ᠬᠤᠲᠣᠩ ᠠᠷᠠᠳ ᠤᠨ ᠲᠣᠭᠤᠷᠢᠭ ᠤᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠲᠠᠷᠢᠶᠠᠯᠠᠩ ᠤᠨ ᠰᠢᠨᠵᠢᠯᠡᠬᠦ ᠤᠬᠠᠭᠠᠨ ᠮᠡᠷᠭᠡᠵᠢᠯ ᠤᠨ ᠦᠢᠯᠡᠴᠢᠯᠡᠭᠡᠨ ᠤ ᠪᠠᠶᠢᠴᠠᠭᠠᠨ ᠰᠤᠳᠤᠯᠤᠯᠲᠠ ᠬᠢᠵᠦ ᠵᠢᠭᠠᠨ ᠵᠢᠯᠤᠭᠤᠳᠬᠤ ᠶᠢ ᠥᠷᠨᠢᠭᠦᠯᠪᠡ
ᠨᠡᠶᠢᠲᠡᠯᠡᠭᠰᠡᠨ ᠴᠠᠭ᠄
2024/3/12
      ᠲᠠᠷᠢᠶᠠᠯᠠᠩ ᠤᠨ ᠠᠵᠤ ᠦᠢᠯᠡᠰ ᠤᠨ ᠬᠥᠭᠵᠢᠯᠲᠡ ᠶᠢ ᠠᠬᠢᠭᠤᠯᠬᠤ ᠶᠢᠨ ᠲᠥᠯᠥᠭᠡ ᠲᠠᠷᠢᠶᠠᠯᠠᠩ ᠤᠨ ᠰᠢᠨᠵᠢᠯᠡᠬᠦ ᠤᠬᠠᠭᠠᠨ ᠮᠡᠷᠭᠡᠵᠢᠯ ᠤᠨ ᠦᠢᠯᠡᠴᠢᠯᠡᠭᠡᠨ ᠤ ᠣᠶᠢᠷ᠎ᠠ ᠳᠤ᠂ ᠬᠤᠲᠣᠩ ᠠᠷᠠᠳ ᠤᠨ ᠲᠣᠭᠤᠷᠢᠭ ᠤᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠥᠪᠥᠷ ᠮᠣᠩᠭᠤᠯ ᠤᠨ ᠲᠠᠷᠢᠶᠠᠯᠠᠩ ᠤᠨ ᠶᠡᠭᠡ ᠰᠤᠷᠭᠠᠭᠤᠯᠢ ᠶᠢᠨ ᠫᠷᠤᠹᠧᠰᠰᠤᠷ ᠯᠢ ᠰᠢᠶᠣᠣ ᠶᠠᠨ ᠢ ᠤᠷᠢᠵᠤ ᠳ᠋ᠤᠸᠠᠨ ᠵᠢᠶᠠ ᠶᠣᠣ ᠲᠣᠰᠬᠤᠨ ᠤ ᠥᠪᠥᠷ ᠮᠣᠩᠭᠤᠯ ᠤᠨ ᠢᠦᠢ ᠱᠧᠩ ᠯᠧ ᠬᠥ᠋ ᠹᠧᠩ ᠲᠠᠷᠢᠶᠠᠯᠠᠩ ᠤᠨ ᠬᠢᠵᠠᠭᠠᠷᠲᠤ ᠺᠣᠮᠫᠠᠨᠢ ᠪᠣᠯᠣᠨ ᠬᠤᠲᠣᠩ ᠠᠷᠠᠳ ᠤᠨ ᠲᠣᠭᠤᠷᠢᠭ ᠤᠨ ᠮᠧᠩ ᠯᠢᠨ ᠠᠢ ᠶᠤᠸᠠᠨ ᠲᠠᠷᠢᠶᠠᠯᠠᠩ ᠤᠨ ᠰᠢᠨᠵᠢᠯᠡᠬᠦ ᠤᠬᠠᠭᠠᠨ ᠮᠡᠷᠭᠡᠵᠢᠯ ᠤᠨ ᠵᠢᠱᠢᠶ᠎ᠡ ᠦᠵᠡᠭᠦᠯᠬᠦ ᠰᠠᠭᠤᠷᠢᠨ ᠭᠠᠵᠠᠷ ᠲᠤ ᠪᠠᠶᠢᠴᠠᠭᠠᠨ ᠰᠤᠳᠤᠯᠤᠯᠲᠠ ᠬᠢᠵᠦ ᠵᠢᠭᠠᠨ ᠵᠢᠯᠣᠭᠤᠳᠪᠠ᠃ ᠪᠠᠶᠢᠴᠠᠭᠠᠨ ᠰᠤᠳᠤᠯᠬᠤ ᠳᠤᠭᠤᠶᠢᠯᠠᠩ ᠤᠷᠢᠳ ᠬᠤᠵᠢᠳ ᠲᠠᠷᠢᠶᠠᠯᠠᠩ ᠤᠨ ᠰᠠᠭᠤᠷᠢᠨ ᠭᠠᠵᠠᠷ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠭᠰᠡᠨ ᠪᠥᠭᠡᠳ ᠰᠠᠭᠤᠷᠢᠨ ᠭᠠᠵᠠᠷ ᠤᠨ ᠬᠠᠷᠢᠭᠤᠴᠠᠯᠭᠠᠲᠠᠨ ᠲᠠᠢ ᠨᠢᠭᠤᠷᠳᠠᠨ ᠶᠠᠷᠢᠯᠴᠠᠵᠤ᠂ ᠲᠠᠷᠢᠮᠠᠯ ᠤᠨ ᠰᠠᠭᠤᠷᠢᠨ ᠭᠠᠵᠠᠷ ᠤᠨ ᠰᠢᠨ᠎ᠡ ᠡᠭᠦᠯᠳᠡᠷ ᠢ ᠪᠣᠶᠢᠵᠢᠭᠤᠯᠬᠤ ᠪᠠ ᠣᠷᠣᠭᠤᠯᠤᠨ ᠠᠪᠴᠢᠷᠠᠬᠤ᠂ ᠰᠢᠨ᠎ᠡ ᠮᠡᠷᠭᠡᠵᠢᠯ ᠤᠨ ᠵᠢᠱᠢᠶ᠎ᠡ ᠦᠵᠡᠭᠦᠯᠦᠨ ᠳᠡᠯᠭᠡᠷᠡᠭᠦᠯᠬᠦ ᠵᠡᠷᠭᠡ ᠲᠠᠯ᠎ᠠ ᠶᠢᠨ ᠪᠣᠳᠠᠲᠠᠢ ᠪᠠᠶᠢᠳᠠᠯ ᠢ ᠨᠠᠷᠢᠨ ᠣᠶᠢᠯᠠᠭᠠᠪᠠ᠃ ᠪᠠᠶᠢᠴᠠᠭᠠᠨ ᠰᠤᠳᠤᠯᠬᠤ ᠳᠤᠭᠤᠶᠢᠯᠠᠩ ᠲᠤᠬᠠᠢ ᠶᠢᠨ ᠲᠠᠯᠠᠪᠤᠷ ᠲᠤ ᠲᠠᠷᠢᠶᠠᠯᠠᠩ ᠤᠨ ᠰᠠᠭᠤᠷᠢᠨ ᠭᠠᠵᠠᠷ ᠤᠨ ᠦᠢᠯᠡᠳᠪᠦᠷᠢᠯᠡᠯ ᠡᠵᠡᠩᠨᠡᠯᠲᠡ ᠶᠢᠨ ᠳᠤᠮᠳᠠ ᠢᠯᠡᠷᠡᠭᠰᠡᠨ ᠠᠰᠠᠭᠤᠳᠠᠯ ᠳᠤ ᠬᠠᠨᠳᠤᠯᠭᠠᠲᠤ ᠴᠢᠨᠠᠷᠲᠠᠢ ᠵᠢᠯᠤᠭᠤᠳᠬᠤ ᠰᠠᠨᠠᠭᠤᠯᠭ᠎ᠠ ᠳᠤᠷᠠᠳᠤᠭᠰᠠᠨ ᠪᠥᠭᠡᠳ ᠰᠢᠨᠵᠢᠯᠡᠬᠦ ᠤᠬᠠᠭᠠᠨ ᠮᠡᠷᠭᠡᠵᠢᠯ ᠤᠨ ᠵᠦᠢᠯᠡᠰ ᠢ ᠭᠤᠶᠤᠴᠢᠯᠠᠨ ᠮᠡᠳᠡᠭᠦᠯᠬᠦ᠂ ᠰᠢᠨᠵᠢᠯᠡᠬᠦ ᠤᠬᠠᠭᠠᠨ ᠮᠡᠷᠭᠡᠵᠢᠯ ᠤᠨ ᠦᠢᠯᠡᠴᠢᠯᠡᠭᠡ ᠶᠢ ᠴᠢᠩᠭᠠᠳᠬᠠᠬᠤ ᠵᠡᠷᠭᠡ ᠲᠠᠯ᠎ᠠ ᠪᠠᠷ ᠠᠰᠠᠭᠤᠳᠠᠯ ᠢ ᠰᠢᠢᠳᠪᠦᠷᠢᠯᠡᠬᠦ ᠠᠷᠭ᠎ᠠ ᠶᠢ ᠢᠳᠡᠪᠬᠢᠲᠡᠢ ᠪᠠᠷ ᠰᠤᠳᠤᠯᠤᠨ ᠶᠠᠷᠢᠯᠴᠠᠪᠠ᠃      ᠳᠠᠷᠠᠭᠠᠴᠢ ᠶᠢᠨ ᠠᠯᠬᠤᠮ ᠳᠤ᠂ ᠬᠤᠲᠣᠩ ᠠᠷᠠᠳ ᠤᠨ ᠲᠣᠭᠤᠷᠢᠭ ᠤᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠮᠠᠨ ᠤ ᠲᠣᠭᠤᠷᠢᠭ ᠤᠨ ᠲᠠᠷᠢᠶᠠᠯᠠᠩ ᠤᠨ ᠣᠨᠴᠠᠯᠢᠭᠲᠤ ᠠᠵᠤ ᠦᠢᠯᠡᠰ ᠤᠨ ᠬᠥᠭᠵᠢᠯᠲᠡ ᠳᠤ ᠠᠩᠬᠠᠷᠤᠯ ᠢᠶᠠᠨ ᠲᠥᠪᠯᠡᠷᠡᠭᠦᠯᠵᠦ᠂ ᠪᠦᠬᠦ ᠲᠣᠭᠤᠷᠢᠭ ᠤᠨ ᠰᠢᠨᠵᠢᠯᠡᠬᠦ ᠤᠬᠠᠭᠠᠨ ᠮᠡᠷᠭᠡᠵᠢᠯ ᠤᠨ ᠡᠬᠢ ᠪᠠᠶᠠᠯᠢᠭ ᠢ ᠨᠢᠭᠡᠳᠦᠯᠲᠡᠢ ᠲᠥᠯᠥᠪᠵᠢᠭᠦᠯᠵᠦ᠂ ᠲᠠᠷᠢᠶᠠᠯᠠᠩ ᠤᠨ ᠰᠢᠨᠵᠢᠯᠡᠬᠦ ᠤᠬᠠᠭᠠᠨ ᠮᠡᠷᠭᠡᠵᠢᠯ ᠤᠨ ᠦᠢᠯᠡᠴᠢᠯᠡᠭᠡᠨ ᠤ ᠵᠢᠯᠣᠭᠤᠳᠤᠯᠭ᠎ᠠ᠂ ᠲᠠᠷᠢᠶᠠᠯᠠᠩ ᠤᠨ ᠰᠢᠨᠵᠢᠯᠡᠬᠦ ᠤᠬᠠᠭᠠᠨ ᠮᠡᠷᠭᠡᠵᠢᠯ ᠤᠨ ᠲᠦᠷᠦᠯ ᠵᠦᠢᠯ ᠢ ᠭᠤᠶᠤᠴᠢᠯᠠᠨ ᠮᠡᠳᠡᠭᠦᠯᠬᠦ᠂ ᠲᠠᠷᠢᠶᠠᠯᠠᠩ ᠤᠨ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠬᠤᠪᠢᠷᠠᠭᠤᠯᠬᠤ ᠵᠢᠴᠢ ᠳᠡᠯᠭᠡᠷᠡᠭᠦᠯᠦᠨ ᠬᠡᠷᠡᠭᠯᠡᠬᠦ ᠪᠠ ᠲᠠᠷᠢᠶᠠᠯᠠᠩ ᠤᠨ ᠮᠡᠷᠭᠡᠵᠢᠯ ᠤᠨ ᠴᠢᠳᠠᠪᠤᠷᠢᠲᠠᠨ ᠢᠶᠠᠷ ᠲᠤᠯᠭᠠᠭᠤᠷᠢᠯᠠᠭᠤᠯᠬᠤ ᠲᠠᠯ᠎ᠠ ᠪᠠᠷ ᠰᠢᠨᠵᠢᠯᠡᠬᠦ ᠤᠬᠠᠭᠠᠨ ᠮᠡᠷᠭᠡᠵᠢᠯ ᠤᠨ ᠦᠢᠯᠡᠴᠢᠯᠡᠭᠡᠨ ᠤ ᠲᠦᠪᠰᠢᠨ ᠢ ᠳᠡᠭᠡᠭᠰᠢᠯᠡᠭᠦᠯᠵᠦ᠂ ᠮᠠᠨ ᠤ ᠲᠣᠭᠤᠷᠢᠭ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠪᠠᠲᠤ ᠴᠢᠩᠭ᠎ᠠ ᠰᠢᠨᠵᠢᠯᠡᠬᠦ ᠤᠬᠠᠭᠠᠨ ᠮᠡᠷᠭᠡᠵᠢᠯ ᠤᠨ ᠪᠠᠲᠤᠯᠠᠭ᠎ᠠ ᠬᠠᠩᠭᠠᠨ᠎ᠠ᠃
     ᠢᠷᠡᠯᠲᠡ᠄ ᠬᠤᠲᠣᠩ ᠠᠷᠠᠳ ᠤᠨ ᠲᠣᠭᠤᠷᠢᠭ ᠤᠨ ᠵᠠᠰᠠᠭ ᠤᠨ ᠣᠷᠳᠣᠨ ᠤ ᠠᠯᠪᠠᠨ ᠰᠦᠯᠵᠢᠶ᠎ᠡ
 
ᠢᠷᠡᠯᠲᠡ᠄ ᠬᠤᠲᠤᠩ ᠠᠷᠠᠳ ᠤᠨ ᠲᠣᠭᠤᠷᠢᠭ ᠤᠨ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000611号-1号