︽ᠪᠣᠯᠪᠠᠰᠤᠨ ᠤ ᠦᠢᠯᠡᠳᠦᠯᠭᠡ ᠠᠵᠢᠯᠯᠠᠭ᠎ᠠ ᠳᠡᠭᠡᠷ᠎ᠡ ᠪᠠᠨ ᠶᠠᠪᠤᠭᠳᠠᠨ᠎ᠠ︾ ᠭᠡᠨᠡᠳᠲᠡ ᠤᠰᠤ ᠵᠣᠭᠰᠣᠬᠤ ᠶᠢ ᠲᠦᠷᠭᠡᠨ ᠴᠤᠤᠷᠢᠶᠠᠲᠤᠨ ᠳᠠᠭᠠᠵᠦ ᠤᠰᠤ ᠬᠦᠷᠭᠡᠬᠦ ᠦᠢᠯᠡᠴᠢᠯᠡᠭᠡ ᠠᠷᠠᠳ ᠤᠨ ᠵᠣᠪᠠᠭᠤᠷᠢ ᠶᠢ ᠲᠠᠶᠢᠯᠤᠨ᠎ᠠ
ᠨᠡᠶᠢᠲᠡᠯᠡᠭᠰᠡᠨ ᠴᠠᠭ᠄
2024/3/12
      ᠣᠶᠢᠷ᠎ᠠ ᠶᠢᠨ ᠵᠢᠯ ᠠᠴᠠ᠂ ᠰᠢᠨᠬᠤᠸᠠ ᠪᠠᠷᠠᠭᠤᠨ ᠵᠠᠮ ᠤᠨ ᠵᠡᠭᠡᠯᠢ ᠭᠤᠳᠤᠮᠵᠢ ᠶᠢᠨ ᠬᠢᠨ ᠤᠯᠠᠨ ᠲᠦᠮᠡᠨ ᠤ ︽ᠪᠠᠴᠢᠮᠳᠠᠬᠤ ᠶᠢᠨ ᠠᠷᠭ᠎ᠠ ᠦᠭᠡᠢ ᠵᠣᠪᠠᠭ᠋ᠤ︾ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠠᠷᠠᠳ ᠤᠨ ᠠᠮᠢᠳᠤᠷᠠᠯ ᠤᠨ ᠬᠡᠷᠡᠭᠴᠡᠭᠡ ᠶᠢ ᠬᠠᠩᠭᠠᠬᠤ ᠪᠠ ᠤᠯᠠᠨ ᠲᠦᠮᠡᠨ ᠤ ᠬᠠᠨᠤᠮᠵᠢ ᠶᠢᠨ ᠬᠡᠮᠵᠢᠶ᠎ᠡ ᠶᠢ ᠳᠡᠭᠡᠭᠰᠢᠯᠡᠭᠦᠯᠬᠦ ᠪᠠᠷ ᠠᠵᠢᠯ ᠤᠨ ᠢᠶᠠᠨ ᠵᠣᠷᠢᠯᠲᠠ ᠪᠠ ᠲᠤᠰᠤᠯᠲᠠ ᠪᠠᠨ ᠪᠣᠯᠭᠠᠵᠤ᠂ ︽ᠪᠢ ᠤᠯᠠᠨ ᠲᠦᠮᠡᠨ ᠳᠤ ᠪᠣᠳᠠᠲᠠᠢ ᠶᠠᠪᠤᠳᠠᠯ ᠬᠢᠵᠦ ᠥᠭᠬᠦ︾ ᠦᠢᠯᠡᠳᠦᠯᠭᠡ ᠶᠢᠨ ᠠᠵᠢᠯᠯᠠᠭ᠎ᠠ ᠶᠢᠨ ᠦᠷ᠎ᠡ ᠪᠦᠲᠦᠮᠵᠢ ᠶᠢ ᠲᠠᠰᠤᠷᠠᠯᠳᠡ ᠦᠭᠡᠢ ᠥᠷᠭᠡᠳᠬᠡᠵᠦ᠂ ᠰᠠᠭᠤᠭᠠᠯᠢ ᠠᠷᠠᠳ ᠤᠨ ᠬᠦᠷᠲᠡᠮᠵᠢ ᠶᠢᠨ ᠲᠥᠷᠥᠭᠳᠡᠯ᠂ ᠵᠢᠷᠭᠠᠯᠲᠤ ᠲᠥᠷᠥᠭᠳᠡᠯ᠂ ᠠᠮᠤᠷ ᠲᠦᠪᠰᠢᠨ ᠤ ᠲᠥᠷᠥᠭᠳᠡᠯ ᠢ ᠴᠢᠷᠮᠠᠶᠢᠨ ᠨᠡᠮᠡᠭᠳᠡᠭᠦᠯᠵᠡᠢ᠃
     3 ᠰᠠᠷ᠎ᠠ ᠶᠢᠨ 8 ᠤ ᠡᠳᠦᠷ ᠤᠨ 18 ᠴᠠᠭ ᠤᠨ ᠦᠶ᠎ᠡ ᠪᠠᠷ᠂ ᠴᠠᠬᠢᠯᠭᠠᠨ ᠬᠠᠩᠭᠠᠬᠤ ᠴᠠᠬᠢᠯᠭᠠᠨ ᠲᠣᠣᠷ ᠤᠨ ᠬᠡᠯᠪᠡᠯᠵᠡᠯ ᠭᠠᠷᠤᠭᠰᠠᠨ ᠠᠴᠠ ᠬᠤᠸᠠᠩ ᠬᠤᠶᠠᠳᠤᠭᠠᠷ ᠬᠤᠭᠤᠴᠠᠭᠠᠨ ᠤ ᠤᠰᠤ ᠶᠢ ᠲᠠᠲᠠᠵᠤ ᠬᠠᠩᠭᠠᠬᠤ ᠬᠤᠭᠤᠯᠠᠢ ᠭᠡᠨᠡᠳᠲᠡ ᠳᠡᠯᠪᠡᠷᠡᠵᠦ᠂ ᠶᠢᠨ ᠾᠧ ᠶᠢᠨ ᠤᠰᠤ ᠴᠡᠪᠡᠷᠰᠢᠭᠦᠯᠬᠦ ᠦᠢᠯᠡᠳᠪᠦᠷᠢ ᠶᠢᠨ ᠭᠠᠷᠤᠯᠲᠠ ᠬᠠᠰᠤᠭᠳᠠᠵᠤ᠂ ᠰᠢᠨᠬᠤᠸᠠ ᠪᠠᠷᠠᠭᠤᠨ ᠵᠠᠮ ᠤᠨ ᠵᠡᠭᠡᠯᠢ ᠭᠤᠳᠤᠮᠵᠢ ᠶᠢᠨ ᠬᠠᠷᠢᠶ᠎ᠠ ᠲᠣᠭᠤᠷᠢᠭ ᠤᠨ ᠬᠡᠰᠡᠭ ᠬᠤᠷᠢᠶᠠᠯᠠᠯ ᠳᠤ ᠨᠥᠯᠥᠭᠡᠯᠡᠭᠳᠡᠨ᠂ ᠤᠰᠤ ᠬᠠᠩᠭᠠᠬᠤ ᠳᠠᠷᠤᠯᠲᠠ ᠪᠠᠭᠤᠷᠠᠵᠤ᠂ ᠰᠠᠭᠤᠭᠠᠯᠢ ᠠᠷᠠᠳ ᠤᠨ ᠠᠮᠢᠳᠤᠷᠠᠯ ᠳᠤ ᠲᠤᠶᠢᠯ ᠤᠨ ᠳᠥᠭᠦᠮ ᠦᠭᠡᠢ ᠪᠣᠯᠤᠭᠰᠠᠨ ᠪᠠᠶᠢᠨ᠎ᠠ᠃ ᠡᠨᠡᠬᠦ ᠭᠡᠨᠡᠳᠲᠡ ᠶᠢᠨ ᠪᠠᠶᠢᠳᠠᠯ ᠤᠨ ᠡᠮᠦᠨ᠎ᠡ᠂ ᠰᠢᠨᠬᠤᠸᠠ ᠪᠠᠷᠠᠭᠤᠨ ᠵᠠᠮ ᠤᠨ ᠵᠡᠭᠡᠯᠢ ᠭᠤᠳᠤᠮᠵᠢ ᠪᠠᠴᠢᠮ ᠪᠠᠶᠢᠳᠠᠯ ᠢ ᠠᠷᠭᠠᠴᠠᠬᠤ ᠲᠣᠭᠲᠠᠴᠠ ᠶᠢ ᠲᠡᠷᠡ ᠳᠠᠷᠤᠢ ᠳᠤᠨᠢ ᠡᠬᠢᠯᠡᠨ ᠬᠡᠷᠡᠭᠵᠢᠭᠦᠯᠵᠦ᠂ ᠲᠣᠰᠴᠤ ᠠᠪᠤᠭᠰᠠᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠶᠢ ᠢᠳᠡᠪᠬᠢᠲᠡᠢ ᠪᠠᠷ ᠵᠣᠬᠢᠴᠠᠭᠤᠯᠵᠤ ᠪᠠᠶᠢᠭᠠᠳ ᠬᠠᠷᠢᠶ᠎ᠠ ᠣᠷᠣᠨ ᠤ ᠰᠠᠭᠤᠭᠠᠯᠢ ᠠᠷᠠᠳ ᠲᠤ ᠤᠰᠤ ᠬᠦᠷᠭᠡᠵᠦ ᠬᠦᠴᠢᠷᠳᠡᠯ ᠢ ᠨᠢ ᠰᠢᠢᠳᠪᠦᠷᠢᠯᠡᠵᠡᠢ᠃
     ᠤᠰᠤ ᠵᠣᠭᠰᠣᠭᠰᠠᠨ ᠬᠤᠭᠤᠴᠠᠭᠠᠨ ᠳᠤ᠂ ᠰᠢᠨᠬᠤᠸᠠ ᠪᠠᠷᠠᠭᠤᠨ ᠵᠠᠮ ᠤᠨ ᠵᠡᠭᠡᠯᠢ ᠭᠤᠳᠤᠮᠵᠢ ᠶᠢᠨ ᠡᠯ᠎ᠡ ᠨᠡᠶᠢᠭᠡᠮ ᠲᠣᠭᠤᠷᠢᠭ ᠤᠨ ᠠᠵᠢᠯᠲᠠᠳ ᠡᠷᠦᠬᠡ ᠳᠤ ᠬᠦᠷᠴᠦ ᠰᠤᠷᠪᠤᠯᠵᠢᠯᠠᠬᠤ᠂ ᠤᠲᠠᠰᠤ ᠠᠪᠬᠤ᠂ ᠸᠢᠴᠠᠲ ᠳᠡᠭᠡᠷ᠎ᠡ ᠬᠠᠷᠢᠯᠴᠠᠬᠤ ᠵᠡᠷᠭᠡ ᠠᠷᠭ᠎ᠠ ᠬᠡᠯᠪᠡᠷᠢ ᠪᠠᠷ ᠤᠯᠠᠨ ᠲᠦᠮᠡᠨ ᠤ ᠤᠰᠤ ᠬᠡᠷᠡᠭᠯᠡᠵᠦ ᠪᠠᠶᠢᠭ᠎ᠠ ᠪᠠᠶᠢᠳᠠᠯ ᠢ ᠣᠶᠢᠯᠠᠭᠠᠬᠤ ᠶᠢᠨ ᠬᠠᠮᠲᠤ ᠰᠠᠭᠤᠭᠠᠯᠢ ᠠᠷᠠᠳ ᠲᠤ ᠢᠳᠡᠪᠬᠢᠲᠡᠢ ᠪᠠᠷ ᠲᠠᠶᠢᠯᠪᠤᠷᠢᠯᠠᠯᠲᠠ ᠬᠢᠵᠦ ᠲᠣᠬᠤᠨᠢᠭᠤᠯᠵᠠᠢ᠃ 3 ᠰᠠᠷ᠎ᠠ ᠶᠢᠨ 9 ᠤ ᠣᠷᠣᠢ ᠠᠴᠠ ᠡᠬᠢᠯᠡᠨ᠂ ᠣᠯᠠᠨ ᠤᠰᠤ ᠬᠦᠷᠭᠡᠬᠦ ᠲᠡᠷᠭᠡ ᠪᠦᠯᠦᠭ ᠬᠤᠪᠢᠶᠠᠨ ᠳ᠋ᠠᠴᠢᠩ ᠤᠨ ᠵᠠᠮ ᠤᠨ ᠨᠡᠶᠢᠭᠡᠮ ᠲᠣᠭᠤᠷᠢᠭ᠂ ᠲᠦᠩ ᠳ᠋ᠣᠣ ᠵᠠᠮ ᠤᠨ ᠬᠤᠶᠢᠲᠤ ᠵᠡᠭᠡᠯᠢ ᠶᠢᠨ ᠨᠡᠶᠢᠭᠡᠮ ᠲᠣᠭᠤᠷᠢᠭ ᠵᠢᠴᠢ ᠵᠠᠨ ᠪᠧᠢ ᠵᠠᠮ ᠤᠨ ᠨᠡᠶᠢᠭᠡᠮ ᠲᠣᠭᠤᠷᠢᠭ ᠲᠤ ᠬᠦᠷᠴᠡᠢ᠃ ᠰᠠᠭᠤᠭᠠᠯᠢ ᠠᠷᠠᠳ ᠨᠡᠶᠢᠭᠡᠮ ᠲᠣᠭᠤᠷᠢᠭ ᠤᠨ ᠠᠵᠢᠯᠲᠠᠨ ᠵᠢᠴᠢ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠭᠠᠵᠠᠷ ︵ᠥᠷᠲᠡᠭᠡ︶ ᠤᠨ ᠰᠠᠶᠢᠨ ᠳᠤᠷ᠎ᠠ ᠶᠢᠨ ᠠᠵᠢᠯᠯᠠᠭᠴᠢ ᠶᠢᠨ ᠵᠢᠯᠣᠭᠤᠳᠤᠯᠭ᠎ᠠ ᠳᠣᠣᠷ᠎ᠠ᠂ ᠮᠥᠷᠯᠡᠨ ᠵᠢᠭᠰᠠᠵᠤ ᠤᠰᠤ ᠲᠤᠰᠴᠤ᠂ ᠲᠤᠬᠠᠢ ᠶᠢᠨ ᠲᠠᠯᠠᠪᠤᠷ ᠲᠤ ᠡᠮᠬᠢ ᠳᠢᠭᠯᠢᠮ ᠲᠠᠢ ᠪᠠᠶᠢᠨ᠎ᠠ᠃ ᠰᠠᠭᠤᠭᠠᠯᠢ ᠠᠷᠠᠳ ᠢ ᠵᠣᠬᠢᠶᠠᠨ ᠪᠠᠶᠢᠭᠤᠯᠵᠤ ᠲᠣᠭᠲᠠᠭᠰᠠᠨ ᠭᠠᠵᠠᠷ ᠲᠤ ᠤᠰᠤ ᠠᠪᠤᠭᠤᠯᠬᠤ ᠠᠴᠠ ᠭᠠᠳᠠᠨ᠎ᠠ᠂ ᠨᠡᠶᠢᠭᠡᠮ ᠲᠣᠭᠤᠷᠢᠭ ᠤᠨ ᠭᠠᠭᠴᠠᠭᠠᠷ ᠰᠠᠭᠤᠭ᠎ᠠ᠂ ᠬᠥᠳᠡᠯᠵᠦ ᠪᠠᠷᠢᠬᠤ ᠳᠤ ᠳᠥᠭᠦᠮ ᠦᠭᠡᠢ ᠨᠠᠰᠤᠲᠠᠶᠢᠴᠤᠳ ᠢ ᠬᠠᠷᠠᠭᠠᠯᠵᠠᠬᠤ ᠶᠢᠨ ᠲᠥᠯᠥᠭᠡ᠂ ᠡᠯ᠎ᠡ ᠨᠡᠶᠢᠭᠡᠮ ᠲᠣᠭᠤᠷᠢᠭ ᠤᠨ ᠬᠢᠨ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠭᠠᠵᠠᠷ ︵ᠥᠷᠲᠡᠭᠡ︶ ᠲᠤ ᠲᠦᠰᠢᠭᠯᠡᠨ ᠰᠠᠶᠢᠨ ᠳᠤᠷ᠎ᠠ ᠶᠢᠨ ᠠᠵᠢᠯᠯᠠᠭᠰᠠᠳ ᠢ ᠵᠣᠬᠢᠶᠠᠨ ᠪᠠᠶᠢᠭᠤᠯᠵᠤ᠂ ᠤᠰᠤ ᠶᠢ ᠭᠡᠷ ᠲᠤᠨᠢ ᠬᠦᠷᠭᠡᠬᠦ ᠰᠠᠶᠢᠨ ᠳᠤᠷ᠎ᠠ ᠶᠢᠨ ᠠᠵᠢᠯᠯᠠᠭᠰᠠᠳ ᠤᠨ ᠦᠢᠯᠡᠴᠢᠯᠡᠭᠡᠨ ᠤ ᠠᠵᠢᠯᠯᠠᠭ᠎ᠠ ᠶᠢ ᠥᠷᠨᠢᠭᠦᠯᠵᠦ᠂ ᠰᠠᠭᠤᠭᠠᠯᠢ ᠠᠷᠠᠳ ᠤᠨ ᠲᠤᠯᠭᠠᠮ᠎ᠠ ᠠᠰᠠᠭᠤᠳᠠᠯ ᠢ ᠥᠨᠳᠥᠷ ᠪᠦᠲᠦᠮᠵᠢᠲᠡᠶ ᠪᠠᠷ ᠰᠢᠢᠳᠪᠦᠷᠢᠯᠡᠭᠰᠡᠨ ᠪᠠᠶᠢᠨ᠎ᠠ᠃
     ᠣᠳᠣᠬᠠᠨ ᠳᠤ ᠬᠠᠷᠢᠶ᠎ᠠ ᠲᠣᠭᠤᠷᠢᠭ ᠤᠨ ᠰᠠᠭᠤᠭᠠᠯᠢ ᠠᠷᠠᠳ ᠤᠨ ᠤᠰᠤ ᠬᠡᠷᠡᠭᠯᠡᠬᠦ ᠠᠰᠠᠭᠤᠳᠠᠯ ᠢ ᠨᠢᠭᠡᠨᠲᠡ ᠵᠣᠬᠢᠰᠲᠠᠢ ᠰᠢᠢᠳᠪᠦᠷᠢᠯᠡᠵᠦ᠂ ᠰᠢᠨᠬᠤᠸᠠ ᠪᠠᠷᠠᠭᠤᠨ ᠵᠠᠮ ᠤᠨ ᠵᠡᠭᠡᠯᠢ ᠭᠤᠳᠤᠮᠵᠢ ᠪᠠ ᠨᠡᠶᠢᠭᠡᠮ ᠲᠣᠭᠤᠷᠢᠭ ᠤᠨ ᠬᠢᠨ ᠥᠨᠳᠥᠷ ᠲᠦᠷᠭᠡᠨ ᠴᠤᠤᠷᠢᠶᠠᠲᠤᠨ ᠳᠠᠭᠠᠵᠤ᠂ ᠪᠠᠴᠢᠮ ᠲᠦᠷᠭᠡᠨ ᠰᠢᠢᠳᠪᠦᠷᠢᠯᠡᠨ᠂ ᠡᠯ᠎ᠡ ᠲᠠᠯ᠎ᠠ ᠶᠢᠨ ᠬᠦᠴᠦᠨ ᠢ ᠵᠣᠬᠢᠴᠠᠭᠤᠯᠵᠤ᠂ ᠬᠦᠴᠦ ᠪᠠᠨ ᠬᠠᠮᠲᠤᠳᠬᠠᠨ ᠬᠠᠮᠵᠢᠯᠴᠠᠵᠤ᠂ ᠰᠠᠭᠤᠭᠠᠯᠢ ᠠᠷᠠᠳ ᠤᠨ ᠠᠮᠢᠳᠤᠷᠠᠯ ᠳᠤ ᠦᠵᠡᠭᠦᠯᠬᠦ ᠨᠥᠯᠥᠭᠡ ᠶᠢ ᠬᠠᠮᠤᠭ ᠤᠨ ᠳᠣᠣᠷ᠎ᠠ ᠬᠡᠮᠵᠢᠶᠡᠨ ᠳᠤ ᠬᠦᠷᠲᠡᠯ᠎ᠡ ᠪᠠᠭᠠᠰᠬᠠᠬᠤ ᠪᠠᠷ ᠴᠢᠷᠮᠠᠶᠢᠵᠤ ᠪᠠᠶᠢᠨ᠎ᠠ᠃ ᠳᠠᠷᠠᠭᠠᠴᠢ ᠶᠢᠨ ᠠᠯᠬᠤᠮ ᠳᠤ᠂ ᠰᠢᠨᠬᠤᠸᠠ ᠪᠠᠷᠠᠭᠤᠨ ᠵᠠᠮ ᠤᠨ ᠵᠡᠭᠡᠯᠢ ᠭᠤᠳᠤᠮᠵᠢ ᠶᠢᠨ ᠬᠢᠨ ᠬᠠᠷᠢᠶ᠎ᠠ ᠣᠷᠣᠨ ᠤ ᠪᠠᠨ ᠰᠠᠭᠤᠭᠠᠯᠢ ᠠᠷᠠᠳ ᠤᠨ ᠪᠣᠳᠠᠲᠠᠢ ᠬᠡᠷᠡᠭᠴᠡᠭᠡ ᠶᠢ ᠴᠠᠭ ᠢᠮᠠᠭᠲᠠ ᠠᠩᠬᠠᠷᠴᠤ᠂ ᠡᠯ᠎ᠡ ᠵᠦᠢᠯ ᠤᠨ ᠦᠢᠯᠡᠴᠢᠯᠡᠭᠡ ᠪᠠᠲᠤᠯᠠᠭ᠎ᠠ ᠶᠢᠨ ᠠᠵᠢᠯ ᠢ ᠪᠣᠳᠠᠲᠠᠢ ᠪᠥᠭᠡᠳ ᠨᠠᠷᠢᠯᠢᠭ ᠬᠢᠵᠦ᠂ ᠰᠠᠭᠤᠭᠠᠯᠢ ᠠᠷᠠᠳ ᠤᠨ ᠠᠮᠢᠳᠤᠷᠠᠯ ᠤᠨ ᠬᠡᠪ ᠤᠨ ᠡᠷᠭᠢᠯᠲᠡ ᠶᠢ ᠪᠦᠬᠦ ᠬᠦᠴᠦᠨ ᠢᠶᠠᠷ ᠢᠶᠠᠨ ᠪᠠᠲᠤᠯᠠᠨ᠎ᠠ︕      ᠢᠷᠡᠯᠲᠡ᠄ ᠬᠤᠲᠣᠩ ᠠᠷᠠᠳ ᠤᠨ ᠲᠣᠭᠤᠷᠢᠭ ᠤᠨ ᠵᠠᠰᠠᠭ ᠤᠨ ᠣᠷᠳᠣᠨ ᠤ ᠠᠯᠪᠠᠨ ᠰᠦᠯᠵᠢᠶ᠎ᠡ
 
ᠢᠷᠡᠯᠲᠡ᠄ ᠬᠤᠲᠤᠩ ᠠᠷᠠᠳ ᠤᠨ ᠲᠣᠭᠤᠷᠢᠭ ᠤᠨ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000611号-1号