ᠲᠤᠭ᠎ᠠ ᠪᠦᠷᠢᠳᠬᠡᠯ ᠤᠨ ᠲᠣᠪᠴᠢᠶ᠎ᠠ
ᠨᠡᠶᠢᠲᠡᠯᠡᠭᠰᠡᠨ ᠴᠠᠭ᠄
2024/3/11
     ᠨᠢᠭᠡ᠂ ᠭᠤᠣᠯ ᠡᠭᠦᠷᠭᠡ ᠴᠢᠳᠠᠮᠵᠢ      ︵ᠨᠢᠭᠡ︶ ᠤᠯᠤᠰ᠂ ᠥᠪᠥᠷ ᠮᠣᠩᠭᠤᠯ ᠪᠣᠯᠣᠨ ᠬᠥᠬᠡᠬᠤᠲᠠ ᠶᠢᠨ ᠲᠤᠭ᠎ᠠ ᠪᠦᠷᠢᠳᠬᠡᠯ ᠤᠨ ᠠᠵᠢᠯ ᠤᠨ ᠴᠢᠭᠯᠡᠯᠲᠡ ᠲᠥᠷᠥ ᠶᠢᠨ ᠪᠣᠳᠣᠯᠭ᠎ᠠ᠂ ᠬᠠᠤᠯᠢ ᠴᠠᠭᠠᠵᠠ ᠬᠠᠤᠯᠢ ᠲᠣᠭᠲᠠᠭᠠᠯ ᠢ ᠲᠤᠭᠤᠰᠢᠯᠠᠭᠤᠯᠵᠤ᠂ ᠮᠠᠨ ᠤ ᠲᠣᠭᠤᠷᠢᠭ ᠤᠨ ᠲᠤᠭ᠎ᠠ ᠪᠦᠷᠢᠳᠬᠡᠯ ᠤᠨ ᠥᠭᠡᠷᠡᠴᠢᠯᠡᠯᠲᠡ᠂ ᠲᠤᠭ᠎ᠠ ᠪᠦᠷᠢᠳᠬᠡᠯ ᠤᠨ ᠪᠦᠲᠦᠭᠡᠨ ᠪᠠᠶᠢᠭᠤᠯᠤᠯᠲᠠ ᠶᠢᠨ ᠲᠥᠯᠦᠪᠵᠢᠭᠦᠯᠭᠡ᠂ ᠲᠤᠭ᠎ᠠ ᠪᠦᠷᠢᠳᠬᠡᠯ ᠤᠨ ᠪᠠᠶᠢᠴᠠᠭᠠᠯᠲᠠ ᠶᠢᠨ ᠲᠥᠯᠥᠪᠯᠡᠭᠡ᠂ ᠲᠤᠭ᠎ᠠ ᠪᠦᠷᠢᠳᠬᠡᠯ ᠤᠨ ᠪᠠᠷᠢᠮᠵᠢᠶ᠎ᠠ᠂ ᠲᠤᠭ᠎ᠠ ᠪᠦᠷᠢᠳᠬᠡᠯ ᠤᠨ ᠠᠵᠢᠯ ᠤᠨ ᠳᠦᠷᠢᠮ ᠢ ᠲᠤᠭᠤᠷᠪᠢᠨ ᠲᠣᠭᠲᠠᠭᠠᠵᠤ᠂ ᠰᠠᠯᠠᠭ᠎ᠠ ᠮᠥᠴᠢᠷ ᠤᠨ ᠪᠠᠶᠢᠴᠠᠭᠠᠯᠲᠠ ᠶᠢᠨ ᠲᠥᠯᠥᠪᠯᠡᠭᠡ᠂ ᠪᠠᠶᠢᠴᠠᠭᠠᠯᠲᠠ ᠶᠢᠨ ᠲᠥᠰᠥᠯ ᠢ ᠬᠢᠨᠠᠨ ᠲᠣᠭᠲᠠᠭᠠᠨ᠎ᠠ᠃      ︵ᠬᠤᠶᠠᠷ︶ ᠲᠤᠭ᠎ᠠ ᠪᠦᠷᠢᠳᠬᠡᠯ ᠤᠨ ᠬᠠᠤᠯᠢ ᠴᠠᠭᠠᠵᠠ᠂ ᠬᠠᠤᠯᠢ ᠲᠣᠭᠲᠠᠭᠠᠯ ᠢ ᠤᠬᠠᠭᠤᠯᠤᠨ ᠲᠤᠭᠤᠰᠢᠯᠠᠭᠤᠯᠬᠤ ᠪᠠ ᠬᠢᠨᠠᠯᠲᠠ ᠲᠠᠯᠪᠢᠵᠤ ᠪᠠᠶᠢᠴᠠᠭᠠᠬᠤ ᠶᠢ ᠵᠣᠬᠢᠶᠠᠨ ᠪᠠᠶᠢᠭᠤᠯᠵᠤ᠂ ᠬᠦᠨᠳᠦ ᠶᠡᠭᠡ ᠲᠤᠭ᠎ᠠ ᠪᠦᠷᠢᠳᠬᠡᠯ ᠤᠨ ᠬᠠᠤᠯᠢ ᠠᠴᠠ ᠵᠥᠷᠢᠴᠡᠭᠰᠡᠨ ᠬᠡᠷᠡᠭ ᠢ ᠬᠠᠤᠯᠢ ᠶᠣᠰᠣᠭᠠᠷ ᠵᠣᠬᠢᠶᠠᠨ ᠪᠠᠶᠢᠭᠤᠯᠤᠨ ᠪᠠᠶᠢᠴᠠᠭᠠᠨ ᠰᠢᠢᠳᠪᠦᠷᠢᠯᠡᠵᠦ᠂ ᠮᠠᠨ ᠤ ᠲᠣᠭᠤᠷᠢᠭ ᠤᠨ ᠦᠨᠳᠦᠰᠦᠨ ᠨᠢᠭᠡᠴᠡ ᠶᠢᠨ ᠲᠤᠭ᠎ᠠ ᠪᠦᠷᠢᠳᠬᠡᠯ ᠢ ᠵᠣᠬᠢᠶᠠᠨ ᠪᠠᠶᠢᠭᠤᠯᠤᠨ ᠬᠡᠷᠡᠭᠵᠢᠭᠦᠯᠬᠦ ᠶᠢᠨ ᠬᠠᠮᠲᠤ ᠬᠠᠮᠢᠶᠠᠷᠤᠯᠲᠠ ᠶᠢᠨ ᠨᠡᠷᠡᠰ ᠤᠨ ᠬᠥᠮᠥᠷᠭᠡ ᠶᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃      ︵ᠭᠤᠷᠪᠠ︶ ᠪᠥᠬᠦ ᠲᠣᠭᠤᠷᠢᠭ ᠤᠨ ᠤᠯᠤᠰ ᠠᠷᠠᠳ ᠤᠨ ᠠᠵᠤ ᠠᠬᠤᠢ ᠶᠢᠨ ᠠᠵᠢᠯᠯᠠᠭᠠᠨ ᠤ ᠪᠠᠶᠢᠳᠠᠯ ᠳᠤ ᠲᠤᠭ᠎ᠠ ᠪᠦᠷᠢᠳᠬᠡᠯ ᠤᠨ ᠬᠢᠨᠠᠨ ᠬᠡᠮᠵᠢᠯᠲᠡ᠂ ᠲᠥᠰᠥᠭᠡᠯᠡᠯᠲᠡ ᠪᠠ ᠶᠡᠷᠦᠩᠬᠡᠶᠢᠯᠡᠭᠰᠡᠨ ᠵᠠᠳᠠᠯᠤᠯᠲᠠ ᠰᠤᠳᠤᠯᠤᠯᠲᠠ ᠬᠢᠵᠦ᠂ ᠪᠤᠰᠤᠳᠴᠢ ᠲᠣᠬᠢᠷᠠᠭᠤᠯᠤᠯ ᠡᠵᠡᠮᠳᠡᠯ ᠤᠨ ᠯᠠᠪᠯᠠᠯᠭ᠎ᠠ ᠶᠢᠨ ᠰᠠᠨᠠᠭᠤᠯᠭ᠎ᠠ ᠳᠤᠷᠠᠳᠴᠤ᠂ ᠲᠤᠭ᠎ᠠ ᠪᠦᠷᠢᠳᠬᠡᠯ ᠤᠨ ᠲᠤᠭ᠎ᠠ ᠪᠠᠷᠢᠮᠲᠠ ᠶᠢᠨ ᠬᠡᠷᠡᠭᠯᠡᠯᠲᠡ ᠪᠠ ᠬᠠᠩᠭᠠᠯᠭ᠎ᠠ ᠶᠢ ᠬᠠᠮᠢᠶᠠᠷᠴᠤ᠂ ᠬᠢᠨᠠᠨ ᠪᠠᠶᠢᠴᠠᠭᠠᠨ᠎ᠠ᠃ ᠪᠦᠬᠦ ᠲᠣᠭᠤᠷᠢᠭ ᠤᠨ ᠠᠵᠤ ᠠᠬᠤᠢ ᠶᠢᠨ ᠬᠥᠭᠵᠢᠯᠲᠡ᠂ ᠨᠡᠶᠢᠭᠡᠮ ᠤᠨ ᠬᠥᠭᠵᠢᠯᠲᠡ ᠶᠢᠨ ᠦᠢᠯᠡᠰ ᠤᠨ ᠲᠤᠭ᠎ᠠ ᠪᠠᠷᠢᠮᠲᠠ ᠶᠢ ᠡᠮᠬᠢᠯᠡᠨ᠎ᠡ᠃ ᠲᠣᠭᠤᠷᠢᠭ ᠤᠨ ᠨᠠᠮ ᠤᠨ ᠬᠤᠷᠢᠶ᠎ᠠ᠂ ᠲᠣᠭᠤᠷᠢᠭ ᠤᠨ ᠵᠠᠰᠠᠭ ᠤᠨ ᠣᠷᠳᠣᠨ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠲᠤ ᠲᠤᠭ᠎ᠠ ᠪᠦᠷᠢᠳᠬᠡᠯ ᠤᠨ ᠮᠡᠳᠡᠭᠡ ᠵᠠᠩᠭᠢ ᠪᠠ ᠠᠰᠠᠭᠤᠨ ᠯᠠᠪᠯᠠᠬᠤ ᠰᠠᠨᠠᠭᠤᠯᠭ᠎ᠠ ᠶᠢ ᠬᠠᠩᠭᠠᠨ᠎ᠠ᠃      ︵ᠳᠥᠷᠪᠡ︶ ᠤᠯᠤᠰ ᠤᠨ ᠨᠡᠶᠢᠳᠡᠮ ᠪᠠᠶᠢᠴᠠᠭᠠᠯᠲᠠ ᠶᠢᠨ ᠲᠥᠰᠥᠯ ᠤᠨ ᠶᠣᠰᠣᠭᠠᠷ᠂ ᠳᠡᠭᠡᠳᠦ ᠱᠠᠲᠤᠨ ᠤ ᠰᠠᠯᠠᠭ᠎ᠠ ᠮᠥᠴᠢᠷ ᠤᠨ ᠪᠠᠭᠤᠯᠭᠠᠭᠰᠠᠨ ᠡᠯ᠎ᠡ ᠵᠦᠢᠯ ᠤᠨ ᠨᠡᠶᠢᠳᠡᠮ ᠪᠠᠶᠢᠴᠠᠭᠠᠯᠲᠠ ᠬᠢᠬᠦ᠂ ᠦᠯᠢᠭᠡᠷ ᠠᠪᠴᠤ ᠪᠠᠶᠢᠴᠠᠭᠠᠬᠤ ᠡᠭᠦᠷᠭᠡ ᠶᠢ ᠡᠭᠦᠷᠭᠡᠯᠡᠨ᠎ᠡ᠃      ︵ᠲᠠᠪᠤ︶ ᠮᠠᠨ ᠤ ᠲᠣᠭᠤᠷᠢᠭ ᠤᠨ ᠲᠠᠷᠢᠶᠠᠯᠠᠩ᠂ ᠠᠵᠤ ᠦᠢᠯᠡᠳᠪᠦᠷᠢ᠂ ᠪᠠᠷᠢᠯᠭ᠎ᠠ ᠶᠢᠨ ᠦᠢᠯᠡᠰ᠂ ᠪᠥᠭᠡᠮ ᠢᠶᠠᠷ ᠬᠤᠳᠠᠯᠳᠤᠬᠤ ᠪᠠ ᠵᠢᠵᠢᠭᠯᠡᠨ ᠬᠤᠳᠠᠯᠳᠤᠬᠤ ᠠᠷᠠᠯᠵᠢᠶ᠎ᠠ ᠶᠢᠨ ᠦᠢᠯᠡᠰ᠂ ᠦᠢᠯᠡᠴᠢᠯᠡᠭᠡᠨ ᠤ ᠦᠢᠯᠡᠰ᠂ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ᠂ ᠬᠥᠮᠥᠨ ᠠᠮᠠ ᠪᠠ ᠨᠡᠶᠢᠭᠡᠮ ᠤᠨ ᠲᠤᠭ᠎ᠠ ᠪᠦᠷᠢᠳᠬᠡᠯ᠂ ᠭᠤᠷᠪᠠᠨ ᠪᠡᠯᠡ ᠶᠢᠨ ᠠᠵᠤ ᠠᠬᠤᠶᠢᠯᠠᠯ ᠤᠨ ᠲᠤᠭ᠎ᠠ ᠪᠦᠷᠢᠳᠬᠡᠯ ᠵᠡᠷᠭᠡ ᠶᠢᠨ ᠮᠡᠳᠡᠭᠦᠯᠬᠦ ᠬᠦᠰᠦᠨᠦᠭᠲᠦ ᠶᠢ ᠴᠤᠭᠯᠠᠭᠤᠯᠬᠤ᠂ ᠡᠮᠬᠢᠯᠡᠬᠦ᠂ ᠬᠤᠷᠢᠶᠠᠩᠭᠤᠶᠢᠯᠠᠬᠤ ᠶᠢ ᠵᠣᠬᠢᠶᠠᠨ ᠪᠠᠶᠢᠭᠤᠯᠤᠨ ᠬᠡᠷᠡᠭᠵᠢᠭᠦᠯᠬᠦ ᠶᠢᠨ ᠬᠠᠮᠲᠤ ᠲᠤᠭ᠎ᠠ ᠪᠦᠷᠢᠳᠬᠡᠯ ᠤᠨ ᠲᠤᠭ᠎ᠠ ᠪᠠᠷᠢᠮᠲᠠ ᠶᠢᠨ ᠶᠠᠰᠤ ᠴᠢᠨᠠᠷ ᠲᠤ ᠪᠠᠶᠢᠴᠠᠭᠠᠯᠲᠠ᠂ ᠦᠨᠡᠯᠡᠨ ᠵᠢᠱᠢᠯᠲᠡ ᠬᠢᠨ᠎ᠡ᠃      ︵ᠵᠢᠷᠭᠤᠭ᠎ᠠ︶ ᠮᠠᠨ ᠤ ᠲᠣᠭᠤᠷᠢᠭ ᠤᠨ ᠮᠡᠳᠡᠭᠡ ᠵᠠᠩᠭᠢ ᠶᠢᠨ ᠠᠦ᠋ᠲ᠋ᠣᠴᠢᠯᠠᠬᠤ ᠰᠢᠰᠲ᠋ᠧᠮ ᠪᠠ ᠳ᠋ᠠᠶᠢᠲ᠋ᠠ ᠶᠢᠨ ᠬᠥᠮᠥᠷᠭᠡ ᠶᠢᠨ ᠰᠢᠰᠲ᠋ᠧᠮᠵᠢ ᠶᠢ ᠪᠠᠶᠢᠭᠤᠯᠤᠨ ᠪᠦᠷᠢᠨᠰᠢᠭᠦᠯᠬᠦ ᠪᠠ ᠬᠠᠮᠢᠶᠠᠷᠬᠤ ᠶᠢ ᠬᠠᠷᠢᠭᠤᠴᠠᠨ᠎ᠠ᠃      ︵ᠲᠤᠯᠤᠭ᠎ᠠ︶ ᠬᠤᠳᠠ ᠳᠤ ᠰᠢᠯᠵᠢᠭᠦᠯᠬᠦ ᠪᠠᠷᠢᠭᠠᠳᠠ᠂ ᠬᠥᠳᠡᠭᠡ ᠲᠣᠰᠬᠤᠨ ᠳᠤ ᠰᠢᠯᠵᠢᠭᠦᠯᠬᠦ ᠪᠠᠷᠢᠭᠠᠳᠠ ᠶᠢᠨ ᠲᠤᠭ᠎ᠠ ᠪᠦᠷᠢᠳᠬᠡᠯ ᠤᠨ ᠠᠵᠢᠯ ᠢ ᠬᠠᠷᠢᠭᠤᠴᠠᠨ ᠬᠠᠮᠢᠶᠠᠷᠤᠨ᠎ᠠ᠃      ︵ᠨᠠᠢᠮᠠ︶ ᠲᠣᠭᠤᠷᠢᠭ ᠤᠨ ᠨᠠᠮ ᠤᠨ ᠬᠤᠷᠢᠶ᠎ᠠ᠂ ᠲᠣᠭᠤᠷᠢᠭ ᠤᠨ ᠵᠠᠰᠠᠭ ᠤᠨ ᠣᠷᠳᠣᠨ ᠵᠢᠴᠢ ᠬᠤᠲᠠ ᠶᠢᠨ ᠲᠤᠭ᠎ᠠ ᠪᠦᠷᠢᠳᠬᠡᠯ ᠤᠨ ᠲᠣᠪᠴᠢᠶ᠎ᠠ ᠶᠢᠨ ᠲᠤᠰᠢᠶᠠᠭᠰᠠᠨ ᠪᠤᠰᠤᠳ ᠶᠠᠪᠤᠳᠠᠯ ᠤᠳ ᠢ ᠳᠠᠭᠠᠭᠠᠨ ᠭᠦᠢᠴᠡᠳᠬᠡᠨ᠎ᠡ᠃      ᠬᠤᠶᠠᠷ᠂ ᠳᠣᠲᠣᠭᠠᠳᠤ ᠪᠠᠶᠢᠭᠤᠯᠤᠮᠵᠢ      ᠶᠡᠷᠦᠩᠬᠡᠶᠢᠯᠡᠭᠰᠡᠨ ᠠᠯᠪᠠᠨ ᠭᠡᠷ ᠴᠠᠬᠢᠯᠭᠠᠨ ᠮᠡᠳᠡᠭᠡ᠂ ᠬᠤᠷᠠᠯ ᠤᠨ ᠶᠠᠪᠤᠳᠠᠯ᠂ ᠨᠢᠭᠤᠴᠠ ᠴᠢᠬᠤᠯᠠ ᠮᠠᠲ᠋ᠧᠷᠢᠶᠠᠯ᠂ ᠲᠠᠩᠰᠠ ᠡᠪᠬᠡᠮᠡᠯ ᠵᠡᠷᠭᠡ ᠪᠠᠶᠢᠭᠤᠯᠭ᠎ᠠ ᠶᠢᠨ ᠡᠳᠦᠷ ᠲᠤᠲᠤᠮ ᠤᠨ ᠠᠵᠢᠯᠯᠠᠭᠠᠨ ᠤ ᠠᠵᠢᠯ ᠢ ᠬᠠᠷᠢᠭᠤᠴᠠᠨ᠎ᠠ᠃ ᠺᠠᠳ᠋ᠷ ᠠᠵᠢᠯᠲᠠᠨ ᠤ ᠶᠠᠪᠤᠳᠠᠯ᠂ ᠪᠠᠶᠢᠭᠤᠯᠤᠮᠵᠢ ᠶᠢᠨ ᠣᠷᠣᠨ ᠲᠤᠭ᠎ᠠ᠂ ᠬᠥᠳᠡᠯᠮᠦᠷᠢ ᠴᠠᠯᠢᠩ᠂ ᠨᠠᠮ ᠪᠠ ᠤᠯᠠᠨ ᠲᠦᠮᠡᠨ᠂ ᠬᠥᠮᠦᠵᠢᠯ ᠪᠣᠯᠪᠠᠰᠤᠷᠠᠭᠤᠯᠤᠯ᠂ ᠠᠵᠢᠯ ᠠᠴᠠ ᠪᠠᠨ ᠰᠠᠯᠵᠤ ᠠᠮᠠᠷᠠᠭᠰᠠᠨ ᠪᠠ ᠠᠵᠢᠯ ᠠᠴᠠ ᠪᠠᠨ ᠪᠠᠭᠤᠵᠤ ᠠᠮᠠᠷᠠᠭᠰᠠᠨ ᠬᠥᠮᠥᠰ ᠤᠨ ᠦᠢᠯᠡᠴᠢᠯᠡᠭᠡ᠂ ᠭᠠᠳᠠᠭᠠᠳᠤ ᠶᠠᠪᠤᠳᠠᠯ ᠵᠡᠷᠭᠡ ᠠᠵᠢᠯ ᠢ ᠡᠭᠦᠷᠭᠡᠯᠡᠨ᠎ᠡ᠃ ᠠᠮᠤᠷ ᠲᠦᠪᠰᠢᠨ᠂ ᠨᠢᠭᠤᠴᠠ ᠶᠢ ᠬᠠᠮᠠᠭᠠᠯᠠᠬᠤ᠂ ᠵᠠᠬᠢᠳᠠᠯ ᠰᠣᠷᠪᠤᠯᠵᠢᠯᠠᠭ᠎ᠠ ᠵᠡᠷᠭᠡ ᠠᠵᠢᠯ ᠢ ᠡᠭᠦᠷᠭᠡᠯᠡᠨ᠎ᠡ᠃ ᠪᠠᠶᠢᠭᠤᠯᠭ᠎ᠠ ᠶᠢᠨ ᠡᠳ᠋ ᠤᠨ ᠶᠠᠪᠤᠳᠠᠯ᠂ ᠮᠡᠳᠡᠭᠡ ᠵᠠᠩᠭᠢᠵᠢᠯᠲᠠ᠂ ᠡᠳ᠋ ᠬᠥᠷᠥᠩᠭᠡ ᠶᠢᠨ ᠬᠠᠮᠢᠶᠠᠷᠤᠯᠲᠠ᠂ ᠳᠣᠲᠣᠭᠠᠳᠤ ᠶᠢᠨ ᠬᠢᠨᠠᠨ ᠪᠣᠳᠣᠯᠲᠠ ᠵᠡᠷᠭᠡ ᠠᠵᠢᠯ ᠢ ᠡᠭᠦᠷᠭᠡᠯᠡᠨ᠎ᠡ᠃ ᠪᠦᠬᠦ ᠲᠣᠭᠤᠷᠢᠭ ᠤᠨ ᠲᠤᠭ᠎ᠠ ᠪᠦᠷᠢᠳᠬᠡᠯ ᠤᠨ ᠲᠤᠰᠬᠠᠢ ᠮᠡᠷᠭᠡᠵᠢᠯ ᠤᠨ ᠡᠩᠨᠡᠭᠡᠨ ᠤ ᠪᠠᠶᠢᠭᠤᠯᠤᠯᠲᠠ ᠶᠢ ᠵᠢᠯᠤᠭᠤᠳᠴᠤ᠂ ᠲᠤᠭ᠎ᠠ ᠪᠦᠷᠢᠳᠬᠡᠯ ᠤᠨ ᠬᠥᠮᠦᠵᠢᠯ ᠪᠣᠯᠣᠨ ᠪᠣᠯᠪᠠᠰᠤᠷᠠᠭᠤᠯᠤᠯ ᠤᠨ ᠠᠵᠢᠯ ᠢ ᠥᠷᠨᠢᠭᠦᠯᠦᠨ᠎ᠡ᠃ ᠤᠯᠤᠰ ᠤᠨ ᠪᠠᠶᠢᠳᠠᠯ ᠤᠯᠤᠰ ᠤᠨ ᠬᠦᠴᠦᠨ ᠤ ᠴᠢᠬᠤᠯᠠ ᠶᠡᠭᠡ ᠨᠡᠶᠢᠳᠡᠮ ᠤᠨ ᠪᠠᠶᠢᠴᠠᠭᠠᠯᠲᠠ ᠳᠤ ᠣᠷᠣᠯᠴᠠᠨ ᠵᠣᠬᠢᠴᠠᠭᠤᠯᠤᠨ᠎ᠠ᠃      ᠭᠤᠷᠪᠠ᠂ ᠪᠤᠰᠤᠳ ᠵᠦᠢᠯ      ᠪᠠᠶᠢᠭᠤᠯᠤᠮᠵᠢ ᠶᠢᠨ ᠨᠡᠷᠡᠶᠢᠳᠦᠯ᠄ ᠬᠤᠲᠣᠩ ᠠᠷᠠᠳ ᠤᠨ ᠲᠣᠭᠤᠷᠢᠭ ᠤᠨ ᠲᠤᠭ᠎ᠠ ᠪᠦᠷᠢᠳᠬᠡᠯ ᠤᠨ ᠲᠣᠪᠴᠢᠶ᠎ᠠ      ᠠᠵᠢᠯᠯᠠᠬᠤ ᠬᠠᠶ᠋ᠢᠭ᠄ ᠰᠢᠨᠬᠤᠸᠠ ᠪᠠᠷᠠᠭᠤᠨ ᠵᠡᠭᠡᠯᠢ ᠶᠢᠨ 49 ᠳ᠋ᠦ᠋ᠭᠡᠷ ᠬᠤᠲᠣᠩ ᠠᠷᠠᠳ ᠤᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠲᠣᠮᠣ ᠠᠰᠠᠷ ᠤᠨ 214 ᠳ᠋ᠦ᠋ᠭᠡᠷ ᠥᠷᠥᠭᠡ      ᠠᠵᠢᠯᠯᠠᠬᠤ ᠴᠠᠭ᠄ ᠦᠳᠡ ᠶᠢᠨ ᠡᠮᠦᠨᠡᠬᠢ 9᠄00 ︱ 12᠄00᠂ ᠦᠳᠡ ᠶᠢᠨ ᠬᠤᠶᠢᠨᠠᠬᠢ 1᠄30 ︱ 5᠄00 ︵ᠭᠠᠷᠠᠭ ᠤᠨ ᠨᠢᠭᠡᠨ ᠠᠴᠠ ᠭᠠᠷᠠᠭ ᠤᠨ ᠲᠠᠪᠤᠨ᠂ ᠪᠠᠶᠠᠷ ᠳᠤᠷᠠᠰᠬᠠᠯ ᠠᠮᠠᠷᠠᠯᠲᠠ ᠶᠢᠨ ᠡᠳᠦᠷ ᠠᠴᠠ ᠭᠠᠳᠠᠨ᠎ᠠ︶      ᠬᠠᠷᠢᠯᠴᠠᠬᠤ ᠤᠲᠠᠰᠤ᠄ 0471 ︱ 382079      ᠢᠷᠡᠯᠲᠡ᠄ ᠬᠤᠲᠤᠩ ᠠᠷᠠᠳ ᠤᠨ ᠲᠣᠭᠤᠷᠢᠭ ᠤᠨ ᠵᠠᠰᠠᠭ ᠤᠨ ᠣᠷᠳᠤᠨ ᠤ ᠠᠯᠪᠠᠨ ᠰᠦᠯᠵᠢᠶ᠎ᠡ
 
ᠢᠷᠡᠯᠲᠡ᠄ ᠬᠤᠲᠤᠩ ᠠᠷᠠᠳ ᠤᠨ ᠲᠣᠭᠤᠷᠢᠭ ᠤᠨ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000611号-1号