᠩᠭᠢ᠂ ᠪᠡᠶ᠎ᠡ ᠶᠢᠨ ᠲᠠᠮᠢᠷ᠂ ᠡᠷᠡᠭᠦᠯ ᠬᠠᠮᠠᠭᠠᠯᠠᠯ᠂ ᠤᠷᠠᠯᠢᠭ ᠵᠡᠷᠭᠡ ᠠᠵᠢᠯ ᠢ ᠬᠠᠷᠢᠭᠤᠴᠠᠨ᠎ᠠ᠃      ︵ᠬᠤᠶᠠᠷ︶ ᠶᠡᠷᠦᠩᠬᠡᠶᠢᠯᠡᠭᠰᠡᠨ ᠲᠤᠬᠠᠶᠢᠯᠠᠭᠰᠠᠨ ᠠᠵᠢᠯ ᠤᠨ ᠲᠠᠰᠤᠭ      1.ᠪᠠᠶᠢᠭᠤᠯᠤᠮᠵᠢ ᠶᠢᠨ ᠣᠷᠣᠨ ᠲᠤᠭ᠎ᠠ᠂ ᠲᠤᠰᠢᠶᠠᠯ ᠤᠨ ᠲᠣᠭᠲᠠᠭᠠᠵᠤ ᠤᠷᠢᠬᠤ᠂ ᠪᠠᠭᠰᠢ ᠤᠷᠢᠬᠤ᠂ ᠬᠢᠷᠢ ᠬᠡᠮ ᠢ ᠲᠣᠭᠲᠠᠭᠠᠬᠤ᠂ ᠪᠠᠭᠰᠢ ᠠᠵᠢᠯᠲᠠᠨ ᠢ ᠰᠢᠯᠭᠠᠨ ᠬᠢᠨᠠᠬᠤ᠂ ᠠᠵᠢᠯᠲᠠᠨ ᠤ ᠶᠠᠪᠤᠳᠠᠯ ᠤᠨ ᠲᠠᠩᠰᠠ ᠡᠪᠬᠡᠮᠡᠯ ᠵᠡᠷᠭᠡ ᠠᠵᠢᠯ ᠢ ᠬᠠᠷᠢᠭᠤᠴᠠᠨ᠎ᠠ᠃      2.ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤ ᠦᠶ᠎ᠡ ᠶᠢᠨ ᠰᠣᠷᠣᠭᠴᠢ ᠡᠯᠰᠡᠬᠦ᠂ ᠰᠤᠷᠭᠠᠭᠤᠯᠢ ᠶᠢᠨ ᠬᠠᠷᠢᠶ᠎ᠠ ᠶᠢᠨ ᠬᠠᠮᠢᠶᠠᠷᠤᠯᠲᠠ᠂ ᠵᠢᠭᠠᠨ ᠰᠤᠷᠭᠠᠯᠲᠠ ᠶᠢᠨ ᠥᠭᠡᠷᠡᠴᠢᠯᠡᠯᠲᠡ᠂ ᠵᠢᠷᠤᠮᠵᠢᠭᠤᠯᠤᠨ ᠰᠤᠷᠭᠠᠭᠤᠯᠢ ᠡᠷᠭᠢᠯᠡᠬᠦ ᠵᠡᠷᠭᠡ ᠠᠵᠢᠯ ᠢ ᠬᠠᠷᠢᠭᠤᠴᠠᠨ᠎ᠠ᠃      3.ᠠᠮᠤᠷ ᠲᠦᠪᠰᠢᠨ ᠤ ᠬᠠᠮᠢᠶᠠᠷᠤᠯᠲᠠ ᠪᠠ ᠶᠡᠷᠦᠩᠬᠡᠶᠢᠯᠡᠨ ᠵᠠᠰᠠᠬᠤ ᠵᠡᠷᠭᠡ ᠠᠵᠢᠯ ᠢ ᠬᠠᠷᠢᠭᠤᠴᠠᠨ᠎ᠠ᠃      4.ᠬᠡᠦᠬᠡᠳ ᠤᠨ ᠴᠡᠴᠡᠷᠯᠢᠭ ᠤᠨ ᠰᠤᠷᠭᠠᠭᠤᠯᠢ ᠶᠢᠨ ᠬᠠᠷᠢᠶ᠎ᠠ ᠶᠢᠨ ᠬᠠᠮᠢᠶᠠᠷᠤᠯᠲᠠ᠂ ᠰᠤᠷᠭᠠᠨ ᠬᠥᠮᠦᠵᠢᠯ ᠤᠨ ᠵᠢᠭᠠᠨ ᠰᠤᠷᠭᠠᠯᠲᠠ ᠶᠢᠨ ᠰᠤᠳᠤᠯᠭᠠᠨ᠂ ᠲᠦᠭᠡᠮᠡᠯ ᠬᠠᠷᠠᠭᠠᠯᠵᠠᠯ ᠤᠨ ᠴᠢᠨᠠᠷᠲᠠᠢ ᠠᠷᠠᠳ ᠠᠴᠠ ᠡᠷᠭᠢᠯᠡᠭᠰᠡᠨ ᠬᠡᠦᠬᠡᠳ ᠤᠨ ᠴᠡᠴᠡᠷᠯᠢᠭ ᠢ ᠮᠠᠭᠠᠳᠯᠠᠨ ᠲᠣᠭᠲᠠᠭᠠᠬᠤ ᠬᠠᠮᠢᠶᠠᠷᠤᠯᠲᠠ᠂ ᠦᠨᠡᠮᠯᠡᠯ ᠦᠭᠡᠢ ᠬᠡᠦᠬᠡᠳ ᠤᠨ ᠴᠡᠴᠡᠷᠯᠢᠭ ᠢ ᠢᠯᠭᠠᠷᠠᠭᠤᠯᠤᠨ ᠴᠡᠭᠴᠡᠯᠡᠬᠦ ᠵᠡᠷᠭᠡ ᠠᠵᠢᠯ ᠢ ᠬᠠᠷᠢᠭᠤᠴᠠᠨ᠎ᠠ᠃      ᠪᠠᠶᠢᠭᠤᠯᠤᠮᠵᠢ ᠶᠢᠨ ᠨᠡᠷᠡᠶᠢᠳᠦᠯ᠄ ᠬᠤᠲᠣᠩ ᠠᠷᠠᠳ ᠤᠨ ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶ᠎ᠠ ᠶᠢᠨ ᠭᠤᠷᠪᠠᠳᠤᠭᠠᠷ ᠳᠠᠪᠬᠤᠷᠯᠢᠭ ᠤᠨ ᠨᠠᠮ ᠵᠠᠰᠠᠭ ᠤᠨ ᠠᠯᠪᠠᠨ ᠭᠡᠷ      ᠠᠵᠢᠯᠯᠠᠬᠤ ᠬᠠᠶ᠋ᠢᠭ᠄ ᠬᠤᠲᠣᠩ ᠠᠷᠠᠳ ᠤᠨ ᠲᠣᠭᠤᠷᠢᠭ ᠤᠨ ᠰᠢᠶᠣᠣ ᠹᠦ᠋ ᠬᠤᠶᠢᠲᠤ ᠵᠠᠮ ᠤᠨ ᠪᠤᠶᠢᠷ ᠵᠠᠮ ᠤᠨ ᠪᠠᠭ᠎ᠠ ᠰᠤᠷᠭᠠᠭᠤᠯᠢ ᠶᠢᠨ ᠬᠤᠶᠢᠲᠤ ᠰᠤᠷᠭᠠᠭᠤᠯᠢ ᠶᠢᠨ ᠲᠣᠭᠤᠷᠢᠭ ᠤᠨ ᠬᠤᠶᠢᠲᠤ ᠬᠤᠲᠣᠩ ᠠᠷᠠᠳ ᠤᠨ ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶ᠎ᠠ ᠶᠢᠨ ᠭᠤᠷᠪᠠᠳᠤᠭᠠᠷ ᠳᠠᠪᠬᠤᠷᠯᠢᠭ ᠤᠨ ᠨᠠᠮ ᠵᠠᠰᠠᠭ ᠤᠨ ᠠᠯᠪᠠᠨ ᠭᠡᠷ ᠤᠨ ᠨᠢᠭᠡᠳᠦᠭᠡᠷ ᠥᠷᠥᠭᠡ      ᠠᠵᠢᠯᠯᠠᠬᠤ ᠴᠠᠭ᠄ ᠦᠳᠡ ᠶᠢᠨ ᠡᠮᠦᠨᠡᠬᠢ 9᠄00 ︱ 12᠄00᠂ ᠦᠳᠡ ᠶᠢᠨ ᠬᠤᠶᠢᠨᠠᠬᠢ 1᠄30 ︱ 5᠄00 ︵ᠭᠠᠷᠠᠭ ᠤᠨ ᠨᠢᠭᠡᠨ ᠠᠴᠠ ᠭᠠᠷᠠᠭ ᠤᠨ ᠲᠠᠪᠤᠨ᠂ ᠪᠠᠶᠠᠷ ᠳᠤᠷᠠᠰᠬᠠᠯ ᠠᠮᠠᠷᠠᠯᠲᠠ ᠶᠢᠨ ᠡᠳᠦᠷ ᠠᠴᠠ ᠭᠠᠳᠠᠨ᠎ᠠ︶      ᠬᠠᠷᠢᠯᠴᠠᠬᠤ ᠤᠲᠠᠰᠤ᠄ 0471-5205792      ᠹᠠᠺᠰ ᠤᠨ ᠨᠣᠮᠧᠷ᠄ 0471-5205792      ᠢᠷᠡᠯᠲᠡ᠄ ᠬᠤᠲᠤᠩ ᠠᠷᠠᠳ ᠤᠨ ᠲᠣᠭᠤᠷᠢᠭ ᠤᠨ ᠵᠠᠰᠠᠭ ᠤᠨ ᠣᠷᠳᠤᠨ ᠤ ᠠᠯᠪᠠᠨ ᠰᠦᠯᠵᠢᠶ᠎ᠡ
 
ᠢᠷᠡᠯᠲᠡ᠄ ᠬᠤᠲᠤᠩ ᠠᠷᠠᠳ ᠤᠨ ᠲᠣᠭᠤᠷᠢᠭ ᠤᠨ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000611号-1号