ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ
ᠨᠡᠶᠢᠲᠡᠯᠡᠭᠰᠡᠨ ᠴᠠᠭ᠄
2024/3/11
      ᠨᠢᠭᠡ᠂ ᠭᠤᠣᠯ ᠡᠭᠦᠷᠭᠡ ᠬᠠᠷᠢᠭᠤᠴᠠᠯᠭ᠎ᠠ      ᠬᠥᠬᠡᠬᠤᠲᠠ ᠶᠢᠨ ᠬᠤᠲᠣᠩ ᠠᠷᠠᠳ ᠤᠨ ᠲᠣᠭᠤᠷᠢᠭ ᠤᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠶᠢᠨ ᠭᠤᠣᠯ ᠡᠭᠦᠷᠭᠡ ᠬᠠᠷᠢᠭᠤᠴᠠᠯᠭ᠎ᠠ᠄      ︵ᠨᠢᠭᠡ︶ ᠪᠥᠬᠦ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠬᠥᠭᠵᠢᠯᠲᠡ ᠶᠢᠨ ᠤᠷᠲᠤᠪᠲᠤᠷ ᠪᠠ ᠤᠷᠳᠤ ᠬᠤᠭᠤᠴᠠᠭᠠᠨ ᠤ ᠲᠥᠯᠦᠪᠵᠢᠭᠦᠯᠭᠡ ᠪᠣᠯᠣᠨ ᠣᠨ ᠤ ᠲᠥᠯᠥᠪᠯᠡᠭᠡ ᠶᠢ ᠨᠠᠶᠢᠷᠠᠭᠤᠯᠤᠨ ᠵᠣᠬᠢᠶᠠᠬᠤ ᠶᠢ ᠬᠠᠷᠢᠭᠤᠴᠠᠨ᠎ᠠ᠃      ︵ᠬᠤᠶᠠᠷ︶ ᠬᠥᠬᠡᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠪᠠᠶᠢᠭᠤᠯᠤᠯ ᠤᠨ ᠥᠭᠡᠷᠡᠴᠢᠯᠡᠯᠲᠡ ᠶᠢᠨ ᠬᠤᠯᠪᠣᠭᠳᠠᠯ ᠪᠦᠬᠦᠢ ᠲᠥᠷᠥ ᠶᠢᠨ ᠪᠣᠳᠣᠯᠭ᠎ᠠ ᠪᠠ ᠠᠷᠭ᠎ᠠ ᠬᠡᠮᠵᠢᠶ᠎ᠡ ᠶᠢ ᠬᠡᠷᠡᠭᠵᠢᠭᠦᠯᠦᠨ᠎ᠡ︔ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠰᠢᠰᠲ᠋ᠧᠮᠵᠢ ᠶᠢᠨ ᠪᠠᠶᠢᠭᠤᠯᠤᠯᠲᠠ ᠶᠢ ᠲᠦᠯᠬᠢᠨ ᠠᠬᠢᠭᠤᠯᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠴᠢᠳᠠᠪᠤᠷᠢ ᠶᠢ ᠳᠡᠭᠡᠭᠰᠢᠯᠡᠭᠦᠯᠦᠨ᠂ ᠬᠥᠬᠡᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠥᠭᠵᠢᠯᠲᠡ ᠶᠢ ᠴᠢᠩᠭᠠᠳᠬᠠᠬᠤ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠪᠣᠯᠣᠨ ᠰᠢᠨᠵᠢᠯᠡᠬᠦ ᠤᠬᠠᠭᠠᠨ ᠮᠡᠷᠭᠡᠵᠢᠯ ᠤᠨ ᠲᠥᠯᠥᠪᠯᠡᠭᠡ ᠶᠢ ᠬᠡᠷᠡᠭᠵᠢᠭᠦᠯᠬᠦ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃      ︵ᠭᠤᠷᠪᠠ︶ ᠰᠢᠨᠵᠢᠯᠡᠬᠦ ᠤᠬᠠᠭᠠᠨ ᠤ ᠰᠤᠳᠤᠯᠤᠯ ᠤᠨ ᠲᠥᠷᠥᠯ ᠵᠦᠢᠯ ᠤᠨ ᠪᠡᠯᠡ ᠮᠥᠩᠭᠦ ᠶᠢ ᠵᠣᠬᠢᠴᠠᠭᠤᠯᠬᠤ᠂ ᠦᠨᠡᠯᠡᠨ ᠵᠢᠱᠢᠬᠦ᠂ ᠬᠢᠨᠠᠨ ᠬᠠᠮᠢᠶᠠᠷᠬᠤ ᠲᠣᠭᠲᠠᠴᠠ ᠶᠢ ᠪᠣᠶ ᠪᠣᠯᠭᠠᠨ᠎ᠠ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠰᠢᠨᠵᠢᠯᠡᠬᠦ ᠤᠬᠠᠭᠠᠨ ᠮᠡᠷᠭᠡᠵᠢᠯ ᠤᠨ ᠡᠬᠢ ᠪᠠᠶᠠᠯᠢᠭ ᠢ ᠰᠢᠯᠢᠳᠡᠭᠵᠢᠭᠦᠯᠦᠨ ᠲᠣᠬᠢᠷᠠᠭᠤᠯᠬᠤ ᠲᠦᠷᠦ ᠶᠢᠨ ᠪᠣᠳᠣᠯᠭ᠎ᠠ ᠶᠢᠨ ᠰᠠᠨᠠᠭᠤᠯᠭ᠎ᠠ ᠶᠢ ᠳᠤᠷᠠᠳᠴᠤ᠂ ᠡᠳ᠋ ᠤᠨ ᠵᠠᠰᠠᠭ ᠤᠨ ᠰᠢᠨᠵᠢᠯᠡᠬᠦ ᠤᠬᠠᠭᠠᠨ ᠮᠡᠷᠭᠡᠵᠢᠯ ᠤᠨ ᠲᠥᠯᠥᠪᠯᠡᠭᠡ ︵ᠲᠤᠰᠬᠠᠢ ᠵᠦᠢᠯ᠂ ᠰᠠᠭᠤᠷᠢ ᠮᠥᠩᠭᠦ ᠵᠡᠷᠭᠡ︶ ᠶᠢ ᠵᠣᠬᠢᠴᠠᠭᠤᠯᠤᠨ ᠬᠠᠮᠢᠶᠠᠷᠬᠤ ᠶᠢᠨ ᠬᠠᠮᠲᠤ ᠬᠢᠨᠠᠯᠲᠠ ᠲᠠᠯᠪᠢᠵᠤ ᠬᠡᠷᠡᠭᠵᠢᠭᠦᠯᠦᠨ᠎ᠡ᠃      ︵ᠲᠤᠶᠢᠷᠪᠡ︶ ᠳᠡᠭᠡᠳᠦ ᠰᠢᠨ᠎ᠡ ᠲᠧᠭᠨᠢᠭ ᠮᠡᠷᠭᠡᠵᠢᠯ ᠢ ᠠᠵᠤ ᠦᠢᠯᠡᠰᠵᠢᠭᠦᠯᠬᠦ ᠪᠠ ᠬᠡᠷᠡᠭᠯᠡᠭᠡᠨ ᠤ ᠲᠧᠭᠨᠢᠭ ᠮᠡᠷᠭᠡᠵᠢᠯ ᠢ ᠨᠡᠭᠡᠭᠡᠨ ᠬᠥᠭᠵᠢᠭᠦᠯᠬᠦ ᠪᠠ ᠳᠡᠯᠭᠡᠷᠡᠭᠦᠯᠬᠦ ᠠᠵᠢᠯ ᠢ ᠬᠠᠷᠢᠭᠤᠴᠠᠨ᠎ᠠ︔ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠪᠣᠯᠣᠨ ᠭᠤᠣᠯᠳᠠᠯᠭ᠎ᠠ ᠲᠠᠢ ᠰᠢᠨ᠎ᠡ ᠦᠢᠯᠡᠳᠬᠦᠨ ᠤ ᠬᠠᠮᠢᠶ᠎ᠠ ᠪᠦᠬᠦᠢ ᠠᠵᠢᠯ ᠢ ᠵᠢᠯᠣᠭᠤᠳᠤᠨ ᠬᠠᠮᠢᠶᠠᠷᠴᠤ᠂ ᠤᠯᠤᠰ᠂ ᠥᠪᠡᠷᠲᠡᠭᠡᠨ ᠵᠠᠰᠠᠬᠤ ᠣᠷᠣᠨ᠂ ᠬᠥᠬᠡᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠥᠷᠥᠯ ᠵᠦᠢᠯ ᠢ ᠲᠠᠨᠢᠯᠴᠠᠭᠤᠯᠬᠤ᠂ ᠭᠤᠶᠤᠴᠢᠯᠠᠨ ᠮᠡᠳᠡᠭᠦᠯᠬᠦ ᠪᠠ ᠬᠢᠨᠠᠯᠲᠠ ᠲᠠᠯᠪᠢᠵᠤ ᠬᠡᠷᠡᠭᠵᠢᠭᠦᠯᠬᠦ ᠵᠡᠷᠭᠡ ᠠᠵᠢᠯ ᠢ ᠬᠠᠷᠢᠭᠤᠴᠠᠨ᠎ᠠ᠃      ︵ᠲᠠᠪᠤ︶ ᠰᠢᠨᠵᠢᠯᠡᠬᠦ ᠤᠬᠠᠭᠠᠨ ᠮᠡᠷᠭᠡᠵᠢᠯ ᠤᠨ ᠴᠢᠳᠠᠪᠤᠷᠢᠲᠠᠨ ᠢ ᠦᠨᠡᠯᠡᠬᠦ ᠪᠠ ᠤᠷᠮᠠᠰᠢᠭᠤᠯᠬᠤ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠴᠢᠳᠠᠪᠤᠷᠢᠲᠠᠨ ᠤ ᠲᠥᠯᠥᠪᠯᠡᠭᠡ ᠶᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠦᠨ ᠠᠳᠠᠯ ᠦᠢᠯᠡᠰ ᠴᠣᠭᠴᠠᠯᠠᠬᠤ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠶᠢ ᠠᠬᠢᠭᠤᠯᠤᠨ᠎ᠠ᠃      ︵ᠵᠢᠷᠭᠤᠭ᠎ᠠ︶ ᠬᠠᠮᠢᠶᠠᠷᠤᠯᠲᠠ ᠶᠢᠨ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ᠂ ᠰᠢᠯᠵᠢᠭᠦᠯᠦᠨ ᠬᠤᠪᠢᠷᠠᠭᠤᠯᠬᠤ ᠪᠠ ᠦᠢᠯᠡᠳᠪᠦᠷᠢᠯᠡᠬᠦ ᠵᠢᠭᠠᠬᠤ ᠰᠤᠳᠤᠯᠬᠤ ᠶᠢ ᠤᠶᠠᠯᠳᠤᠭᠤᠯᠬᠤ ᠶᠢ ᠠᠬᠢᠭᠤᠯᠬᠤ ᠵᠡᠷᠭᠡ ᠠᠵᠢᠯ ᠢ ᠬᠠᠷᠢᠭᠤᠴᠠᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠦᠢᠯᠡᠴᠢᠯᠡᠭᠡᠨ ᠤ ᠦᠢᠯᠡᠰ᠂ ᠮᠡᠷᠭᠡᠵᠢᠯ ᠤᠨ ᠵᠠᠬ᠎ᠠ ᠳᠡᠯᠭᠡᠭᠦᠷ ᠪᠠ ᠰᠢᠨᠵᠢᠯᠡᠬᠦ ᠤᠬᠠᠭᠠᠨ ᠮᠡᠷᠭᠡᠵᠢᠯ ᠤᠨ ᠵᠠᠭᠤᠴᠢ ᠵᠣᠬᠢᠶᠠᠨ ᠪᠠᠶᠢᠭᠤᠯᠤᠯᠲᠠ ᠶᠢᠨ ᠬᠥᠭᠵᠢᠯᠲᠡ ᠶᠢ ᠵᠢᠯᠣᠭᠤᠳᠤᠨ᠎ᠠ᠃ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠤᠬᠠᠭᠤᠯᠭ᠎ᠠ ᠶᠢᠨ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃      ︵ᠳᠣᠯᠤᠭ᠎ᠠ︶ ᠰᠢᠨᠵᠢᠯᠡᠬᠦ ᠤᠬᠠᠭᠠᠨ ᠮᠡᠷᠭᠡᠵᠢᠯ ᠤᠨ ᠮᠡᠳᠡᠭᠡ ᠵᠠᠩᠭᠢ᠂ ᠰᠢᠨᠵᠢᠯᠡᠬᠦ ᠤᠬᠠᠭᠠᠨ ᠮᠡᠷᠭᠡᠵᠢᠯ ᠤᠨ ᠲᠤᠭ᠎ᠠ ᠪᠦᠷᠢᠳᠬᠡᠯ ᠤᠨ ᠠᠵᠢᠯ ᠢ ᠬᠠᠷᠢᠭᠤᠴᠠᠵᠤ᠂ ᠪᠥᠬᠦ ᠲᠤᠭᠤᠷᠢᠭ ᠤᠨ ᠠᠷᠠᠳ ᠠᠴᠠ ᠡᠵᠡᠩᠨᠡᠭᠰᠡᠨ ᠰᠢᠨᠵᠢᠯᠡᠬᠦ ᠤᠬᠠᠭᠠᠨ ᠮᠡᠷᠭᠡᠵᠢᠯ ᠤᠨ ᠠᠵᠢᠯ ᠢ ᠵᠢᠯᠣᠭᠤᠳᠤᠨ᠎ᠠ᠃      ︵ᠨᠠᠢᠮᠠ︶ ᠲᠣᠰ ᠰᠠᠯᠠᠭ᠎ᠠ ᠮᠥᠴᠢᠷ ᠤᠨ ᠢᠶᠠᠨ ᠡᠷᠬᠡ ᠬᠠᠷᠢᠭᠤᠴᠠᠯᠭ᠎ᠠ ᠶᠢᠨ ᠨᠠᠷᠢᠨ ᠬᠠᠭᠤᠳᠠᠰᠤ ᠶᠢᠨ ᠶᠣᠰᠣᠭᠠᠷ ᠬᠠᠮᠢᠶ᠎ᠠ ᠪᠦᠬᠦᠢ ᠡᠭᠦᠷᠭᠡ ᠬᠠᠷᠢᠭᠤᠴᠠᠯᠭ᠎ᠠ ᠶᠢ ᠭᠦᠢᠴᠡᠳᠬᠡᠨ᠎ᠡ᠃ ᠡᠭᠦᠷᠭᠡ ᠬᠠᠷᠢᠭᠤᠴᠠᠯᠭ᠎ᠠ ᠶᠢᠨ ᠬᠡᠪᠴᠢᠶᠡᠨ ᠳᠣᠲᠣᠷᠠᠬᠢ ᠠᠶᠤᠯ ᠦᠭᠡᠢ ᠦᠢᠯᠡᠳᠪᠦᠷᠢᠯᠡᠯ᠂ ᠠᠵᠢᠯ ᠮᠡᠷᠭᠡᠵᠢᠯ ᠤᠨ ᠡᠷᠡᠭᠦᠯ ᠮᠡᠨᠳᠦ᠂ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠵᠡᠷᠭᠡ ᠠᠵᠢᠯ ᠢ ᠬᠠᠷᠢᠭᠤᠴᠠᠨ᠎ᠠ᠃      ︵ᠶᠢᠰᠦ︶ ᠲᠤᠭᠤᠷᠢᠭ ᠤᠨ ᠨᠠᠮ ᠤᠨ ᠬᠤᠷᠢᠶ᠎ᠠ᠂ ᠲᠤᠭᠤᠷᠢᠭ ᠤᠨ ᠵᠠᠰᠠᠭ ᠤᠨ ᠣᠷᠳᠣᠨ ᠤ ᠳᠠᠭᠠᠭᠠᠯᠭᠠᠭᠰᠠᠨ ᠪᠤᠰᠤᠳ ᠡᠭᠦᠷᠭᠡ ᠨᠦᠭᠦᠳ ᠢ ᠪᠡᠶᠡᠯᠡᠭᠦᠯᠬᠦ ᠬᠡᠷᠡᠭᠲᠡᠢ᠃      ᠠᠵᠢᠯᠯᠠᠬᠤ ᠬᠠᠶ᠋ᠢᠭ᠄ ᠬᠥᠬᠡᠬᠤᠲᠠ ᠶᠢᠨ ᠬᠤᠲᠣᠩ ᠠᠷᠠᠳ ᠤᠨ ᠲᠣᠭᠤᠷᠢᠭ ᠤᠨ ᠰᠢᠨᠬᠤᠸᠠ ᠪᠠᠷᠠᠭᠤᠨ ᠵᠡᠭᠡᠯᠢ ᠶᠢᠨ 49 ᠳ᠋ᠦ᠋ᠭᠡᠷ ᠨᠣᠮᠧᠷᠲᠤ 3 ᠳ᠋ᠤᠭᠠᠷ ᠨᠣᠮᠧᠷᠲᠤ ᠠᠰᠠᠷ ᠤᠨ 2 ᠳ᠋ᠤᠭᠠᠷ ᠠᠰᠠᠷ      ᠠᠵᠢᠯᠯᠠᠬᠤ ᠴᠠᠭ᠄ ᠦᠳᠡ ᠶᠢᠨ ᠡᠮᠦᠨᠡᠬᠢ 9᠄00 ︱ 12᠄00᠂ ᠦᠳᠡ ᠶᠢᠨ ᠬᠤᠶᠢᠨᠠᠬᠢ 1᠄30 ︱ 5᠄00 ︵ᠭᠠᠷᠠᠭ ᠤᠨ ᠨᠢᠭᠡᠨ ᠠᠴᠠ ᠭᠠᠷᠠᠭ ᠤᠨ ᠲᠠᠪᠤᠨ᠂ ᠪᠠᠶᠠᠷ ᠳᠤᠷᠠᠰᠬᠠᠯ ᠠᠮᠠᠷᠠᠯᠲᠠ ᠶᠢᠨ ᠡᠳᠦᠷ ᠠᠴᠠ ᠭᠠᠳᠠᠨ᠎ᠠ︶      ᠬᠠᠷᠢᠯᠴᠠᠬᠤ ᠤᠲᠠᠰᠤ᠄ 0471-3821107      ᠲᠣᠰ ᠨᠢᠭᠡᠴᠢ ᠳᠤ ᠳᠣᠲᠣᠭᠠᠳᠤ ᠳᠠᠭᠠᠨ ᠲᠣᠬᠢᠷᠠᠭᠤᠯᠤᠭᠰᠠᠨ ᠰᠠᠯᠠᠭ᠎ᠠ ᠲᠠᠰᠤᠭ ᠪᠠᠶᠢᠬᠤ ᠦᠭᠡᠢ᠃      ᠬᠠᠷᠢᠶ᠎ᠠ ᠠᠵᠢᠯ ᠦᠢᠯᠡᠰ ᠤᠨ ᠨᠢᠭᠡᠴᠢ ᠳᠤ᠄ ᠬᠥᠬᠡᠬᠤᠲᠠ ᠶᠢᠨ ᠬᠤᠲᠣᠩ ᠠᠷᠠᠳ ᠤᠨ ᠲᠣᠭᠤᠷᠢᠭ ᠤᠨ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠤᠨ ᠬᠤᠪᠢᠷᠠᠭᠤᠯᠤᠯᠲᠠ ᠶᠢᠨ ᠲᠥᠪ      ᠬᠠᠷᠢᠭᠤᠴᠠᠯᠭᠠᠲᠠᠨ ᠵᠢᠴᠢ ᠬᠠᠷᠢᠯᠴᠠᠬᠤ ᠤᠲᠠᠰᠤ᠄ ᠭᠤᠸ ᠸᠠ 0471-3821107      ᠢᠷᠡᠯᠲᠡ᠄ ᠬᠤᠲᠣᠩ ᠠᠷᠠᠳ ᠤᠨ ᠲᠣᠭᠤᠷᠢᠭ ᠤᠨ ᠵᠠᠰᠠᠭ ᠤᠨ ᠣᠷᠳᠣᠨ ᠤ ᠠᠯᠪᠠᠨ ᠰᠦᠯᠵᠢᠶ᠎ᠡ
 
ᠢᠷᠡᠯᠲᠡ᠄ ᠬᠤᠲᠤᠩ ᠠᠷᠠᠳ ᠤᠨ ᠲᠣᠭᠤᠷᠢᠭ ᠤᠨ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000611号-1号