ᠬᠤᠲᠣᠩ ᠠᠷᠠᠳ ᠤᠨ ᠲᠣᠭᠤᠷᠢᠭ ᠤᠨ ᠦᠨᠳᠦᠰᠦᠲᠡᠨ ᠤ ᠬᠡᠷᠡᠭ ᠡᠷᠬᠢᠯᠡᠬᠦ ᠬᠤᠷᠢᠶ᠎ᠠ
ᠨᠡᠶᠢᠲᠡᠯᠡᠭᠰᠡᠨ ᠴᠠᠭ᠄
2024/3/11
      ᠬᠤᠲᠣᠩ ᠠᠷᠠᠳ ᠤᠨ ᠲᠣᠭᠤᠷᠢᠭ ᠤᠨ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠪᠣᠯ ᠬᠤᠲᠣᠩ ᠠᠷᠠᠳ ᠤᠨ ᠲᠣᠭᠤᠷᠢᠭ ᠤᠨ ᠵᠠᠰᠠᠭ ᠤᠨ ᠣᠷᠳᠣᠨ ᠤ ᠡᠷᠬᠡ ᠲᠤᠰᠢᠶᠠᠯᠲᠤ ᠰᠠᠯᠠᠭ᠎ᠠ ᠮᠥᠴᠢᠷ ᠤᠨ ᠨᠢᠭᠡ ᠪᠣᠯᠣᠨ᠎ᠠ᠂ ᠵᠢᠩᠬᠢᠨᠢ ᠰᠠᠯᠠᠭ᠎ᠠ ᠶᠢᠨ ᠳᠡᠰ ᠪᠣᠯᠣᠨ᠎ᠠ᠂ ᠬᠥᠬᠡᠬᠤᠲᠠ ᠶᠢᠨ ᠬᠤᠲᠣᠩ ᠠᠷᠠᠳ ᠤᠨ ᠲᠣᠭᠤᠷᠢᠭ ᠤᠨ ᠮᠣᠩᠭᠤᠯ ᠬᠡᠯᠡ ᠪᠢᠴᠢᠭ ᠤᠨ ᠠᠵᠢᠯ ᠤᠨ ᠵᠥᠪᠯᠡᠯ ᠤᠨ ᠫᠠᠶᠢᠰᠠ ᠶᠢ ᠨᠡᠮᠡᠵᠦ ᠡᠯᠭᠦᠵᠦ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠨᠢᠭᠡᠳᠦᠮᠡᠯ ᠹᠷᠣᠨᠲ ᠤᠨ ᠬᠡᠯᠲᠡᠰ ᠲᠤ ᠬᠠᠷᠢᠶᠠᠯᠠᠭᠳᠠᠨ᠎ᠠ᠃ ᠬᠤᠲᠣᠩ ᠠᠷᠠᠳ ᠤᠨ ᠲᠣᠭᠤᠷᠢᠭ ᠤᠨ ᠦᠨᠳᠦᠰᠦᠲᠡᠨ ᠤ ᠬᠡᠷᠡᠭ ᠡᠷᠬᠢᠯᠡᠬᠦ ᠬᠤᠷᠢᠶ᠎ᠠ ᠶᠢᠨ ᠪᠠᠶᠢᠭᠤᠯᠭ᠎ᠠ ᠶᠢᠨ ᠵᠠᠰᠠᠭ ᠵᠠᠬᠢᠷᠭᠠᠨ ᠤ ᠲᠤᠭ᠎ᠠ 5 ᠬᠥᠮᠥᠨ᠃ ᠡᠭᠦᠨ ᠳᠤ᠄ ᠡᠷᠬᠢᠯᠡᠭᠴᠢ 1 ᠬᠥᠮᠥᠨ᠂ ᠳᠡᠳ᠋ ᠡᠷᠬᠢᠯᠡᠭᠴᠢ 2 ᠬᠥᠮᠥᠨ᠂ ᠨᠢᠭᠡᠳᠦᠭᠡᠷ ᠳᠡᠰ ᠤᠨ ᠡᠷᠬᠢᠯᠡᠭᠴᠢ ᠭᠡᠰᠢᠭᠦᠴᠢ 2 ᠬᠥᠮᠥᠨ ᠪᠠᠶᠢᠨ᠎ᠠ᠃ ᠳᠣᠲᠣᠭᠠᠳᠤ ᠪᠠᠶᠢᠭᠤᠯᠤᠮᠵᠢ᠄ ᠠᠯᠪᠠᠨ ᠭᠡᠷ᠃ ᠬᠤᠶᠠᠳᠤᠭᠠᠷ ᠳᠡᠰ ᠤᠨ ᠨᠢᠭᠡᠴᠢ᠄ ᠬᠤᠲᠣᠩ ᠠᠷᠠᠳ ᠤᠨ ᠲᠣᠭᠤᠷᠢᠭ ᠤᠨ ᠦᠨᠳᠦᠰᠦᠲᠡᠨ ᠤ ᠬᠡᠷᠡᠭ ᠡᠷᠬᠢᠯᠡᠬᠦ ᠦᠢᠯᠡᠴᠢᠯᠡᠭᠡᠨ ᠤ ᠲᠥᠪ᠃ ᠣᠳᠣᠬᠠᠨ ᠳᠤ ᠠᠵᠢᠯ ᠤᠨ ᠪᠠᠶᠢᠷᠢᠨ ᠳᠤ ᠪᠠᠶᠢᠭ᠎ᠠ ᠬᠥᠮᠥᠨ ᠤ ᠲᠤᠭ᠎ᠠ 10 ᠪᠠᠶᠢᠨ᠎ᠠ᠃      ᠨᠢᠭᠡᠴᠢ ᠶᠢᠨ ᠠᠵᠢᠯ ᠤᠨ ᠡᠭᠦᠷᠭᠡ ᠬᠠᠷᠢᠭᠤᠴᠠᠯᠭ᠎ᠠ᠄      1.ᠨᠠᠮ ᠤᠨ ᠦᠨᠳᠦᠰᠦᠲᠡᠨ ᠤ ᠠᠵᠢᠯ ᠤᠨ ᠴᠢᠭᠯᠡᠯᠲᠡ ᠲᠥᠷᠥ ᠶᠢᠨ ᠪᠣᠳᠣᠯᠭ᠎ᠠ ᠪᠠ ᠲᠣᠭᠤᠷᠢᠭ ᠤᠨ ᠨᠠᠮ ᠤᠨ ᠬᠤᠷᠢᠶ᠎ᠠ ᠶᠢᠨ ᠬᠠᠮᠢᠶ᠎ᠠ ᠪᠦᠬᠦᠢ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠦᠨᠳᠦᠰᠦᠲᠡᠨ ᠤ ᠣᠨᠣᠯ ᠪᠠ ᠦᠨᠳᠦᠰᠦᠲᠡᠨ ᠤ ᠠᠵᠢᠯ ᠤᠨ ᠴᠢᠬᠤᠯᠠ ᠶᠡᠭᠡ ᠠᠰᠠᠭᠤᠳᠠᠯ ᠤᠨ ᠪᠠᠶᠢᠴᠠᠭᠠᠨ ᠰᠤᠳᠤᠯᠤᠯᠲᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠪᠥᠬᠦ ᠲᠣᠭᠤᠷᠢᠭ ᠤᠨ ᠦᠨᠳᠦᠰᠦᠲᠡᠨ ᠤ ᠲᠥᠷᠥ ᠶᠢᠨ ᠪᠣᠳᠣᠯᠭ᠎ᠠ᠂ ᠴᠥᠭᠡᠨ ᠲᠣᠭᠠᠲᠤ ᠦᠨᠳᠦᠰᠦᠲᠡᠨ ᠤ ᠦᠭᠡ ᠬᠡᠯᠡ ᠥᠰᠥᠭ ᠪᠢᠴᠢᠭ᠂ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ ᠤᠨ ᠠᠵᠢᠯ ᠤᠨ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢᠨ ᠰᠠᠨᠠᠭᠤᠯᠭ᠎ᠠ ᠶᠢ ᠳᠤᠷᠠᠳᠤᠨ᠎ᠠ︔ ᠦᠨᠳᠦᠰᠦᠲᠡᠨ ᠤ ᠤᠨᠤᠯ᠂ ᠦᠨᠳᠦᠰᠦᠲᠡᠨ ᠤ ᠲᠦᠷᠦ ᠶᠢᠨ ᠪᠣᠳᠣᠯᠭ᠎ᠠ᠂ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠤᠨ ᠲᠦᠷᠦ ᠶᠢᠨ ᠪᠣᠳᠣᠯᠭ᠎ᠠ ᠶᠢᠨ ᠤᠬᠠᠭᠤᠯᠭ᠎ᠠ ᠬᠥᠮᠦᠵᠢᠯ ᠤᠨ ᠠᠵᠢᠯ ᠢ ᠵᠣᠬᠢᠶᠠᠨ ᠪᠠᠶᠢᠭᠤᠯᠵᠤ ᠥᠷᠨᠢᠭᠦᠯᠦᠨ᠎ᠡ︔      2.ᠦᠨᠳᠦᠰᠦᠲᠡᠨ ᠤ ᠣᠷᠣᠨ ᠤ ᠥᠪᠡᠷᠲᠡᠭᠡᠨ ᠵᠠᠰᠠᠬᠤ ᠪᠠᠶᠢᠭᠤᠯᠤᠯ ᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠠᠪᠤᠳᠠᠯ ᠳᠤ ᠬᠢᠨᠠᠯᠲᠠ ᠲᠠᠯᠪᠢᠵᠤ ᠵᠢᠯᠣᠭᠤᠳᠤᠨ᠎ᠠ᠃ ᠴᠥᠭᠡᠨ ᠲᠣᠭᠠᠲᠤ ᠦᠨᠳᠦᠰᠦᠲᠡᠨ ᠤ ᠡᠷᠬᠡ ᠠᠰᠢᠭ ᠤᠨ ᠬᠡᠷᠡᠭ ᠶᠠᠪᠤᠳᠠᠯ ᠢ ᠰᠢᠢᠳᠪᠦᠷᠢᠯᠡᠬᠦ ᠳᠤ ᠬᠢᠨᠠᠯᠲᠠ ᠲᠠᠯᠪᠢᠵᠤ᠂ ᠴᠥᠭᠡᠨ ᠲᠣᠭᠠᠲᠤ ᠦᠨᠳᠦᠰᠦᠲᠡᠨ ᠤ ᠬᠠᠤᠯᠢ ᠶᠣᠰᠣᠨ ᠤ ᠦᠨᠳᠦᠰᠦᠲᠡᠨ ᠤ ᠬᠠᠷᠢᠴᠠᠭ᠎ᠠ ᠶᠢ ᠵᠣᠬᠢᠴᠠᠭᠤᠯᠬᠤ ᠠᠵᠢᠯ ᠤᠨ ᠰᠠᠨᠠᠭᠤᠯᠭ᠎ᠠ ᠶᠢ ᠰᠤᠳᠤᠯᠤᠨ ᠳᠤᠷᠠᠳᠴᠤ᠂ ᠦᠨᠳᠦᠰᠦᠲᠡᠨ ᠤ ᠬᠠᠷᠢᠴᠠᠭᠠᠨ ᠳᠠᠬᠢ ᠴᠢᠬᠤᠯᠠ ᠶᠡᠭᠡ ᠬᠡᠷᠡᠭ ᠶᠠᠪᠤᠳᠠᠯ ᠢ ᠵᠣᠬᠢᠴᠠᠭᠤᠯᠤᠨ ᠰᠢᠢᠳᠪᠦᠷᠢᠯᠡᠨ᠎ᠡ᠃ ᠨᠡᠶᠢᠭᠡᠮ ᠤᠨ ᠲᠣᠭᠲᠠᠭᠤᠨ ᠪᠠᠶᠢᠳᠠᠯ ᠢ ᠵᠣᠬᠢᠴᠠᠭᠤᠯᠬᠤ ᠠᠵᠢᠯ ᠳᠤ ᠣᠷᠣᠯᠴᠠᠵᠤ᠂ ᠦᠨᠳᠦᠰᠦᠲᠡᠨ ᠨᠦᠭᠦᠳ ᠤᠨ ᠬᠠᠮᠲᠤ ᠪᠠᠷ ᠪᠦᠯᠬᠦᠮᠳᠡᠨ ᠲᠡᠮᠡᠴᠡᠬᠦ᠂ ᠬᠠᠮᠲᠤ ᠪᠠᠷ ᠴᠡᠴᠡᠭᠯᠡᠨ ᠬᠥᠭᠵᠢᠬᠦ ᠶᠢ ᠠᠬᠢᠭᠤᠯᠵᠤ᠂ ᠤᠯᠤᠰ ᠣᠷᠣᠨ ᠤ ᠨᠢᠭᠡᠳᠦᠯ ᠢ ᠬᠠᠮᠠᠭᠠᠯᠠᠨ᠎ᠠ᠃      3.ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠦᠨᠳᠦᠰᠦᠲᠡᠨ ᠤ ᠠᠵᠢᠯ ᠤᠨ ᠬᠠᠮᠢᠶ᠎ᠠ ᠪᠦᠬᠦᠢ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠶᠢ ᠵᠣᠬᠢᠴᠠᠭᠤᠯᠤᠨ ᠰᠢᠮᠳᠠᠭᠤᠯᠬᠤ ᠶᠢ ᠬᠠᠷᠢᠭᠤᠴᠠᠵᠤ᠂ ᠦᠨᠳᠦᠰᠦᠲᠡᠨ ᠤ ᠲᠥᠷᠥ ᠶᠢᠨ ᠪᠣᠳᠣᠯᠭ᠎ᠠ ᠶᠢᠨ ᠠᠵᠤ ᠠᠬᠤᠢ ᠶᠢᠨ ᠬᠥᠭᠵᠢᠯᠲᠡ ᠪᠠ ᠨᠡᠶᠢᠭᠡᠮ ᠤᠨ ᠠᠵᠢᠯ ᠦᠢᠯᠡᠰ ᠤᠨ ᠬᠠᠮᠢᠶ᠎ᠠ ᠪᠦᠬᠦᠢ ᠬᠦᠷᠢᠶ᠎ᠡ ᠴᠠᠷᠠᠭ᠎ᠠ ᠳᠠᠬᠢ ᠬᠡᠷᠡᠭᠵᠢᠭᠦᠯᠬᠦ ᠪᠠ ᠵᠣᠯᠭᠠᠭᠤᠯᠬᠤ ᠶᠢ ᠠᠬᠢᠭᠤᠯᠤᠨ᠎ᠠ᠃ ᠴᠥᠭᠡᠨ ᠲᠣᠭᠠᠲᠤ ᠦᠨᠳᠦᠰᠦᠲᠡᠨ ᠪᠠ ᠴᠥᠭᠡᠨ ᠲᠣᠭᠠᠲᠤ ᠦᠨᠳᠦᠰᠦᠲᠡᠨ ᠤ ᠲᠥᠪᠯᠡᠷᠡᠨ ᠰᠠᠭᠤᠭ᠎ᠠ ᠭᠠᠵᠠᠷ ᠣᠷᠣᠨ ᠤ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ ᠲᠠᠯ᠎ᠠ ᠶᠢᠨ ᠠᠰᠠᠭᠤᠳᠠᠯ ᠢ ᠰᠤᠳᠤᠯᠤᠨ ᠵᠠᠳᠠᠯᠬᠤ ᠶᠢᠨ ᠬᠠᠮᠲᠤ ᠣᠨᠴᠠᠭᠠᠶ ᠲᠦᠷᠦ ᠶᠢᠨ ᠪᠣᠳᠣᠯᠭ᠎ᠠ ᠶᠢᠨ ᠰᠠᠨᠠᠭᠤᠯᠭ᠎ᠠ ᠳᠤᠷᠠᠳᠤᠨ᠎ᠠ᠃      4.ᠦᠨᠳᠦᠰᠦᠲᠡᠨ ᠤ ᠣᠳᠣᠬᠢ ᠪᠠᠶᠢᠳᠠᠯ ᠢ ᠰᠤᠳᠤᠯᠵᠤ᠂ ᠦᠨᠳᠦᠰᠦᠲᠡᠨ ᠤ ᠬᠥᠳᠡᠯᠦᠯ ᠪᠠᠶᠢᠳᠠᠯ ᠤᠨ ᠮᠡᠳᠡᠭᠡ ᠵᠠᠩᠭᠢ ᠶᠢ ᠳᠡᠭᠡᠭᠰᠢ ᠮᠡᠳᠡᠭᠦᠯᠬᠦ᠂ ᠬᠤᠷᠢᠶᠠᠩᠭᠤᠶᠢᠯᠠᠬᠤ ᠠᠵᠢᠯ ᠢ ᠬᠠᠷᠢᠭᠤᠴᠠᠨ᠎ᠠ︔ ᠦᠨᠳᠦᠰᠦᠲᠡᠨ ᠤ ᠬᠠᠮᠢᠶ᠎ᠠ ᠪᠦᠬᠦᠢ ᠬᠥᠮᠥᠰ ᠢ ᠪᠣᠯᠪᠠᠰᠤᠷᠠᠭᠤᠯᠬᠤ ᠠᠵᠢᠯ ᠢ ᠬᠠᠷᠢᠭᠤᠴᠠᠨ ᠵᠣᠬᠢᠶᠠᠨ ᠪᠠᠶᠢᠭᠤᠯᠤᠨ᠎ᠠ︔ ᠦᠨᠳᠦᠰᠦᠲᠡᠨ ᠤ ᠠᠵᠢᠯ ᠤᠨ ᠬᠦᠷᠢᠶᠡᠨ ᠳᠠᠬᠢ ᠬᠤᠯᠪᠣᠭᠳᠠᠯ ᠪᠦᠬᠦᠢ ᠭᠠᠳᠠᠭᠠᠳᠤ ᠲᠠᠢ ᠰᠣᠯᠢᠯᠴᠠᠭ᠎ᠠ ᠬᠢᠵᠦ ᠬᠠᠮᠲᠤᠷᠠᠨ ᠠᠵᠢᠯᠯᠠᠬᠤ ᠶᠢ ᠵᠣᠬᠢᠶᠠᠨ ᠪᠠᠶᠢᠭᠤᠯᠵᠤ ᠵᠣᠬᠢᠴᠠᠭᠤᠯᠬᠤ ᠶᠢ ᠬᠠᠷᠢᠭᠤᠴᠠᠨ᠎ᠠ︔ ᠦᠨᠳᠦᠰᠦᠲᠡᠨ ᠤ ᠬᠡᠷᠡᠭ ᠶᠠᠪᠤᠳᠠᠯ ᠳᠤ ᠬᠤᠯᠪᠣᠭᠳᠠᠭᠰᠠᠨ ᠭᠠᠳᠠᠭᠠᠳᠤ ᠤᠬᠠᠭᠤᠯᠭ᠎ᠠ ᠶᠢᠨ ᠠᠵᠢᠯ ᠳᠤ ᠣᠷᠣᠯᠴᠠᠪᠠ᠃      5.ᠴᠥᠭᠡᠨ ᠲᠣᠭᠠᠲᠤ ᠦᠨᠳᠦᠰᠦᠲᠡᠨ ᠤ ᠦᠭᠡ ᠬᠡᠯᠡ ᠥᠰᠥᠭ ᠪᠢᠴᠢᠭ ᠢ ᠰᠤᠷᠤᠯᠴᠠᠬᠤ᠂ ᠬᠡᠷᠡᠭᠯᠡᠬᠦ᠂ ᠰᠤᠳᠤᠯᠬᠤ᠂ ᠬᠥᠭᠵᠢᠭᠦᠯᠬᠦ᠂ ᠬᠠᠮᠠᠭᠠᠯᠠᠬᠤ᠂ ᠤᠯᠠᠮᠵᠢᠯᠠᠬᠤ ᠠᠵᠢᠯ ᠢ ᠬᠠᠮᠢᠶᠠᠷᠴᠤ᠂ ᠲᠤᠭᠤᠷᠢᠭ ᠤᠨ ᠲᠣᠰ ᠱᠠᠲᠤᠨ ᠤ ᠨᠠᠮ ᠵᠠᠰᠠᠭ ᠤᠨ ᠪᠠᠶᠢᠭᠤᠯᠤᠯᠭ᠎ᠠ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠶᠢᠨ ᠪᠢᠴᠢᠭ ᠤᠨ ᠲᠣᠯᠣᠭᠠᠢ᠂ ᠠᠯᠪᠠᠨ ᠲᠠᠮᠠᠭ᠎ᠠ᠂ ᠤᠬᠠᠭᠤᠯᠭ᠎ᠠ ᠶᠢᠨ ᠤᠷᠢᠶ᠎ᠠ ᠯᠣᠽᠦ᠋ᠩ ᠢ ᠣᠷᠴᠢᠭᠤᠯᠵᠤ ᠬᠢᠨᠠᠬᠤ ᠪᠠ ᠬᠠᠷᠭᠤᠭᠤᠯᠬᠤ ᠠᠵᠢᠯ ᠢ ᠡᠭᠦᠷᠭᠡᠯᠡᠵᠦ᠂ ᠬᠠᠮᠢᠶ᠎ᠠ ᠪᠦᠬᠦᠢ ᠨᠢᠭᠡᠴᠢ ᠶᠢ ᠬᠠᠮᠵᠢᠨ ᠮᠣᠩᠭᠤᠯ ᠬᠢᠲᠠᠳ ᠥᠰᠥᠭ ᠤᠨ ᠫᠠᠶᠢᠰᠠ ᠢᠯᠡᠷᠬᠡᠶᠢᠯᠡᠯ ᠢ ᠬᠠᠷᠭᠤᠭᠤᠯᠬᠤ ᠦᠢᠯᠡᠴᠢᠯᠡᠭᠡᠨ ᠤ ᠠᠵᠢᠯ ᠢ ᠰᠠᠶᠢᠲᠤᠷ ᠬᠢᠨ᠎ᠡ᠃      6.ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠬᠥᠬᠢᠭᠦᠯᠦᠨ ᠰᠠᠶᠢᠰᠢᠶᠠᠬᠤ ᠠᠵᠢᠯᠯᠠᠭ᠎ᠠ ᠶᠢ ᠳᠠᠭᠠᠭᠠᠨ ᠡᠷᠭᠢᠯᠡᠬᠦ ︵ᠬᠠᠮᠵᠢᠯᠴᠠᠨ ᠭᠦᠢᠴᠡᠳᠬᠡᠬᠦ︶᠂ ᠴᠥᠭᠡᠨ ᠲᠣᠭᠠᠲᠤ ᠦᠨᠳᠦᠰᠦᠲᠡᠨ ᠤ ᠲᠥᠪᠯᠡᠷᠡᠨ ᠰᠠᠭᠤᠷᠢᠰᠢᠭᠰᠠᠨ ᠭᠠᠵᠠᠷ ᠣᠷᠣᠨ ᠪᠠ ᠣᠷᠣᠨ ᠪᠦᠰᠡ ᠲᠠᠢ ᠬᠠᠷᠢᠯᠴᠠᠵᠤ᠂ ᠴᠥᠭᠡᠨ ᠲᠣᠭᠠᠲᠤ ᠦᠨᠳᠦᠰᠦᠲᠡᠨ ᠤ ᠰᠤᠷᠤᠯᠴᠠᠬᠤ᠂ ᠲᠣᠭᠤᠷᠢᠨ ᠦᠵᠡᠬᠦ᠂ ᠰᠢᠨᠵᠢᠯᠡᠨ ᠪᠠᠶᠢᠴᠠᠭᠠᠬᠤ ᠵᠡᠷᠭᠡ ᠤᠴᠢᠷ ᠶᠠᠪᠤᠳᠠᠯ ᠲᠠᠢ ᠵᠣᠯᠭᠠᠭᠤᠯᠬᠤ ᠶᠢ ᠬᠠᠷᠢᠭᠤᠴᠠᠨ᠎ᠠ᠃      7.ᠦᠨᠳᠦᠰᠦᠲᠡᠨ ᠤ ᠪᠦᠷᠢᠯᠳᠦᠭᠦᠨ ᠤ ᠬᠠᠮᠢᠶᠠᠷᠤᠯᠲᠠ ᠶᠢᠨ ᠠᠵᠢᠯ ᠢ ᠡᠭᠦᠷᠭᠡᠯᠡᠵᠦ᠂ ᠦᠨᠳᠦᠰᠦᠲᠡᠨ ᠤ ᠪᠦᠷᠢᠯᠳᠦᠭᠦᠨ ᠢ ᠥᠭᠡᠷᠡᠴᠢᠯᠡᠬᠦ᠂ ᠨᠤᠲᠠᠯᠠᠬᠤ ᠠᠵᠢᠯ ᠢ ᠰᠠᠶᠢᠲᠤᠷ ᠬᠢᠨ᠎ᠡ︔ ︽ᠬᠤᠳᠠ ᠶᠢᠨ ᠦᠨᠳᠦᠰᠦᠲᠡᠨ ᠤ ᠠᠵᠢᠯ ᠤᠨ ᠳᠦᠷᠢᠮ︾ ᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠴᠥᠭᠡᠨ ᠲᠣᠭᠠᠲᠤ ᠦᠨᠳᠦᠰᠦᠲᠡᠨ ᠤ ᠨᠡᠭᠦᠳᠡᠯ ᠬᠥᠮᠥᠨ ᠠᠮᠠ ᠶᠢᠨ ᠦᠢᠯᠡᠴᠢᠯᠡᠭᠡᠨ ᠤ ᠬᠠᠮᠢᠶᠠᠷᠤᠯᠲᠠ ᠶᠢᠨ ᠰᠢᠰᠲ᠋ᠧᠮ ᠤᠨ ᠪᠠᠶᠢᠭᠤᠯᠤᠯᠲᠠ ᠶᠢ ᠲᠦᠯᠬᠢᠨ ᠠᠬᠢᠭᠤᠯᠵᠤ᠂ ᠬᠤᠳᠠ ᠶᠢᠨ ᠦᠨᠳᠦᠰᠦᠲᠡᠨ ᠤ ᠠᠵᠢᠯ ᠢ ᠲᠠᠰᠤᠷᠠᠯᠳᠠ ᠦᠭᠡᠢ ᠴᠢᠩᠭᠠᠳᠬᠠᠨ ᠰᠠᠶᠢᠵᠢᠷᠠᠭᠤᠯᠤᠨ᠎ᠠ᠃      8.ᠬᠤᠳᠠ ᠶᠢᠨ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠪᠠ ᠲᠣᠭᠤᠷᠢᠭ ᠤᠨ ᠨᠠᠮ ᠤᠨ ᠬᠤᠷᠢᠶ᠎ᠠ ᠲᠣᠭᠤᠷᠢᠭ ᠤᠨ ᠵᠠᠰᠠᠭ ᠤᠨ ᠣᠷᠳᠣᠨ ᠤ ᠲᠤᠰᠢᠶᠠᠭᠰᠠᠨ ᠪᠤᠰᠤᠳ ᠶᠠᠪᠤᠳᠠᠯ ᠤᠳ ᠢ ᠪᠡᠶᠡᠯᠡᠭᠦᠯᠦᠨ᠎ᠡ᠃      ᠳᠣᠲᠣᠭᠠᠳᠤ ᠪᠠᠶᠢᠭᠤᠯᠤᠮᠵᠢ᠄ ᠠᠯᠪᠠᠨ ᠭᠡᠷ ᠨᠢ ᠪᠠᠶᠢᠭᠤᠯᠤᠯᠭ᠎ᠠ ᠶᠢᠨ ᠡᠳᠦᠷ ᠲᠤᠲᠤᠮ ᠤᠨ ᠠᠵᠢᠯᠯᠠᠭᠠᠨ ᠢ ᠬᠠᠷᠢᠭᠤᠴᠠᠵᠤ᠂ ᠴᠢᠬᠤᠯᠠ ᠪᠢᠴᠢᠭ ᠮᠠᠲ᠋ᠧᠷᠢᠶᠠᠯ ᠢ ᠲᠤᠭᠤᠷᠪᠢᠬᠤ᠂ ᠪᠠᠶᠢᠭᠤᠯᠤᠯᠭ᠎ᠠ ᠶᠢᠨ ᠪᠢᠴᠢᠭ ᠮᠠᠲ᠋ᠧᠷᠢᠶᠠᠯ ᠴᠠᠬᠢᠯᠭᠠᠨ ᠮᠡᠳᠡᠭᠡ᠂ ᠬᠤᠷᠠᠯ ᠤᠨ ᠶᠠᠪᠤᠳᠠᠯ᠂ ᠨᠢᠭᠤᠴᠠ ᠴᠢᠬᠤᠯᠠ ᠮᠠᠲ᠋ᠧᠷᠢᠶᠠᠯ ᠵᠡᠷᠭᠡ ᠠᠵᠢᠯ ᠢ ᠵᠣᠬᠢᠶᠠᠨ ᠪᠠᠶᠢᠭᠤᠯᠤᠨ᠎ᠠ᠃      ᠬᠤᠶᠠᠳᠤᠭᠠᠷ ᠳᠡᠰ ᠤᠨ ᠨᠢᠭᠡᠴᠢ᠄ ᠬᠥᠬᠡᠬᠤᠲᠠ ᠶᠢᠨ ᠬᠤᠲᠣᠩ ᠠᠷᠠᠳ ᠤᠨ ᠲᠣᠭᠤᠷᠢᠭ ᠤᠨ ᠦᠨᠳᠦᠰᠦᠲᠡᠨ ᠤ ᠬᠡᠷᠡᠭ ᠡᠷᠬᠢᠯᠡᠬᠦ ᠦᠢᠯᠡᠴᠢᠯᠡᠭᠡᠨ ᠤ ᠲᠥᠪ᠂ ᠨᠡᠶᠢᠲᠡ ᠶᠢᠨ ᠠᠰᠠᠷᠠᠮᠵᠢ ᠶᠢᠨ ᠨᠢᠭᠡᠳᠦᠭᠡᠷ ᠲᠦᠷᠦᠯ ᠤᠨ ᠠᠵᠢᠯ ᠦᠢᠯᠡᠰ ᠤᠨ ᠨᠢᠭᠡᠴᠢ ᠶᠢᠨ ᠪᠠᠶᠢᠭᠤᠯᠤᠮᠵᠢ ᠶᠢᠨ ᠬᠡᠪ ᠪᠠᠷᠢᠮᠵᠢᠶ᠎ᠠ ᠨᠢ ᠰᠲ᠋ᠣᠺ ᠤᠨ ᠳᠡᠰ ᠲᠠᠢ ᠲᠡᠩᠴᠡᠵᠦ᠂ ᠭᠤᠣᠯ ᠡᠭᠦᠷᠭᠡ ᠬᠠᠷᠢᠭᠤᠴᠠᠯᠭ᠎ᠠ᠄ ᠬᠤᠲᠣᠩ ᠠᠷᠠᠳ ᠤᠨ ᠲᠣᠭᠤᠷᠢᠭ ᠤᠨ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠤᠨ ᠪᠠᠶᠢᠭᠤᠯᠤᠯᠭ᠎ᠠ ᠳᠤ ᠶᠡᠷᠦᠩᠬᠡᠶᠢᠯᠡᠭᠰᠡᠨ ᠪᠠᠲᠤᠯᠠᠭ᠎ᠠ ᠶᠢᠨ ᠠᠵᠢᠯ ᠬᠠᠩᠭᠠᠨ᠎ᠠ︔ ᠲᠣᠭᠤᠷᠢᠭ ᠤᠨ ᠲᠣᠰ ᠱᠠᠲᠤᠨ ᠤ ᠨᠠᠮ ᠵᠠᠰᠠᠭ ᠤᠨ ᠪᠠᠶᠢᠭᠤᠯᠤᠯᠭ᠎ᠠ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠶᠢᠨ ᠨᠡᠷᠡᠶᠢᠳᠦᠯ᠂ ᠪᠢᠴᠢᠭ ᠮᠠᠲ᠋ᠧᠷᠢᠶᠠᠯ ᠤᠨ ᠲᠣᠯᠣᠭᠠᠢ᠂ ᠠᠯᠪᠠᠨ ᠲᠠᠮᠠᠭ᠎ᠠ᠂ ᠰᠠᠯᠠᠭ᠎ᠠ ᠲᠠᠰᠤᠭ ᠤᠨ ᠫᠠᠶᠢᠰᠠ᠂ ᠲᠣᠮᠣ ᠬᠡᠯᠪᠡᠷᠢ ᠶᠢᠨ ᠠᠵᠢᠯᠯᠠᠭ᠎ᠠ ᠶᠢᠨ ᠨᠡᠷᠡᠶᠢᠳᠦᠯ᠂ ᠡᠯᠭᠦᠭᠡ ᠪᠢᠴᠢᠭᠡᠰᠦ ᠪᠠ ᠤᠬᠠᠭᠤᠯᠭ᠎ᠠ ᠶᠢᠨ ᠤᠷᠢᠶ᠎ᠠ ᠯᠣᠽᠦ᠋ᠩ ᠤᠨ ᠮᠣᠩᠭᠤᠯ ᠬᠢᠲᠠᠳ ᠬᠡᠯᠡᠨ ᠤ ᠬᠠᠷᠭᠤᠭᠤᠯᠬᠤ ᠦᠢᠯᠡᠴᠢᠯᠡᠭᠡ ᠵᠡᠷᠭᠡ ᠠᠵᠢᠯ ᠢ ᠡᠭᠦᠷᠭᠡᠯᠡᠨ᠎ᠡ︔ ᠬᠠᠮᠢᠶ᠎ᠠ ᠪᠦᠬᠦᠢ ᠨᠢᠭᠡᠴᠢ ᠶᠢ ᠬᠠᠮᠵᠢᠨ ᠮᠣᠩᠭᠤᠯ ᠬᠢᠲᠠᠳ ᠥᠰᠥᠭ ᠤᠨ ᠫᠠᠶᠢᠰᠠ ᠢᠯᠡᠷᠬᠡᠶᠢᠯᠡᠯ ᠤᠨ ᠮᠣᠩᠭᠤᠯ ᠥᠰᠥᠭ ᠤᠨ ᠬᠠᠷᠭᠤᠭᠤᠯᠬᠤ ᠦᠢᠯᠡᠴᠢᠯᠡᠭᠡᠨ ᠤ ᠠᠵᠢᠯ ᠢ ᠰᠠᠶᠢᠲᠤᠷ ᠬᠢᠨ᠎ᠡ︔ ᠬᠤᠲᠣᠩ ᠠᠷᠠᠳ ᠤᠨ ᠲᠣᠭᠤᠷᠢᠭ ᠤᠨ ᠦᠨᠳᠦᠰᠦᠲᠡᠨ ᠤ ᠬᠡᠷᠡᠭ ᠡᠷᠬᠢᠯᠡᠬᠦ ᠬᠤᠷᠢᠶ᠎ᠠ ᠶᠢᠨ ᠲᠤᠰᠢᠶᠠᠭᠰᠠᠨ ᠪᠤᠰᠤᠳ ᠬᠤᠯᠪᠣᠭᠳᠠᠯ ᠪᠦᠬᠦᠢ ᠠᠵᠢᠯ ᠢ ᠪᠡᠶᠡᠯᠡᠭᠦᠯᠦᠨ᠎ᠡ᠃                        ᠬᠤᠲᠣᠩ ᠠᠷᠠᠳ ᠤᠨ ᠲᠣᠭᠤᠷᠢᠭ ᠤᠨ ᠦᠨᠳᠦᠰᠦᠲᠡᠨ ᠤ ᠬᠡᠷᠡᠭ ᠡᠷᠬᠢᠯᠡᠬᠦ ᠬᠤᠷᠢᠶ᠎ᠠ                        2022 ᠣᠨ ᠤ 7 ᠰᠠᠷ᠎ᠠ ᠶᠢᠨ 19      ᠠᠵᠢᠯᠯᠠᠬᠤ ᠬᠠᠶ᠋ᠢᠭ᠄ ᠬᠥᠬᠡᠬᠤᠲᠠ ᠶᠢᠨ ᠬᠤᠲᠣᠩ ᠠᠷᠠᠳ ᠤᠨ ᠲᠣᠭᠤᠷᠢᠭ ᠤᠨ ᠰᠢᠨᠬᠤᠸᠠ ᠪᠠᠷᠠᠭᠤᠨ ᠵᠡᠭᠡᠯᠢ ᠶᠢᠨ 49 ᠳ᠋ᠦ᠋ᠭᠡᠷ ᠬᠤᠲᠣᠩ ᠠᠷᠠᠳ ᠤᠨ ᠲᠣᠭᠤᠷᠢᠭ ᠤᠨ ᠵᠠᠰᠠᠭ ᠤᠨ ᠣᠷᠳᠣᠨ ᠤ 3 ᠳ᠋ᠤᠭᠠᠷ ᠠᠰᠠᠷ ᠤᠨ 3 ᠳ᠋ᠤᠭᠠᠷ ᠠᠰᠠᠷ ᠤᠨ ᠪᠠᠷᠠᠭᠤᠨ ᠲᠠᠯ᠎ᠠ      ᠠᠵᠢᠯᠯᠠᠬᠤ ᠴᠠᠭ᠄ ᠠᠵᠢᠯᠯᠠᠬᠤ ᠡᠳᠦᠷ᠄ 9᠄00 ︱ 12᠄00  13᠄00 ︱ 17᠄00      ᠬᠠᠷᠢᠯᠴᠠᠬᠤ ᠠᠷᠭ᠎ᠠ ᠬᠡᠯᠪᠡᠷᠢ᠄ 0471 ︱ 3820241      ᠬᠠᠷᠢᠭᠤᠴᠠᠯᠭ᠎ᠠ ᠡᠭᠦᠷᠭᠡᠯᠡᠭᠴᠢ᠄ ᠮᠠ ᠪᠥᠸᠧ      ᠢᠷᠡᠯᠲᠡ᠄ ᠬᠤᠲᠣᠩ ᠠᠷᠠᠳ ᠤᠨ ᠲᠣᠭᠤᠷᠢᠭ ᠤᠨ ᠵᠠᠰᠠᠭ ᠤᠨ ᠣᠷᠳᠣᠨ ᠤ ᠠᠯᠪᠠᠨ ᠰᠦᠯᠵᠢᠶ᠎ᠡ
 
ᠢᠷᠡᠯᠲᠡ᠄ ᠬᠤᠲᠤᠩ ᠠᠷᠠᠳ ᠤᠨ ᠲᠣᠭᠤᠷᠢᠭ ᠤᠨ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000611号-1号